ᠥᠪᠥᠷ ᠮᠣᠩᠭᠤᠯ ᠤᠨ ᠵᠡᠭᠦᠨ ᠬᠡᠰᠡᠭ ᠤᠨ ᠠᠩᠬᠠᠳᠠᠭᠴᠢ ᠰᠢᠨ᠎ᠡ ᠡᠨᠧᠷᠭᠢ ᠶᠢᠨ ᠪᠤᠬ᠎ᠠ ᠲᠡᠷᠭᠡ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2023/8/15

     ᠣᠶᠢᠷ᠎ᠠ ᠳᠤ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠠᠩᠬᠠᠳᠠᠭᠴᠢ ᠰᠢᠨ᠎ᠡ

ᠡᠨᠧᠷᠭᠢ ᠶᠢᠨ ᠪᠤᠬ᠎ᠠ ᠲᠡᠷᠭᠡ ᠠᠰᠢᠭᠯᠠᠯᠲᠠ ᠳᠤ ᠣᠷᠣᠪᠠ᠃ ᠳᠤᠰ ᠪᠤᠬ᠎ᠠ ᠲᠡᠷᠭᠡ ᠶᠢ 2 ᠴᠠᠭ ᠴᠠᠭᠢᠯᠭᠠᠨ ᠴᠡᠨᠡᠭᠯᠡᠪᠡᠯ

24 ᠴᠠᠭ ᠦᠷᠭᠦᠯᠵᠢᠯᠡᠨ ᠬᠡᠷᠡᠭᠯᠡᠵᠦ ᠳᠡᠶᠢᠯᠵᠦ᠂ ᠡᠵᠡᠩᠨᠡᠯᠲᠡ ᠶᠢᠨ ᠥᠪᠡᠷ ᠤᠨ ᠦᠷᠲᠡᠭ ᠢ ᠤᠯᠠᠮ  ᠪᠠᠭᠤᠷᠠᠭᠤᠯᠵᠤ᠂

ᠡᠵᠡᠩᠨᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠪᠠᠶᠢᠨ᠎ᠠ᠃

     ᠰᠢᠨ᠎ᠡ ᠡᠨᠧᠷᠭᠢ ᠶᠢᠨ ᠪᠤᠬ᠎ᠠ ᠲᠡᠷᠭᠡ ᠪᠣᠯ ᠲᠡᠮᠦᠷ ᠵᠠᠮ ᠤᠨ ᠲᠤᠰᠬᠠᠢ ᠬᠡᠷᠡᠭᠯᠡᠭᠡᠨ ᠤ ᠱᠤᠭᠤᠮ ᠤᠨ ᠪᠣᠬᠢᠷᠳᠤᠯ

ᠦᠭᠡᠢ᠂ ᠪᠠᠭ᠎ᠠ ᠨᠡᠭᠦᠷᠡᠰᠦᠲᠥ᠋ᠷᠥᠭᠴᠢᠲᠦ ᠠᠵᠢᠯᠯᠠᠭᠠᠨ ᠤ ᠰᠢᠨ᠎ᠡ ᠰᠣᠩᠭᠤᠯᠲᠠ᠂ ᠲᠡᠮᠦᠷ ᠵᠠᠮ ᠤᠨ ᠲᠤᠰᠬᠠᠢ

ᠬᠡᠷᠡᠭᠯᠡᠭᠡᠨ ᠤ ᠱᠤᠭᠤᠮ ᠤᠨ ᠬᠥᠭᠵᠢᠯᠲᠡ ᠶᠢᠨ ᠰᠢᠨ᠎ᠡ ᠬᠠᠨᠳᠤᠰᠢ ᠮᠥᠨ᠃ ᠡᠨᠡ ᠤᠳᠠᠭ᠎ᠠ ᠶᠢᠨ ᠠᠰᠢᠭᠯᠠᠯᠲᠠ ᠳᠤ

ᠣᠷᠣᠭᠤᠯᠤᠭᠰᠠᠨ ᠰᠢᠨ᠎ᠡ ᠡᠨᠧᠷᠭᠢ ᠶᠢᠨ ᠳᠥᠷᠪᠡᠨ ᠲᠡᠩᠭᠡᠯᠢᠭᠲᠦ 410 ᠺᠢᠯᠣᠸᠠᠲ ᠴᠠᠭᠢᠯᠭᠠᠨ ᠬᠤᠷᠢᠶᠠᠭᠤᠷ ᠤᠨ

ᠪᠤᠬ᠎ᠠ ᠲᠡᠷᠭᠡ ᠶᠢ ᠱᠧᠨ ᠵᠧᠦ ᠥᠨᠳᠥᠷ ᠬᠤᠷᠳᠤᠴᠠᠲᠤ ᠲᠡᠮᠦᠷ ᠵᠠᠮ ᠤᠨ ᠲᠡᠭᠡᠭᠡᠪᠦᠷᠢᠯᠡᠨ ᠬᠠᠮᠠᠭᠠᠯᠠᠬᠤ ᠮᠡᠷᠭᠡᠵᠢᠯ

