ᠮᠠᠨ ᠤ ᠣᠷᠣᠨ ᠤ ᠨᠢᠭᠡᠨᠲᠡ ᠬᠠᠶᠢᠨ ᠲᠣᠳᠣᠯᠠᠭᠰᠠᠨ ᠨᠡᠭᠦᠷᠡᠰᠦᠨ ᠤ ᠡᠬᠢ ᠪᠠᠶᠠᠯᠢᠭ ᠤᠨ ᠬᠡᠮᠵᠢᠶ᠎ᠡ ᠲᠦᠮᠡᠨ ᠳ᠋ᠦᠩᠰᠢᠭᠤᠷ ᠳᠤᠨ ᠢ ᠳᠠᠪᠠᠪᠠ
ᠨᠡᠶᠢᠲᠡᠯᠡᠭᠰᠡᠨ ᠴᠠᠭ᠄
2023/8/15

     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ

ᠲᠦᠷᠦᠭᠦᠬᠡᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ

ᠣᠷᠣᠨ ᠨᠡᠭᠦᠷᠡᠰᠦᠨ ᠤ ᠡᠬᠢ ᠪᠠᠶᠠᠯᠢᠭ ᠤᠨ ᠪᠠᠶᠢᠳᠠᠯ ᠢ ᠦᠨᠳᠦᠰᠦᠨ ᠳᠡᠭᠡᠨ ᠲᠣᠳᠣᠷᠬᠠᠢ ᠪᠤᠯᠭᠠᠵᠤ᠂ ᠨᠢᠭᠡᠨᠲᠡ

ᠬᠠᠶᠢᠨ ᠲᠣᠳᠣᠯᠠᠭᠰᠠᠨ ᠨᠡᠭᠦᠷᠡᠰᠦᠨ ᠤ ᠡᠬᠢ ᠪᠠᠶᠠᠯᠢᠭ ᠤᠨ ᠬᠡᠮᠵᠢᠶ᠎ᠡ ᠲᠦᠮᠡᠨ ᠳ᠋ᠦᠩᠰᠢᠭᠤᠷ ᠲᠣᠨ ᠤ ᠪᠣᠭᠤᠮᠲᠠ ᠶᠢ

ᠳᠠᠪᠠᠵᠤ᠂ ᠪᠦᠭᠦ ᠤᠯᠤᠰ ᠲᠤ ᠲᠦᠷᠦᠭᠦᠯᠡᠵᠦ ᠪᠠᠶᠢᠨ᠎ᠠ᠃

     ᠮᠠᠨ ᠤ ᠣᠷᠣᠨ 2004 ᠣᠨ ᠳᠤ ᠪᠦᠭᠦ ᠤᠯᠤᠰ ᠲᠤ ᠡᠩ ᠲᠡᠷᠢᠭᠦᠨ ᠳᠤ ᠭᠠᠵᠠᠷ ᠰᠢᠨᠵᠢᠯᠡᠭᠡᠨ ᠤ ᠬᠠᠶᠢᠨ

ᠪᠠᠶᠢᠴᠠᠭᠠᠯᠲᠠ ᠶᠢᠨ ᠰᠠᠭᠤᠷᠢ ᠮᠥᠩᠭᠦ ᠶᠢ ᠪᠠᠶᠢᠭᠤᠯᠤᠭᠰᠠᠨ ᠠᠴᠠ ᠨᠠᠭᠠᠰᠢ ᠡᠨᠡ ᠵᠢᠯ ᠪᠤᠯᠲᠠᠯ᠎ᠠ ᠨᠡᠶᠢᠲᠡ 147.71

ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 2731 ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ

ᠰᠠᠭᠤᠷᠢ ᠮᠥᠩᠭᠦᠨ ᠤ ᠲᠥᠷᠥᠯ ᠵᠦᠢᠯ ᠢ ᠥᠷᠨᠢᠭᠦᠯᠪᠡ᠃ ᠡᠭᠦᠨ ᠳᠤ ᠲᠦᠷᠦᠯ ᠵᠦᠢᠯ ᠢᠶᠠᠷ ᠲᠠᠮᠵᠢᠨ ᠨᠡᠭᠦᠷᠡᠰᠦᠨ ᠤ

ᠡᠬᠢ ᠪᠠᠶᠠᠯᠢᠭ ᠢ ᠬᠠᠶᠢᠨ ᠲᠣᠳᠣᠯᠠᠭᠰᠠᠨ ᠬᠡᠮᠵᠢᠶ᠎ᠡ 6515 ᠳ᠋ᠦᠩᠰᠢᠭᠤᠷ ᠲᠤᠨ ᠪᠠᠶᠢᠵᠤ᠂ ᠪᠦᠭᠦ ᠣᠷᠣᠨ ᠤ ᠬᠠᠶᠢᠨ

ᠲᠣᠳᠣᠯᠠᠭᠰᠠᠨ ᠨᠡᠭᠦᠷᠡᠰᠦᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶᠡᠨ ᠤ 63.6% ᠶᠢ ᠡᠵᠡᠯᠡᠭᠰᠡᠨ ᠪᠠᠶᠢᠨ᠎ᠠ᠃

ᠡᠭᠦᠨ ᠤ ᠬᠠᠮᠲᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠬᠠᠶᠢᠨ ᠪᠠᠶᠢᠴᠠᠭᠠᠯᠲᠠ

 ᠶᠢᠨ ᠦᠷ᠎ᠡ ᠪᠦᠲᠦᠭᠡᠯ ᠴᠦ ᠢᠯᠡᠳᠲᠡ ᠪᠠᠶᠢᠵᠤ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠰᠠᠭᠤᠷᠢ

ᠮᠥᠩᠭᠦ ᠶᠢᠨ ᠲᠦᠷᠦᠯ ᠵᠦᠢᠯ ᠢᠶᠠᠷ ᠲᠠᠮᠵᠢᠨ 22 ᠲᠣᠮᠣ ᠭᠡᠯᠪᠡᠷᠢ ᠶᠢᠨ ᠠᠭᠤᠷᠬᠠᠢ ᠶᠢᠨ ᠭᠠᠷᠤᠯᠲᠠ ᠶᠢᠨ ᠣᠷᠣᠨ᠂

26 ᠳᠤᠮᠳᠠ ᠭᠡᠯᠪᠡᠷᠢ ᠶᠢᠨ ᠠᠭᠤᠷᠬᠠᠢ ᠶᠢᠨ ᠭᠠᠷᠤᠯᠲᠠ ᠶᠢᠨ ᠣᠷᠣᠨ᠂ 54 ᠪᠠᠭ᠎ᠠ ᠭᠡᠯᠪᠡᠷᠢ ᠶᠢᠨ ᠠᠭᠤᠷᠬᠠᠢ ᠶᠢᠨ

ᠭᠠᠷᠤᠯᠲᠠ ᠶᠢᠨ ᠣᠷᠣᠨ ᠢ ᠢᠯᠡᠷᠡᠭᠦᠯᠵᠦ᠂ ᠤᠯᠠᠮ ᠨᠢᠭᠡ ᠠᠯᠬᠤᠮ ᠬᠠᠶᠢᠨ ᠪᠠᠶᠢᠴᠠᠭᠠᠵᠤ ᠪᠤᠯᠬᠤ 240 ᠭᠠᠷᠤᠢ

ᠠᠭᠤᠷᠬᠠᠢ ᠶᠢᠨ ᠭᠠᠷᠤᠯᠲᠠ ᠶᠢᠨ ᠣᠷᠣᠨ ᠤ ᠡᠰᠢ ᠪᠠᠷᠢᠮᠲᠠ ᠶᠢ ᠬᠠᠩᠭᠠᠵᠤ᠂ ᠠᠭᠤᠷᠬᠠᠢ ᠬᠠᠶᠢᠵᠤ ᠠᠮᠵᠢᠯᠲᠠ

ᠣᠯᠣᠭᠰᠠᠨ ᠨᠣᠷᠮ᠎ᠠ 6.77% ᠳᠤ ᠬᠦᠷᠴᠡᠢ᠃

     ︽ᠠᠷᠪᠠᠨ ᠳᠥᠷᠪᠡᠳᠦᠭᠡᠷ ᠲᠠᠪᠤᠨ ᠵᠢᠯ︾ ᠳᠤ ᠣᠷᠣᠭᠰᠠᠨ ᠠᠴᠠ ᠨᠠᠭᠠᠰᠢ ᠥᠪᠡᠷᠲᠡᠭᠡᠨ ᠵᠠᠰᠠᠬᠤ ᠣᠷᠣᠨ ᠠᠴᠠ

ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠰᠠᠭᠤᠷᠢ ᠮᠥᠩᠭᠦᠨ ᠤ ᠲᠦᠷᠦᠯ ᠵᠦᠢᠯ ᠢ ᠠᠯᠬᠤᠮ ᠠᠯᠬᠤᠮ

 ᠢᠶᠠᠷ ᠴᠢᠩᠭᠠᠳᠬᠠᠵᠤ᠂ 2021 ᠣᠨ ᠳᠤ 213 ᠲᠥᠷᠥᠯ ᠵᠦᠢᠯ ᠲᠣᠬᠢᠷᠠᠭᠤᠯᠤᠨ 3.21 ᠳ᠋ᠦᠩᠰᠢᠭᠤᠷ

ᠲᠥᠭᠦᠷᠢᠭ ᠤᠨ ᠪᠡᠯᠡ ᠣᠷᠣᠭᠤᠯᠵᠤ᠂ ᠳᠡᠯᠡᠬᠡᠢ ᠶᠢᠨ ᠪᠥᠮᠪᠥᠷᠴᠡᠭ ᠤᠨ ᠹᠢᠽᠢᠺ ᠬᠢᠮᠢ ᠶᠢᠨ ᠬᠠᠶᠢᠨ ᠪᠠᠶᠢᠴᠠᠭᠠᠯᠲᠠ ᠳᠤ

ᠬᠡᠪ ᠤᠨ ᠪᠤᠰᠤ ᠪᠠᠶᠢᠳᠠᠯ ᠲᠠᠢ 33 ᠭᠠᠵᠠᠷ᠂ ᠠᠭᠤᠷᠬᠠᠢ ᠪᠦᠲᠦᠵᠦ ᠪᠤᠯᠬᠤ 9 ᠣᠷᠣᠨ᠂ ᠠᠭᠤᠷᠬᠠᠢ ᠬᠠᠶᠢᠬᠤ 26

ᠬᠠᠷᠠᠯᠲᠠᠲᠤ ᠭᠠᠵᠠᠷ ᠪᠣᠯᠣᠨ 24 ᠠᠭᠤᠷᠬᠠᠢ ᠶᠢᠨ ᠴᠡᠭ ᠢ ᠬᠦᠷᠢᠶᠡᠯᠡᠨ ᠲᠣᠭᠲᠠᠭᠠᠵᠤ᠂ 85 ᠠᠭᠤᠷᠬᠠᠢ ᠶᠢᠨ

ᠴᠣᠭᠴᠠ ᠶᠢ ᠬᠦᠷᠢᠶᠡᠯᠡᠨ ᠲᠣᠭᠲᠠᠭᠠᠪᠠ᠃ 2022 ᠣᠨ ᠳᠤ 196 ᠲᠥᠷᠥᠯ ᠵᠦᠢᠯ ᠲᠣᠬᠢᠷᠠᠭᠤᠯᠤᠨ 3.63

ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 47 ᠬᠦᠳᠡᠷᠵᠢᠭᠰᠡᠨ ᠪᠦᠰᠡ᠂ 2 ᠬᠦᠳᠡᠷᠵᠢᠭᠰᠡᠨ ᠴᠡᠭ᠂

ᠠᠭᠤᠷᠬᠠᠢ ᠬᠠᠶᠢᠬᠤ 3 ᠬᠠᠷᠠᠯᠲᠠᠲᠤ ᠣᠷᠣᠨ᠂ ᠳᠡᠯᠡᠬᠡᠢ ᠶᠢᠨ ᠪᠥᠮᠪᠥᠷᠴᠡᠭ ᠤᠨ ᠹᠢᠽᠢᠺ ᠬᠢᠮᠢ ᠶᠢᠨ ᠬᠠᠶᠢᠨ

ᠪᠠᠶᠢᠴᠠᠭᠠᠯᠲᠠ ᠳᠤ ᠬᠡᠪ ᠤᠨ ᠪᠤᠰᠤ ᠪᠠᠶᠢᠳᠠᠯ ᠲᠠᠢ 1 ᠭᠠᠵᠠᠷ ᠢ ᠢᠯᠡᠷᠡᠭᠦᠯᠪᠡ᠃ ᠡᠨᠡ ᠵᠢᠯ 182 ᠲᠥᠷᠥᠯ ᠵᠦᠢᠯ

