ᠦᠴᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/8/15
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ 8 ᠰᠠᠷ᠎ᠠ ᠶᠢᠨ 11  ᠤ ᠡᠳᠦᠷ᠂ ᠦᠴᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠪᠦᠬᠦ ᠺᠠᠳ᠋ᠷᠴᠤᠳ ᠢ ᠵᠣᠬᠢᠶᠠᠨ ᠪᠠᠶᠢᠭᠤᠯᠵᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠡᠢ᠃      ᠠᠵᠢᠯᠯᠠᠭ᠎ᠠ ᠡᠬᠢᠯᠡᠬᠦ ᠳᠤ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠭᠤᠣᠯ ᠬᠠᠷᠢᠭᠤᠴᠠᠯᠭᠠᠲᠠᠨ ᠨᠥᠬᠦᠳ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠦᠨᠳᠦᠰᠦᠲᠡᠨ ᠤ ᠪᠦᠯᠬᠦᠮᠳᠡᠯ ᠤᠨ ᠦᠷ᠎ᠡ ᠪᠦᠬᠦᠨ ᠤ ᠰᠡᠳᠬᠢᠯ ᠨᠢᠭᠡᠲᠡᠢ ᠳᠤ ᠡᠮᠡᠭᠲᠡᠶᠢᠴᠦᠳ ᠤᠨ ᠬᠦᠴᠦᠨ ᠢ ᠨᠢᠭᠲᠠᠷᠠᠭᠤᠯᠤᠶ᠎ᠠ︾ ᠭᠡᠬᠦ ᠰᠡᠳᠦᠪ ᠢᠶᠠᠷ ᠪᠦᠬᠦ ᠺᠠᠳ᠋ᠷᠴᠤᠳ ᠲᠤ ᠠᠮᠢᠳᠤᠯᠢᠭ ᠨᠠᠮ ᠤᠨ ᠬᠢᠴᠢᠶᠡᠯ ᠣᠷᠣᠪᠠ᠃ ᠰᠤᠷᠤᠯᠴᠠᠬᠤ ᠪᠠᠷ ᠲᠠᠮᠵᠢᠨ᠂ ᠤᠯᠠᠨ ᠢᠶᠠᠷ ᠢᠶᠠᠨ ᠲᠦᠷᠦ ᠶᠢᠨ ᠪᠣᠳᠣᠯᠭ᠎ᠠ ᠶᠢᠨ ᠰᠤᠳᠠᠰᠤ ᠶᠢ ᠤᠯᠠᠮ ᠨᠢᠭᠡ ᠠᠯᠬᠤᠮ ᠡᠮᠬᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠣᠶᠢᠯᠠᠭᠠᠬᠤ ᠪᠠ ᠰᠢᠩᠭᠡᠬᠡᠨ ᠠᠪᠬᠤ ᠪᠠᠨ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠠ ᠠᠵᠢᠯᠯᠠᠭᠠᠨ ᠤ ᠤᠬᠠᠮᠰᠠᠷ ᠢᠶᠠᠨ ᠳᠡᠭᠡᠭᠰᠢᠯᠡᠭᠦᠯᠵᠡᠢ᠃
     ᠳᠠᠷᠠᠭ᠎ᠠ ᠳᠤᠨᠢ᠂ ᠪᠦᠬᠦ ᠺᠠᠳ᠋ᠷᠴᠤᠳ︽ᠰᠦᠨ ᠳᠠᠯᠠᠢ ᠶᠢᠨ ᠵᠡᠷᠭᠡᠯᠭᠡ︾ ᠢ ᠲᠥᠪᠯᠡᠷᠡᠭᠦᠯᠦᠨ ᠰᠣᠨᠢᠷᠬᠠᠪᠠ᠃ ᠲᠣᠰ ᠺᠢᠨᠣ᠋ ᠶᠢ ᠦᠨᠡᠨ ᠪᠣᠳᠠᠲᠠᠢ ᠲᠡᠦᠬᠡᠨ ᠬᠡᠷᠡᠭ ᠶᠠᠪᠤᠳᠠᠯ ᠢ ᠦᠨᠳᠦᠰᠦᠯᠡᠨ ᠥᠭᠡᠷᠡᠴᠢᠯᠡᠨ ᠨᠠᠶᠢᠷᠠᠭᠤᠯᠵᠤ᠂ ᠲᠠᠯ᠎ᠠ ᠨᠤᠲᠤᠭ ᠤᠨ ᠡᠵᠢ ᠬᠢᠭᠡᠳ ᠤᠯᠤᠰ ᠤᠨ ᠬᠡᠦᠬᠡᠳ ᠤᠨ ᠣᠨᠴᠠᠭᠠᠶ ᠣᠨ ᠰᠠᠷ᠎ᠠ ᠳᠤ ᠭᠠᠵᠠᠷ ᠣᠷᠣᠨ ᠪᠠ ᠦᠨᠳᠦᠰᠦᠲᠡᠨ ᠠᠯᠤᠰᠯᠠᠭᠰᠠᠨ ᠴᠢᠩ ᠦᠨᠡᠨᠴᠢ ᠰᠡᠳᠬᠢᠯᠭᠡ ᠶᠢ ᠳᠡᠯᠭᠡᠨ ᠦᠵᠡᠭᠦᠯᠵᠦ᠂ ᠦᠨᠳᠦᠰᠦᠲᠡᠨ ᠪᠦᠯᠬᠦᠮᠳᠡᠯ ᠲᠠᠢ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠰᠡᠳᠬᠢᠯ ᠬᠥᠳᠡᠯᠭᠡᠮ᠎ᠡ ᠰᠠᠶᠢᠬᠠᠨ ᠳᠠᠭᠤᠷᠢᠰᠬᠠᠯ ᠢ ᠵᠢᠷᠤᠭᠯᠠᠭᠰᠠᠨ ᠪᠠᠶᠢᠨ᠎ᠠ᠃
     ᠠᠵᠢᠯᠯᠠᠭ᠎ᠠ ᠶᠢᠨ ᠡᠴᠦᠰ ᠲᠤ᠂ ᠣᠯᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠦᠨᠡᠨᠴᠢ ᠦᠢᠯᠡᠳᠦᠯᠭᠡᠵᠢᠭᠦᠯᠦᠭᠴᠢ ᠪᠠ ᠠᠬᠢᠭᠤᠯᠤᠭᠴᠢ ᠪᠣᠯᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠤ ᠰᠠᠭᠤᠷᠢᠯᠠᠵᠤ᠂ ᠪᠦᠬᠦ ᠰᠢᠶᠠᠨ ᠤ ᠥᠷᠭᠡᠨ ᠤᠯᠠᠨ ᠡᠮᠡᠭᠲᠡᠶᠢᠴᠦᠳ ᠤᠯᠠᠨ ᠲᠦᠮᠡᠨ ᠢ ᠬᠥᠲᠥᠯᠥᠨ ᠳᠠᠭᠠᠭᠤᠯᠵᠤ ᠨᠠᠮ ᠤᠨ ᠠᠴᠢ ᠶᠢ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃          ᠢᠷᠡᠯᠲᠡ᠄ ᠦᠴᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠶᠢᠲᠡ ᠶᠢᠨ ᠳ᠋ᠤᠭᠠᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号