ᠬᠠᠳᠠ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/15
     8 ᠰᠠᠷ᠎ᠠ ᠶᠢᠨ 11 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠰᠢᠶᠠᠨ ᠤ ᠳᠠᠷᠤᠭ᠎ᠠ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃      ᠵᠢᠯ ᠤᠨ ᠡᠬᠢᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠳᠣᠷᠬᠠᠶᠢᠯᠠᠭᠰᠠᠨ ᠠᠵᠢᠯ ᠪᠠ ᠠᠷᠠᠳ ᠤᠨ ᠠᠮᠢᠳᠤᠷᠠᠯ ᠤᠨ ᠵᠦᠢᠯᠡᠰ ᠤᠨ ᠡᠭᠦᠷᠭᠡᠯᠡᠯ ᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠶᠠᠷᠢᠯᠴᠠᠨ ᠰᠣᠨᠣᠰᠪᠠ᠃      ᠬᠤᠷᠠᠯ ᠠᠴᠠ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠲᠠᠢ ᠠᠵᠢᠯ ᠢᠶᠠᠨ ᠲᠣᠳᠣᠷᠬᠠᠶᠢᠯᠠᠵᠤ᠂ ᠠᠬᠢᠴᠠ ᠶᠣᠰᠣᠭᠠᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠢᠨᠵᠧᠨᠧᠷᠢᠩ ᠢ ᠦᠨᠡᠨᠬᠦ ᠴᠢᠩᠭ᠎ᠠ ᠠᠳᠬᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠷᠭᠡ ᠲᠠᠢ ᠬᠠᠷᠢᠴᠠᠭᠤᠯᠵᠤ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠡᠷᠡᠭᠵᠢᠭᠦᠯᠬᠦ ᠠᠬᠢᠴᠠ ᠶᠢ ᠵᠣᠬᠢᠰᠲᠠᠢ ᠲᠥᠯᠥᠪᠵᠢᠭᠦᠯᠵᠦ᠂ ᠡᠯ᠎ᠡ ᠵᠦᠢᠯ ᠤᠨ ᠵᠢᠱᠢᠭᠰᠡᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠬᠦ ᠶᠢ ᠪᠠᠲᠤᠯᠠᠵᠤ᠂ ᠪᠦᠬᠦ ᠰᠢᠶᠠᠨ ᠤ ᠠᠵᠤ ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ ᠠᠵᠢᠯᠯᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号