ᠦᠴᠦᠸᠠᠨ ᠰᠢᠶᠠᠨ 2023 ᠣᠨ ᠤ ᠣᠶᠤᠲᠠᠳ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ ᠤᠨ ᠲᠤᠰᠬᠠᠢ ᠠᠵᠢᠯᠯᠠᠭ᠎ᠠ ᠵᠢᠴᠢ ᠨᠠᠮᠤᠷ ᠤᠨ ᠲᠣᠮᠣ ᠬᠡᠯᠪᠡᠷᠢ ᠶᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠡᠷᠭᠢᠯᠡᠪᠡ
ᠨᠡᠶᠢᠲᠡᠯᠡᠭᠰᠡᠨ ᠴᠠᠭ᠄
2023/8/15
      ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠪᠥᠬᠦ ᠲᠠᠯ᠎ᠠ ᠶᠢᠨ ᠦᠢᠯᠡᠴᠢᠯᠡᠭᠡ ᠶᠢ ᠲᠦᠯᠬᠢᠨ ᠠᠬᠢᠭᠤᠯᠵᠤ᠂ ᠨᠠᠩ ᠴᠢᠨᠠᠷ ᠰᠠᠶᠢᠲᠠᠢ ᠠᠵᠢᠯ ᠣᠯᠭᠤᠯᠲᠠ ᠶᠢ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 13 ᠤ ᠡᠳᠦᠷ᠂ ᠦᠴᠦᠸᠠᠨ ᠰᠢᠶᠠᠨ ︽ᠬᠦᠬᠡᠬᠤᠲᠠ ᠳᠤ ᠠᠵᠢᠯ ᠣᠯᠵᠤ ᠢᠷᠡᠭᠡᠳᠦᠢ ᠪᠠᠨ ᠴᠣᠭᠴᠠᠯᠠᠶ᠎ᠠ︾ ᠭᠡᠬᠦ ᠭᠤᠣᠯ ᠰᠡᠳᠦᠪᠲᠦ 2023 ᠣᠨ ᠤ ᠣᠶᠤᠲᠠᠳ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ ᠤᠨ ᠲᠤᠰᠬᠠᠢ ᠠᠵᠢᠯᠯᠠᠭ᠎ᠠ ᠵᠢᠴᠢ ᠨᠠᠮᠤᠷ ᠤᠨ ᠲᠣᠮᠣ ᠬᠡᠯᠪᠡᠷᠢ ᠶᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠬᠦ ᠴᠤᠭᠯᠠᠭᠠᠨ ᠢ ᠡᠷᠭᠢᠯᠡᠪᠡ᠃
     ᠲᠤᠰ ᠠᠵᠢᠯᠯᠠᠭ᠎ᠠ ᠶᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠬᠡᠯᠪᠡᠷᠢ ᠪᠠᠷ ᠶᠠᠪᠤᠭᠳᠠᠭᠤᠯᠵᠤ᠂ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠠᠵᠢᠯᠯᠠᠭ᠎ᠠ ᠶᠢ ︽ᠦᠴᠦᠸᠠᠨ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠲᠢᠭ᠋ ᠲᠤᠭ︾ ᠪᠠ ︽ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠠᠯᠪᠠᠨ ᠤ ᠰᠦᠯᠵᠢᠶ᠎ᠡ︾ ᠪᠠᠷ ᠳᠠᠮᠵᠢᠭᠤᠯᠤᠨ ᠠᠵᠢᠯᠲᠠᠨ ᠡᠯᠰᠡᠬᠦ ᠴᠤᠭᠯᠠᠭᠠᠨ ᠤ ᠠᠵᠢᠯ ᠤᠨ ᠪᠠᠶᠢᠷᠢ ᠶᠢ ᠰᠢᠭᠤᠳ ᠨᠡᠪᠲᠡᠷᠡᠭᠦᠯᠬᠦ ᠠᠵᠢᠯᠯᠠᠭ᠎ᠠ ᠶᠢ ᠵᠡᠷᠭᠡ ᠪᠠᠷ ᠡᠬᠢᠯᠡᠭᠦᠯᠪᠡ᠃ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠳᠤ ᠲᠤᠬᠠᠢ ᠶᠢᠨ ᠲᠠᠯᠠᠪᠤᠷ ᠲᠤ ᠡᠯ᠎ᠡ ᠠᠵᠤ ᠠᠬᠤᠶᠢᠯᠠᠯ ᠤᠨ ᠠᠵᠢᠯᠲᠠᠨ ᠡᠯᠰᠡᠬᠦ ᠮᠡᠳᠡᠭᠡ ᠵᠠᠩᠭᠢ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠵᠡᠷᠭᠡ ᠶᠢ ᠲᠠᠷᠬᠠᠭᠠᠪᠠ᠂ ᠠᠵᠢᠯ ᠡᠷᠢᠭᠰᠡᠳ ᠬᠤᠷᠠᠯ ᠤᠨ ᠲᠠᠯᠠᠪᠠᠢ ᠳᠤ ᠣᠷᠣᠵᠤ ᠡᠯ᠎ᠡ ᠬᠥᠮᠥᠨ ᠬᠡᠷᠡᠭᠯᠡᠬᠦ ᠨᠢᠭᠡᠴᠡ ᠲᠠᠢ ᠨᠢᠭᠤᠷᠲᠠᠨ ᠠᠵᠢᠯ ᠡᠷᠢᠵᠦ ᠤᠷᠢᠨ ᠬᠡᠷᠡᠭᠯᠡᠬᠦ ᠶᠢᠨ ᠬᠠᠮᠲᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠰᠤᠷᠭᠠᠭᠤᠯᠢ ᠠᠴᠠ ᠰᠠᠯᠤᠭᠠᠳ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠢ ᠰᠢᠩᠭᠡᠬᠡᠨ ᠠᠪᠬᠤ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ ᠡᠷᠢᠵᠦ ᠦᠢᠯᠡᠰ ᠪᠣᠰᠬᠠᠬᠤ ᠨᠥᠬᠦᠪᠦᠷᠢ᠂ ᠠᠵᠤ ᠠᠬᠤᠶᠢᠯᠠᠯ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠶᠢ ᠰᠢᠩᠭᠡᠬᠡᠨ ᠠᠪᠬᠤ᠂ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠠᠵᠢᠯ ᠣᠯᠭᠤᠯᠲᠠ ᠶᠢᠨ ᠨᠥᠬᠦᠪᠦᠷᠢ ᠶᠢ ᠨᠢᠭᠡ ᠯᠡ ᠤᠳᠠᠭ᠎ᠠ ᠳᠤ ᠰᠢᠩᠭᠡᠬᠡᠨ ᠠᠪᠬᠤ ᠵᠡᠷᠭᠡ ᠠᠵᠢᠯ ᠣᠯᠭᠤᠯᠲᠠ ᠶᠢᠨ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠭᠦᠯᠪᠡ᠃
     ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠤ ᠦᠢᠯᠡᠴᠢᠯᠡᠬᠦ ᠡᠲᠡᠭᠡᠳ ᠪᠣᠯ ᠲᠣᠰ ᠬᠤᠭᠤᠴᠠᠭᠠᠨ ᠤ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢ᠂ ᠰᠤᠷᠭᠠᠭᠤᠯᠢ ᠠᠴᠠ ᠰᠠᠯᠤᠭᠠᠳ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢ᠂ ᠠᠵᠢᠯ ᠣᠯᠬᠤ ᠳᠤ ᠬᠦᠴᠢᠷᠲᠡᠢ ᠬᠥᠮᠥᠰ᠂ ᠵᠡᠮᠳᠡᠭᠴᠦᠳ᠂ ᠴᠡᠷᠢᠭ ᠠᠴᠠ ᠬᠠᠯᠠᠭᠳᠠᠭᠰᠠᠳ ᠵᠡᠷᠭᠡ ᠡᠯ᠎ᠡ ᠲᠥᠷᠥᠯ ᠤᠨ ᠠᠵᠢᠯ ᠡᠷᠢᠭᠰᠡᠳ ᠪᠣᠯᠣᠨ ᠬᠡᠷᠡᠭᠴᠡᠭᠡ ᠲᠠᠢ ᠠᠵᠢᠯᠴᠢᠨ ᠤ ᠬᠡᠷᠡᠭᠴᠡᠭᠡ ᠪᠦᠬᠦᠢ ᠡᠯ᠎ᠡ ᠲᠥᠷᠥᠯ ᠤᠨ ᠬᠥᠮᠥᠨ ᠬᠡᠷᠡᠭᠯᠡᠬᠦ ᠨᠢᠭᠡᠴᠡ ᠵᠢᠴᠢ ᠠᠵᠤ ᠠᠬᠤᠶᠢᠯᠠᠯ ᠪᠣᠯᠣᠨ᠎ᠠ              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号