ᠲᠣᠬᠢᠷᠠᠭᠤᠯᠤᠨ 3.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠢ᠃ ᠡᠭᠦᠨ ᠳᠤ

ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢ ᠪᠠᠶᠢᠴᠠᠭᠠᠨ ᠰᠤᠳᠤᠯᠬᠤ 40 ᠲᠥᠷᠥᠯ

ᠵᠦᠢᠯ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢ ᠬᠠᠶᠢᠨ ᠪᠠᠶᠢᠴᠠᠭᠠᠬᠤ 99 ᠲᠥᠷᠥᠯ

ᠵᠦᠢᠯ᠂ ᠨᠡᠭᠦᠷᠡᠰᠦᠨ ᠳᠠᠪᠬᠤᠷᠭ᠎ᠠ ᠶᠢᠨ ᠬᠡᠢ ᠪᠠ ᠭᠠᠵᠠᠷ ᠤᠨ ᠢᠯᠴᠢ ᠵᠡᠷᠭᠡ ᠴᠡᠪᠡᠷ ᠡᠨᠧᠷᠭᠢ ᠶᠢᠨ 32 ᠲᠦᠷᠦᠯ

ᠵᠦᠢᠯ᠂ ᠤᠰᠤᠨ ᠰᠢᠨᠵᠢᠯᠡᠭᠡᠨ ᠤ 11 ᠲᠥᠷᠥᠯ ᠵᠦᠢᠯ ᠢ ᠬᠠᠮᠤᠷᠪᠠ᠃

     ︽ᠡᠨᠡ ᠵᠢᠯ ᠪᠣᠯ ᠰᠢᠨ᠎ᠡ ᠨᠢᠭᠡᠨ ᠡᠭᠡᠯᠵᠢ ᠶᠢᠨ ᠠᠭᠤᠷᠬᠠᠢ ᠬᠠᠶᠢᠬᠤ ᠠᠵᠢᠯ ᠳᠤ ᠰᠢᠪᠲᠤᠯᠤᠯᠲᠠ ᠭᠠᠷᠭᠠᠬᠤ

ᠪᠠᠶᠢᠯᠳᠤᠬᠤ ᠪᠣᠳᠣᠯᠭ᠎ᠠ ᠶᠢᠨ ᠠᠵᠢᠯᠯᠠᠭᠠᠨ ᠢ ᠪᠦᠭᠦ ᠲᠠᠯ᠎ᠠ ᠪᠠᠷ ᠥᠷᠨᠢᠭᠦᠯᠬᠦ ᠡᠭᠢᠯᠡᠯᠲᠡ ᠶᠢᠨ ᠵᠢᠯ ᠪᠣᠯᠣᠨ᠎ᠠ᠂ ᠪᠠᠳᠠ

ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ

 ᠶᠢᠨ ᠬᠠᠮᠲᠤ ᠪᠣᠬᠢᠷᠳᠤᠯ ᠦᠭᠡᠢ ᠬᠠᠶᠢᠨ ᠪᠠᠶᠢᠴᠠᠭᠠᠯᠲᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠤᠯᠤᠰ ᠤᠨ

ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠳᠤ ᠴᠢᠩᠭ᠎ᠠ ᠬᠦᠴᠦᠲᠡᠢ ᠪᠠᠲᠤᠯᠠᠭ᠎ᠠ ᠬᠠᠩᠭᠠᠨ᠎ᠠ︾ ᠭᠡᠵᠦ

ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠭᠠᠵᠠᠷ ᠰᠢᠨᠵᠢᠯᠡᠭᠡᠨ ᠤ ᠬᠠᠶᠢᠨ

ᠪᠠᠶᠢᠴᠠᠭᠠᠯᠲᠠ ᠶᠢᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠵᠧᠦ ᠫᠧᠩ ᠬᠠᠨ ᠢᠯᠡᠷᠬᠡᠶᠢᠯᠡᠨ᠎ᠡ᠃

 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号