ᠪᠦᠭᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂ ᠥᠷᠭᠡᠨ ᠣᠯᠠᠨ | ᠺᠠᠳ᠋ᠷ ᠣᠯᠠᠨ ᠲᠦᠮᠡᠨ ᠤ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠨᠢ ᠵᠤᠵᠠᠭᠠᠳᠬᠠᠵᠤ᠂ ︽ᠴᠡᠷᠢᠭ ᠬᠥᠮᠥᠨ ᠢ | ᠬᠦᠨᠳᠦᠳᠬᠡᠬᠦ᠂ ᠪᠠᠭᠠᠲᠤᠷᠴᠤᠳ ᠢ ᠬᠦᠨᠳᠦᠳᠬᠡᠬᠦ᠂ ᠴᠡᠷᠢᠭ ᠠᠩᠭᠢ ᠶᠢ ᠬᠠᠶᠢᠷᠠᠯᠠᠬᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢ ᠬᠠᠯᠠᠮᠵᠢᠯᠠᠬᠤ︾ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠤᠶ ᠪᠤᠯᠭᠠᠬᠤ ᠶᠢᠨ ᠲᠥᠯᠥᠭᠡ᠂ | ᠣᠶᠢᠷ᠎ᠠ ᠳᠤ᠂ ᠭᠦᠭᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ᠂ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠵᠡᠷᠭᠡ ᠴᠡᠷᠢᠭ ᠠᠩᠭᠢ ᠪᠠ ᠣᠷᠣᠨ | ᠨᠤᠲᠤᠭ ᠤᠨ ᠪᠠᠶᠢᠭᠤᠯᠭ᠎ᠠ ᠨᠢᠭᠡᠴᠢ ᠬᠠᠮᠲᠤᠷᠠᠨ ᠭᠦᠭᠡᠬᠤᠳᠠ ᠶᠢᠨ ᠭᠠᠵᠠᠷ ᠳᠣᠣᠷᠠᠬᠢ ᠲᠡᠮᠦᠷ ᠵᠠᠮ ᠤᠨ 2 ᠳ᠋ᠤᠭᠠᠷ | ᠱᠤᠭᠤᠮ ᠤᠨ ᠬᠠᠭᠤᠴᠢᠨ ᠠᠶᠢᠯ ᠥᠷᠲᠡᠭᠡ ᠳᠤ ᠪᠦᠭᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠰᠤᠷᠭᠠᠨ ᠬᠥᠮᠦᠵᠢᠯ ᠵᠢᠴᠢ ᠬᠤᠶᠠᠷ ᠢ ᠬᠦᠷᠢᠶᠡᠯᠡᠬᠦ ᠭᠤᠣᠯ ᠰᠡᠳᠦᠪᠲᠦ ᠭᠠᠵᠠᠷ ᠳᠣᠣᠷᠠᠬᠢ ᠲᠡᠮᠦᠷ ᠵᠠᠮ ᠤᠨ ᠥᠷᠲᠡᠭᠡ | ᠶᠢ ᠪᠠᠶᠢᠭᠤᠯᠪᠠ᠃ | ᠪᠦᠭᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠭᠤᠣᠯ ᠰᠡᠳᠦᠪᠲᠦ | ᠭᠠᠵᠠᠷ ᠳᠣᠣᠷᠠᠬᠢ ᠲᠡᠮᠦᠷ ᠵᠠᠮ ᠤᠨ ᠦᠷᠲᠡᠭᠡ ᠳᠤ ᠬᠥᠮᠦᠵᠢᠯ ᠭᠦᠷᠳᠡᠭᠦ ᠬᠥᠮᠥᠨ ᠤᠯᠠᠨ᠂ ᠭᠥᠯᠢᠶᠡᠨ | ᠠᠪᠤᠭᠴᠢᠳ ᠤᠨ ᠬᠡᠪᠴᠢᠶ᠎ᠡ ᠥᠷᠭᠡᠨ ᠵᠡᠷᠭᠡ ᠳᠠᠪᠠᠭᠤᠯᠢᠭ ᠲᠠᠢ ᠪᠠᠶᠢᠵᠤ᠂ ᠬᠤᠶᠠᠷ ᠢ ᠬᠦᠷᠢᠶᠡᠯᠡᠨ ᠬᠠᠮᠲᠤ ᠪᠠᠷ | ᠪᠠᠶᠢᠭᠤᠯᠬᠤ ᠠᠵᠢᠯ ᠢ ᠥᠷᠨᠢᠭᠦᠯᠬᠦ ᠪᠦᠲᠦᠮᠵᠢᠲᠡᠢ ᠵᠢᠭᠰᠠᠭᠠᠯ ᠤᠨ ᠭᠠᠵᠠᠷ ᠪᠠ ᠵᠠᠩᠭᠢᠯᠠᠭ᠎ᠠ ᠶᠢᠨ ᠠᠴᠢᠶᠠᠯᠠᠪᠤᠷᠢ | ᠪᠣᠯᠣᠨ᠎ᠠ᠂ ᠮᠥᠨ ᠴᠦ ᠰᠢᠨ᠎ᠡ ᠴᠠᠭ ᠦᠶ᠎ᠡ ᠶᠢᠨ ᠪᠦᠭᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠰᠤᠷᠭᠠᠨ ᠬᠥᠮᠦᠵᠢᠯ ᠢ ᠴᠢᠩᠭᠠᠳᠬᠠᠬᠤ ᠪᠣᠳᠠᠲᠠᠢ ᠠᠷᠭ᠎ᠠ ᠬᠡᠮᠵᠢᠶ᠎ᠡ ᠪᠣᠯᠣᠨ᠎ᠠ᠃ ᠲᠣᠰ ᠥᠷᠲᠡᠭᠡ ᠳᠤ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠭᠤᠣᠯ ᠰᠡᠳᠦᠪᠲᠦ ᠦᠵᠡᠭᠦᠯᠭᠡ ᠶᠢᠨ ᠰᠠᠮᠪᠠᠷ᠎ᠠ ᠲᠣᠬᠢᠷᠠᠭᠤᠯᠵᠤ᠂ ᠤᠬᠠᠭᠤᠯᠭ᠎ᠠ ᠶᠢᠨ | ᠡᠯᠭᠦᠭᠡᠰᠦ ᠡᠯᠭᠦᠭᠰᠡᠨ ᠢᠶᠠᠷ ᠪᠠᠷᠠᠬᠤ ᠦᠭᠡᠢ ᠪᠠᠰᠠ︽ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠰᠤᠷᠤᠯᠴᠠᠵᠤ | ᠴᠡᠷᠢᠭ ᠢ ᠬᠦᠴᠦᠷᠬᠡᠭᠵᠢᠭᠦᠯᠬᠦ ᠦᠢᠯᠡᠰ ᠲᠤ ᠭᠠᠪᠢᠶ᠎ᠠ ᠵᠢᠳᠬᠦᠯ ᠪᠠᠶᠢᠭᠤᠯᠤᠶ᠎ᠠ︾ ᠭᠡᠬᠦ ᠭᠤᠣᠯ ᠰᠡᠳᠦᠪᠲᠦ ᠰᠢᠯᠢᠳᠡᠭ | ᠴᠡᠷᠢᠭ ᠤᠨ ᠶᠠᠪᠤᠳᠠᠯ ᠤᠨ ᠺᠢᠨᠣ᠋ ᠶᠢ ᠲᠤᠬᠠᠢ ᠶᠢᠨ ᠲᠠᠯᠠᠪᠠᠶ ᠳᠤ ᠨᠠᠪᠲᠠᠷᠡᠭᠦᠯᠵᠦ᠂ ᠨᠠᠩ ᠣᠯᠠᠨ ᠠᠶᠠᠨᠴᠢᠳ᠂ ᠬᠤᠳᠠ | ᠶᠢᠨ ᠠᠷᠠᠳ ᠲᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠤᠬᠠᠭᠤᠯᠪᠠ᠃ | ᠣᠶᠢᠯᠠᠭᠠᠭᠰᠠᠨ ᠢᠶᠠᠷ᠂ ᠣᠳᠣᠬᠠᠨ ᠳᠤ ᠭᠦᠭᠡᠬᠤᠲᠠ ᠳᠤ ᠬᠤᠶᠠᠷ ᠢ ᠬᠦᠷᠢᠶᠡᠯᠡᠬᠦ ᠭᠤᠣᠯ ᠰᠡᠳᠦᠪᠲᠦ | ᠴᠡᠴᠡᠷᠯᠢᠭ 7᠂ ᠬᠤᠶᠠᠷ ᠢ ᠬᠦᠷᠢᠶᠡᠯᠡᠬᠦ ᠲᠠᠯᠠᠪᠠᠶ 1᠂ ᠬᠤᠶᠠᠷ ᠢ ᠬᠦᠷᠢᠶᠡᠯᠡᠬᠦ ᠣᠶ 1 ᠵᠢᠴᠢ ᠬᠤᠶᠠᠷ ᠢ ᠬᠦᠷᠢᠶᠡᠯᠡᠬᠦ | ᠵᠠᠮ 6 ᠪᠠᠶᠢᠵᠤ᠂ ᠬᠤᠶᠠᠷ ᠢ ᠬᠦᠷᠢᠶᠡᠯᠡᠬᠦ ᠨᠡᠶᠢᠲᠡ ᠶᠢᠨ ᠵᠠᠮ ᠬᠠᠷᠢᠯᠴᠠᠭᠠᠨ ᠤ ᠵᠢᠱᠢᠶ᠎ᠡ ᠦᠵᠡᠭᠦᠯᠭᠦ ᠱᠤᠭᠤᠮ | -︽ᠭᠦᠭᠡᠬᠤᠲᠠ ᠶᠢᠨ ᠴᠡᠷᠢᠭ ᠢ ᠬᠦᠷᠢᠶᠡᠯᠡᠬᠦ ᠬᠤᠰᠢᠭᠤᠴᠢ ᠨᠣᠮᠧᠷᠲᠤ︾ 80 ᠳ᠋ᠤᠭᠠᠷ ᠱᠤᠭᠤᠮ ᠢ ᠨᠡᠪᠲᠡᠷᠡᠭᠦᠯᠪᠡ᠃ |