︵ᠪᠡᠭᠡᠵᠢᠩ︶ ᠤᠨ ᠬᠢᠵᠠᠭᠠᠷᠲᠤ ᠺᠤᠮᠫᠠᠨᠢ ᠶᠢᠨ  ᠵᠦᠩ ᠴᠧ ᠳ᠋ᠠᠲ᠋ᠦ᠋ᠩ ᠪᠤᠬ᠎ᠠ ᠲᠡᠷᠭᠡᠨ ᠤ ᠬᠢᠵᠠᠭᠠᠷᠲᠤ ᠺᠤᠮᠫᠠᠨᠢ ᠠᠴᠠ

ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠡᠳ᠋ ᠪᠠᠷᠠᠭ᠎ᠠ ᠶᠢᠨ ᠭᠦᠢᠯᠭᠡᠭᠡ ᠳᠤ ᠵᠣᠷᠢᠭᠤᠯᠤᠨ

ᠦᠢᠯᠡᠳᠦᠭᠰᠡᠨ ᠶᠤᠮ᠃ ᠲᠣᠰ ᠪᠤᠬ᠎ᠠ ᠲᠡᠷᠭᠡ ᠨᠢ ᠦᠷᠲᠡᠭᠡ ᠲᠠᠯᠠᠪᠤᠷ ᠪᠤᠶᠤ ᠪᠤᠰᠤᠳ ᠣᠶᠢᠷ᠎ᠠ ᠵᠠᠢ ᠶᠢᠨ ᠲᠡᠭᠡᠭᠡᠪᠦᠷᠢ

 ᠳᠤ ᠵᠣᠬᠢᠴᠠᠵᠤ᠂ ᠴᠡᠪᠡᠷ ᠬᠥᠳᠡᠯᠭᠡᠭᠴᠢ ᠬᠦᠴᠦᠨ ᠤ ᠬᠡᠯᠬᠢᠶ᠎ᠡ ᠳ᠋ᠢᠶᠠᠨ ᡂᠢ ᠶᠢᠨ ᠭᠡᠯᠪᠡᠷᠢ ᠪᠠᠷ ᠴᠠᠭᠢᠯᠭᠠᠨ ᠬᠠᠩᠭᠠᠵᠤ᠂

 ᠰᠠᠯᠬᠢ᠂ ᠡᠯᠡᠰᠦ᠂ ᠨᠡᠭᠦᠷᠡᠰᠦ ᠲᠣᠭᠤᠰᠣ ᠪᠠ ᠡᠯᠡᠰᠦᠨ ᠰᠢᠭᠤᠷᠭ᠎ᠠ ᠵᠡᠷᠭᠡ ᠠᠭᠤᠷ ᠠᠮᠢᠰᠬᠤᠯ ᠤᠨ ᠨᠥᠬᠦᠴᠡᠯ ᠢ

ᠳᠠᠭᠠᠭᠠᠵᠤ ᠳᠡᠶᠢᠯᠳᠡᠭ᠃

     ᠱᠧᠨ ᠵᠧᠦ ᠥᠨᠳᠥᠷ ᠬᠤᠷᠳᠤᠴᠠᠲᠤ ᠲᠡᠮᠦᠷ ᠵᠠᠮ ᠤᠨ ᠲᠡᠭᠡᠭᠡᠪᠦᠷᠢᠯᠡᠨ ᠬᠠᠮᠠᠭᠠᠯᠠᠬᠤ ᠮᠡᠷᠭᠡᠵᠢᠯ ︵ᠪᠡᠭᠡᠵᠢᠩ︶

 ᠤᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠢ ᠳᠠᠭᠠᠭᠠᠮᠠᠯ ᠺᠦᠩ ᠯᠢᠩ ᠱᠧᠩ᠄ ︽

ᠡᠨᠡ ᠬᠦ ᠰᠢᠨ᠎ᠡ ᠡᠨᠧᠷᠭᠢ ᠶᠢᠨ ᠪᠤᠬ᠎ᠠ ᠲᠡᠷᠭᠡ ᠣᠶᠤᠨᠴᠢ ᠡᠵᠡᠩᠨᠡᠯᠲᠡ ᠶᠢᠨ ᠲᠣᠨᠤᠭ ᠲᠥᠬᠦᠭᠡᠷᠦᠮᠵᠢ ᠪᠠ ᠮᠡᠷᠭᠡᠵᠢᠯ ᠢ

ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ ᠣᠶᠤᠨᠴᠢ ᠪᠠᠷᠠᠭᠠᠨ ᠤ ᠭᠦᠢᠯᠭᠡᠭᠡ ᠶᠢ ᠥᠪᠥᠷ ᠮᠣᠩᠭᠤᠯ ᠤᠨ ᠵᠡᠭᠦᠨ

ᠬᠡᠰᠡᠭ ᠤᠨ ᠪᠠᠷᠠᠭᠠᠨ ᠤ ᠭᠦᠢᠯᠭᠡᠭᠡ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠪᠥᠷ ᠮᠣᠩᠭᠤᠯ ᠤᠨ ᠵᠡᠭᠦᠨ

ᠬᠡᠰᠡᠭ ᠤᠨ ᠪᠠᠷᠠᠭᠠᠨ ᠤ ᠭᠦᠢᠯᠭᠡᠭᠡ ᠶᠢᠨ ᠰᠢᠨ᠎ᠡ ᠡᠨᠧᠷᠭᠢ ᠶᠢᠨ ᠲᠠᠯᠠᠪᠤᠷ ᠲᠤ ᠣᠶᠤᠨᠴᠢ ᠵᠢᠭᠦᠷ ᠤᠷᠭᠤᠭᠤᠯᠤᠨ᠂

ᠤᠯᠠᠭᠠᠨᠬᠠᠳᠠ ᠣᠷᠣᠨ ᠤ ᠵᠠᠰᠠᠮᠠᠯ ᠵᠠᠮ ᠤᠨ ᠲᠡᠭᠡᠭᠡᠪᠦᠷᠢ ᠶᠢ ᠲᠡᠮᠦᠷ ᠵᠠᠮ ᠤᠨ ᠲᠡᠭᠡᠭᠡᠪᠦᠷᠢ ᠪᠤᠯᠭᠠᠬᠤ ᠳᠤ ᠬᠦᠴᠦᠨ

ᠨᠡᠮᠡᠷᠢᠯᠡᠵᠦ᠂ ᠥᠪᠥᠷ ᠮᠣᠩᠭᠤᠯ ᠤᠨ ᠵᠡᠭᠦᠨ ᠬᠡᠰᠡᠭ ᠤᠨ ᠡᠳ᠋ ᠪᠠᠷᠠᠭᠠᠨ ᠤ ᠭᠦᠢᠯᠭᠡᠭᠡ ᠶᠢᠨ ᠲᠡᠮᠦᠷ ᠵᠠᠮ ᠤᠨ ᠲᠤᠰᠬᠠᠢ

ᠱᠤᠭᠤᠮ ᠤᠨ ᠠᠵᠢᠯᠯᠠᠭᠤᠯᠵᠤ ᠪᠠᠲᠤᠯᠠᠬᠤ ᠲᠥᠷᠥᠯ ᠵᠦᠢᠯ ᠢ ᠤᠯᠠᠭᠠᠨᠬᠠᠳᠠ ᠳᠤ ᠰᠠᠭᠤᠷᠢᠯᠠᠨ ᠵᠡᠭᠦᠨ ᠬᠤᠶᠢᠲᠤ

ᠣᠷᠣᠨ ᠴᠢᠨᠠᠭᠰᠢᠯᠠᠪᠠᠯ ᠪᠦᠭᠦ ᠤᠯᠤᠰ ᠢ ᠨᠥᠯᠥᠭᠡᠯᠡᠭᠰᠡᠨ ᠰᠢᠨ᠎ᠡ ᠡᠨᠧᠷᠭᠢ ᠶᠢᠨ ᠪᠤᠬ᠎ᠠ ᠲᠡᠷᠭᠡᠨ ᠤ ᠵᠢᠱᠢᠶ᠎ᠡ

ᠦᠵᠡᠭᠦᠯᠭᠦ ᠲᠥᠷᠥᠯ ᠵᠦᠢᠯ ᠪᠣᠯᠭᠠᠨ ᠪᠦᠲᠦᠭᠡᠨ ᠪᠠᠶᠢᠭᠤᠯᠬᠤ ᠪᠣᠯᠣᠨ᠎ᠠ︾ ᠭᠡᠵᠦ ᠶᠠᠷᠢᠪᠠ᠃

 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号