ᠥᠪᠥᠷ ᠮᠣᠩᠭᠤᠯ ᠤᠨ ᠮᠦᠽᠧᠢ ᠶᠢᠨ ᠭᠥᠯᠢᠶᠡᠨ ᠠᠪᠤᠭᠰᠠᠨ ᠬᠥᠮᠥᠨ ᠤ ᠲᠤᠭ᠎ᠠ ᠵᠠᠭᠤᠨ ᠲᠦᠮᠡ ᠶᠢ ᠳᠠᠪᠠᠪᠠ
ᠨᠡᠶᠢᠲᠡᠯᠡᠭᠰᠡᠨ ᠴᠠᠭ᠄
2023/8/15
     ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠠᠴᠠ ᠣᠶᠢᠯᠠᠭᠠᠭᠰᠠᠨ  ᠢᠶᠠᠷ᠂ ᠣᠲᠣ ᠪᠤᠯᠲᠠᠯ᠎ᠠ ᠥᠪᠥᠷ ᠮᠣᠩᠭᠤᠯ ᠤᠨ ᠮᠦᠽᠧᠢ ᠶᠢᠨ 2023 ᠣᠨ ᠳᠤ ᠭᠥᠯᠢᠶᠡᠨ ᠠᠪᠤᠭᠰᠠᠨ ᠦᠵᠡᠭᠴᠢᠳ ᠨᠡᠶᠢᠲᠡ 116 ᠲᠦᠮᠡᠨ ᠬᠥᠮᠥᠨ ᠤᠳᠠᠭ᠎ᠠ ᠶᠢ ᠳᠠᠪᠠᠵᠤ᠂ 2020 ︱ 2022 ᠣᠨ ᠤ 3 ᠵᠢᠯ ᠤᠨ ᠠᠳᠠᠯᠢ ᠬᠤᠭᠤᠴᠠᠭᠠᠨ ᠤ ᠦᠵᠡᠭᠴᠢᠳ ᠤᠨ ᠲᠣᠭᠠᠨ ᠤ ᠨᠡᠶᠢᠯᠡᠪᠦᠷᠢ ᠠᠴᠠ ᠳᠠᠪᠠᠵᠤ᠂ ᠨᠢᠭᠡ ᠡᠳᠦᠷ ᠤᠨ ᠲᠣᠭᠤᠷᠢᠨ ᠦᠵᠡᠭᠰᠡᠨ ᠬᠥᠮᠥᠨ ᠤ ᠲᠤᠭ᠎ᠠ 2.5 ᠲᠦᠮᠡ ᠳᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃
     ᠡᠨᠡ ᠵᠢᠯ ᠤᠨ ᠵᠣᠨ ᠤ ᠠᠮᠠᠷᠠᠯᠲᠠ ᠠᠴᠠ ᠨᠠᠭᠠᠰᠢ᠂ ᠥᠪᠥᠷ ᠮᠣᠩᠭᠤᠯ ᠤᠨ ᠮᠦᠽᠧᠢ ᠶᠢᠨ ᠬᠦᠷᠢᠶᠡᠯᠡᠩ ᠤᠨ  ᠬᠢᠨ ᠵᠣᠨ ᠤ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠬᠰᠠᠳ ᠤᠨ ᠲᠦᠷᠭᠡᠨ ᠨᠡᠮᠡᠭᠳᠡᠵᠦ ᠪᠠᠶᠢᠭ᠎ᠠ ᠪᠣᠳᠠᠲᠠᠢ ᠪᠠᠶᠢᠳᠠᠯ ᠳᠤ ᠴᠢᠭᠯᠡᠭᠦᠯᠦᠨ ᠡᠳᠦᠷ ᠪᠦᠷᠢ ᠨᠢᠭᠡ ᠴᠠᠭ ᠤᠷᠲᠤᠳᠬᠠᠨ ᠨᠡᠭᠡᠭᠡᠵᠦ᠂ ᠡᠯ᠎ᠡ ᠵᠦᠢᠯ ᠤᠨ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠪᠠ᠄ ᠦᠵᠡᠭᠦᠯᠭᠡ ᠶᠢᠨ ᠲᠢᠩᠬᠢᠮ ᠤᠨ ᠴᠠᠭᠳᠠᠭᠠᠨ ᠤ ᠶᠠᠪᠤᠳᠠᠯ ᠤᠨ ᠲᠠᠰᠤᠭ ᠤᠨ ᠵᠢᠵᠢᠭᠦᠷᠯᠡᠭᠴᠢ᠂ ᠠᠮᠤᠷ ᠲᠦᠪᠰᠢᠨ ᠤ ᠪᠠᠶᠢᠴᠠᠭᠠᠯᠲᠠ ᠬᠢᠬᠦ ᠠᠵᠢᠯᠲᠠᠨ ᠪᠠ ᠲᠣᠭᠤᠷᠢᠨ ᠪᠠᠶᠢᠴᠠᠭᠠᠬᠤ ᠠᠵᠢᠯᠲᠠᠨ ᠢ ᠨᠡᠮᠡᠪᠡ᠃ ᠲᠣᠭᠤᠷᠢᠨ ᠦᠵᠡᠬᠦ ᠬᠥᠮᠥᠨ ᠤ ᠬᠡᠮᠵᠢᠶ᠎ᠡ ᠶᠢ ᠦᠨᠳᠦᠰᠦᠯᠡᠨ ᠲᠤᠬᠠᠢ ᠶᠢᠨ ᠴᠠᠭ ᠲᠤᠨᠢ ᠬᠥᠮᠥᠨ ᠤ ᠲᠤᠭ᠎ᠠ ᠶᠢ ᠬᠢᠵᠠᠭᠠᠷᠯᠠᠨ ᠡᠵᠡᠮᠳᠡᠬᠦ ᠠᠷᠭ᠎ᠠ ᠠᠪᠴᠤ᠂ ᠠᠮᠠᠷᠠᠯᠲᠠ ᠶᠢᠨ ᠡᠳᠦᠷ ᠦᠭᠡᠢ ᠪᠠᠷ ᠡᠭᠡᠯᠵᠢᠯᠡᠨ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ᠂ ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ ᠠᠷᠭᠠᠴᠠᠭᠠᠬᠤ ᠪᠠ ᠪᠦᠲᠦᠮᠵᠢᠲᠡᠶ ᠪᠠᠷ ᠰᠢᠢᠳᠪᠦᠷᠢᠯᠡᠬᠦ ᠶᠢ ᠦᠨᠡᠨ ᠬᠦ ᠪᠠᠲᠤᠯᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号