ᠶᠠᠩ ᠰᠢᠩ ᠱᠧᠩ ᠦᠴᠦᠸᠠᠨ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/8/15
     8 ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠠᠷᠠᠭᠤᠯ ᠪᠠᠯᠭᠠᠰᠤ᠂ ᠬᠤᠭᠤᠯᠠᠢ ᠠᠭᠤᠯᠠ ᠰᠢᠶᠠᠩ᠂ ᠬᠦᠬᠡ ᠡᠷᠭᠢ ᠪᠠᠯᠭᠠᠰᠤᠨ ᠳᠤ ᠭᠦᠨᠵᠡᠭᠡᠶᠢᠷᠡᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃      ᠬᠠᠷᠠᠭᠤᠯ ᠪᠠᠯᠭᠠᠰᠤᠨ ᠤ ᠳᠡᠷᠡᠰᠦᠲᠦ ᠶᠢᠨ ᠠᠶᠢᠯ ᠲᠣᠰᠬᠤᠨ ᠳᠤ᠂ ᠶᠠᠩ ᠰᠢᠩ ᠱᠧᠩ ᠨᠠᠷ ᠳᠡᠷᠡᠰᠦᠲᠦ ᠶᠢᠨ ᠠᠶᠢᠯ ᠵᠢᠶᠠ ᠳ᠋ᠧᠩ ᠺᠧ ᠶᠢᠨ ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠣᠷᠣᠨ ᠳᠤ ᠪᠠᠶᠢᠴᠠᠭᠠᠨ ᠰᠤᠳᠤᠯᠤᠯᠲᠠ ᠬᠢᠵᠦ᠂ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ᠂ ᠪᠦᠬᠦ ᠤᠯᠤᠰ ᠤᠨ ᠨᠣᠭᠤᠭᠠᠷᠠᠭᠤᠯᠤᠯᠲᠠ ᠶᠢᠨ ᠱᠠᠩᠨᠠᠯ ᠤᠨ ᠲᠡᠮᠳᠡᠭ ᠬᠦᠷᠳᠡᠭᠴᠢ ᠵᠢᠶᠠ ᠳ᠋ᠧᠩ ᠺᠧ ᠶᠢ ᠡᠷᠬᠢᠨ ᠦᠵᠡᠵᠦ ᠲᠣᠬᠤᠨᠢᠭᠤᠯᠵᠠᠢ᠃ ᠶᠠᠩ ᠰᠢᠩ ᠱᠧᠩ ᠦᠴᠦᠸᠠᠨ ᠰᠢᠶᠠᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠪᠣᠯᠤᠭᠰᠠᠨ ᠤ ᠬᠤᠪᠢ ᠳᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠪᠣᠯ ᠪᠦᠬᠦ ᠰᠢᠶᠠᠨ ᠤ ᠡᠷᠬᠡᠪᠰᠢ ᠪᠠᠲᠤ ᠰᠠᠬᠢᠬᠤ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠮᠥᠨ᠂ ᠨᠡᠩ ᠴᠤ ᠡᠷᠬᠡᠪᠰᠢ ᠪᠠᠲᠤ ᠴᠢᠩᠭ᠎ᠠ ᠡᠭᠦᠷᠭᠡᠯᠡᠬᠦ ᠤᠯᠤᠰ ᠲᠦᠷᠦ ᠶᠢᠨ ᠬᠠᠷᠢᠭᠤᠴᠠᠯᠭ᠎ᠠ ᠭᠡᠵᠦ ᠵᠢᠭᠠᠵᠤ ᠭᠠᠷᠭᠠᠪᠠ᠃
     ᠵᠢᠶᠠ ᠳ᠋ᠧᠩ ᠺᠧ ᠶᠢᠨ ᠭᠡᠷ ᠲᠤ᠂ ᠶᠠᠩ ᠰᠢᠩ ᠱᠧᠩ ᠵᠢᠶᠠ ᠳ᠋ᠧᠩ ᠺᠧ ᠲᠠᠢ ᠳᠣᠲᠣᠨᠣᠰᠤᠭ ᠢᠶᠠᠷ ᠶᠠᠷᠢᠯᠴᠠᠵᠤ᠂ ᠲᠡᠭᠦᠨ ᠤ ᠪᠡᠶ᠎ᠡ ᠶᠢᠨ ᠪᠠᠶᠢᠳᠠᠯ᠂ ᠠᠮᠢᠳᠤᠷᠠᠯ ᠤᠨ ᠪᠠᠶᠢᠳᠠᠯ ᠪᠣᠯᠣᠨ ᠭᠤᠣᠯ ᠦᠢᠯᠡ ᠶᠠᠪᠤᠳᠠᠯ ᠢ ᠨᠠᠷᠢᠨ ᠣᠶᠢᠯᠠᠭᠠᠭᠰᠠᠨ ᠪᠥᠭᠡᠳ ᠵᠢᠶᠠ ᠳ᠋ᠧᠩ ᠺᠧ ᠶᠢᠨ ᠤᠯᠠᠨ ᠵᠢᠯ ᠤᠨ ᠲᠤᠷᠰᠢ ᠲᠤᠬᠠᠢ ᠶᠢᠨ ᠭᠠᠵᠠᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠦᠵᠡᠭᠦᠯᠦᠭᠰᠡᠨ ᠭᠠᠷᠮᠠᠭᠠᠢ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠬᠤᠯᠪᠣᠭᠳᠠᠯ ᠪᠦᠬᠦᠢ ᠰᠢᠶᠠᠩ ᠪᠠᠯᠭᠠᠰᠤ ᠪᠣᠯᠣᠨ ᠰᠠᠯᠠᠭ᠎ᠠ ᠮᠥᠢᠷ ᠢ ᠬᠠᠯᠠᠮᠵᠢᠯᠠᠨ ᠬᠠᠶᠢᠷᠠᠯᠠᠵᠤ᠂ ᠰᠡᠳᠬᠢᠯ ᠲᠠᠯᠪᠢᠨ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠵᠠᠬᠢᠪᠠ᠃ ᠶᠠᠩ ᠰᠢᠩ ᠱᠧᠩ ᠪᠦᠬᠦ ᠰᠢᠶᠠᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠵᠢᠶᠠ ᠳ᠋ᠧᠩ ᠺᠧ ᠶᠢᠨ ᠠᠮᠢ ᠠᠬᠤᠢ ᠶᠢ ᠬᠠᠮᠠᠭᠠᠯᠠᠬᠤ ᠶᠢᠨ ᠲᠥᠯᠥᠭᠡ ᠬᠦᠴᠢᠷ ᠢ ᠳᠠᠪᠠᠨ᠂ ᠲᠡᠰᠪᠦᠷᠢ ᠬᠠᠲᠠᠭᠤᠵᠢᠯᠲᠠᠢ ᠲᠡᠮᠡᠴᠡᠬᠦ ᠰᠢᠯᠢᠳᠡᠭ ᠵᠠᠩ ᠰᠤᠷᠲᠠᠯ ᠢ ᠰᠤᠷᠤᠯᠴᠠᠵᠤ᠂ ᠠᠮᠢ ᠠᠬᠤᠢ ᠶᠢ ᠰᠡᠷᠭᠦᠭᠡᠨ ᠵᠠᠰᠠᠬᠤ ᠡᠯ᠎ᠡ ᠵᠦᠢᠯ ᠤᠨ ᠠᠵᠢᠯ ᠢ ᠲᠤᠤᠱᠲᠠᠢ ᠠᠳᠬᠤᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠬᠤ ᠬᠡᠷᠡᠭᠲᠡᠢ ᠭᠡᠵᠦ ᠱᠠᠭᠠᠷᠳᠠᠪᠠ᠃
      ᠳᠠᠷᠠᠭ᠎ᠠ ᠳᠤᠨᠢ᠂ ᠶᠠᠩ ᠰᠢᠩ ᠱᠧᠩ ᠨᠠᠷ ᠬᠤᠭᠤᠯᠠᠢ ᠠᠭᠤᠯᠠ ᠰᠢᠶᠠᠩ ᠤᠨ ᠳ᠋ᠠ ᠳ᠋ᠧᠦ ᠫᠦ᠋ ᠲᠣᠰᠬᠤᠨ ᠤ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠠᠵᠢᠯ᠂ ᠪᠣᠷᠳᠣᠭᠤᠷ ᠢ ᠬᠢᠵᠠᠭᠠᠷᠯᠠᠬᠤ᠂ ᠡᠮ ᠤᠨ ᠵᠦᠢᠯᠡᠰ ᠢ ᠬᠢᠵᠠᠭᠠᠷᠯᠠᠬᠤ᠂ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠵᠡᠷᠭᠡ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠴᠡᠭᠴᠡᠯᠡᠨ ᠵᠠᠰᠠᠬᠤ ᠠᠵᠢᠯ ᠵᠢᠴᠢ ᠬᠦᠬᠡ ᠡᠷᠭᠢ ᠪᠠᠯᠭᠠᠰᠤᠨ ᠤ ᠳ᠋ᠢᠩ ᠰᠢᠶᠠᠩ ᠶᠢᠩ ᠺᠤᠸᠠᠨ ᠲᠠᠨ ᠽᠢ ᠲᠣᠰᠬᠤᠨ ᠤ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠠᠵᠢᠯ ᠢ ᠪᠠᠶᠢᠴᠠᠭᠠᠨ ᠰᠤᠳᠤᠯᠵᠠᠢ᠃ ᠲᠡᠷᠡ ᠪᠠᠶᠢᠴᠠᠭᠠᠨ ᠰᠢᠯᠭᠠᠬᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠠᠷᠢᠶᠠᠴᠢᠳ ᠲᠤ ᠰᠠᠶᠢᠲᠤᠷ ᠤᠬᠠᠭᠤᠯᠭ᠎ᠠ ᠬᠢᠵᠦ᠂ ᠲᠤᠷᠰᠢᠯᠲᠠ ᠶᠢᠨ ᠲᠠᠰᠤᠭ ᠤᠨ ᠰᠢᠯᠢᠳᠡᠭ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠬᠡᠷᠡᠭᠲᠡᠢ᠂ ᠲᠤᠰᠬᠠᠢ ᠮᠡᠷᠭᠡᠵᠢᠯᠲᠡᠨ ᠪᠣᠯᠣᠨ ᠮᠡᠷᠭᠡᠵᠢᠯ ᠤᠨ ᠠᠵᠢᠯᠲᠠᠳ ᠮᠡᠷᠭᠡᠵᠢᠯ ᠤᠨ ᠵᠢᠯᠣᠭᠤᠳᠤᠯᠭ᠎ᠠ ᠪᠠᠨ ᠰᠠᠶᠢᠲᠤᠷ ᠬᠢᠵᠦ᠂ ᠲᠠᠷᠢᠶᠠᠴᠢᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠤᠰᠬᠠᠢ ᠮᠡᠷᠭᠡᠵᠢᠯ ᠤᠨ ᠲᠦᠪᠰᠢᠨ ᠢᠶᠠᠨ ᠳᠡᠭᠡᠭᠰᠢᠯᠡᠭᠦᠯᠵᠦ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠵᠡᠷᠭᠡ ᠠᠷᠠᠳ ᠤᠨ ᠠᠮᠢᠳᠤᠷᠠᠯ ᠤᠨ ᠲᠦᠷᠦᠯ ᠵᠦᠢᠯ ᠤᠨ ︽ᠬᠠᠯᠠᠭᠤᠨ︾ ᠢ ᠳᠡᠭᠡᠭᠰᠢᠯᠡᠭᠦᠯᠵᠦ᠂ ᠵᠠᠷᠤᠳᠠᠯ ᠢ ᠪᠠᠭᠤᠷᠠᠭᠤᠯᠬᠤ ᠶᠢ ᠪᠠᠲᠤᠯᠠᠵᠤ᠂ ᠤᠯᠠᠨ ᠲᠦᠮᠡᠨ ᠳᠤ ᠦᠨᠡᠨᠬᠦ ᠠᠰᠢᠭ ᠬᠦᠷᠲᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠡᠭᠦᠨ ᠠᠴᠠ ᠭᠠᠳᠠᠨ᠎ᠠ᠂ ᠶᠠᠩ ᠰᠢᠩ ᠱᠧᠩ ᠨᠠᠷ ᠪᠠᠰᠠ ᠲᠤᠬᠠᠢ ᠶᠢᠨ ᠲᠠᠯᠠᠪᠤᠷ ᠲᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠪᠣᠬᠢᠷ ᠤᠰᠤ ᠶᠢ ᠰᠢᠢᠳᠪᠦᠷᠢᠯᠡᠭᠰᠡᠨ ᠵᠢᠴᠢ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃ ᠲᠡᠷᠡ ᠲᠣᠭᠲᠠᠴᠠ ᠶᠢ ᠴᠢᠨᠠᠭᠰᠢᠳᠠ ᠪᠦᠷᠢᠨᠰᠢᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠭᠤᠯᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠦᠶᠡᠷ ᠤᠨ ᠬᠤᠭᠤᠴᠠᠭ᠎ᠠ ᠵᠡᠷᠭᠡ ᠵᠠᠩᠭᠢᠯᠠᠭ᠎ᠠ ᠶᠢᠨ ᠴᠡᠭ ᠲᠤ ᠴᠢᠭᠯᠡᠭᠦᠯᠦᠨ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠢᠳᠡᠪᠬᠢᠲᠡᠢ ᠠᠷᠭᠠᠴᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠡᠭᠦᠨ ᠤ ᠬᠠᠮᠲᠤ᠂ ᠤᠰᠤᠨ ᠤ ᠴᠢᠨᠠᠷ ᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠮᠠᠨ ᠤ ᠰᠢᠶᠠᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢᠶᠠᠨ ᠤ ᠤᠳᠤᠷᠢᠳᠤᠯᠭ᠎ᠠ ᡁᠢ ᠵᠢᠶᠠᠨ ᠭᠠᠩ᠂ ᠵᠠᠩ ᠵᠢᠶᠧ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号