ᠲᠦᠷᠦᠭᠦᠬᠡᠨ᠂ ᠨᠢᠭᠡᠨ ᠴᠤᠯᠤ ᠴᠠᠭᠢᠯᠭᠠᠨ ᠭᠦᠳᠡᠯᠭᠡᠭᠦᠷᠲᠦ ᠮᠠᠰᠢᠨ ᠲᠡᠷᠭᠡ ᠦᠢᠯᠡᠳᠪᠦᠷᠢᠯᠡᠯ ᠤᠨ | ᠱᠤᠭᠤᠮ ᠠᠴᠠ ᠪᠠᠭᠤᠬᠤ ᠶᠢ ᠳᠠᠭᠠᠯᠳᠤᠨ᠂ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠦᠢᠯᠡᠳᠪᠦᠷᠢᠯᠡᠯ ᠤᠨ ᠲᠤᠭ᠎ᠠ ᠨᠡᠶᠢᠲᠡ 2000 ᠲᠦᠮᠡ ᠶᠢ ᠳᠠᠪᠠᠭᠰᠠᠨ ᠪᠠᠶᠢᠨ᠎ᠠ᠃ ᠲᠤᠰᠬᠠᠢ ᠮᠡᠷᠭᠡᠵᠢᠯᠲᠡᠨ ᠤ | ᠦᠵᠡᠬᠦ ᠪᠠᠷ᠂ ᠡᠨᠡ ᠨᠢ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠠᠵᠤ ᠦᠢᠯᠡᠰᠵᠢᠭᠦᠯᠬᠦ᠂ ᠵᠠᠬ᠎ᠠ | ᠳᠡᠯᠭᠡᠭᠦᠷᠴᠢᠯᠡᠬᠦ ᠰᠠᠭᠤᠷᠢᠨ ᠳᠡᠭᠡᠷ᠎ᠡ ᠬᠡᠪᠴᠢᠶᠡᠵᠢᠭᠦᠯᠬᠦ᠂ ᠳᠡᠯᠡᠬᠡᠶᠢᠴᠢᠯᠡᠬᠦ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ ᠭᠡᠵᠡᠢ᠃ | ᠣᠳᠣᠬᠠᠨ ᠳᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠤ᠂ ᠮᠠᠨ ᠤ ᠤᠯᠤᠰ ᠤᠨ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠳᠤ ᠶᠠᠮᠠᠷ ᠶᠠᠮᠠᠷ ᠠᠵᠠ ᠲᠣᠭᠢᠶᠠᠯ ᠪᠠ ᠥᠷᠢᠰᠦᠯᠳᠦᠭᠡᠨ | ᠲᠤᠯᠭᠠᠷᠠᠵᠤ ᠪᠠᠶᠢᠬᠤ ᠪᠤᠢ︖ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠲᠣᠭᠲᠠᠭᠤᠨ ᠢᠶᠠᠷ | ᠬᠥᠭᠵᠢᠬᠦ ᠶᠢ ᠬᠡᠷᠬᠢᠨ ᠠᠬᠢᠭᠤᠯᠬᠤ ᠪᠤᠢ︖ | ᠲᠦᠷᠦᠭᠦᠸ ᠬᠠᠭᠠᠰ ᠵᠢᠯ ᠤᠨ ᠦᠢᠯᠡᠳᠪᠦᠷᠢᠯᠡᠯ ᠪᠣᠷᠤᠯᠠᠭᠤᠯᠭ᠎ᠠ ᠠᠳᠠᠯᠢ ᠬᠤᠭᠤᠴᠠᠭᠠᠨ ᠤ ᠬᠢ ᠠᠴᠠ ᠲᠣᠰ | ᠲᠣᠰ 42.4% ᠪᠠ 44.1% ᠪᠠᠷ ᠨᠡᠮᠡᠭᠳᠡᠪᠡ | ᠰᠢᠨ᠎ᠡ ᠡᠨᠧᠷᠭᠢ ᠶᠢᠨ ᠮᠠᠰᠢᠨ ᠲᠡᠷᠭᠡ ᠪᠣᠯ ᠪᠦᠭᠦ ᠳᠡᠯᠡᠬᠡᠢ ᠶᠢᠨ ᠮᠠᠰᠢᠨ ᠲᠡᠷᠭᠡᠨ ᠤ ᠠᠵᠤ ᠦᠢᠯᠡᠰ ᠤᠨ | ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠪᠣᠬᠢᠷᠳᠤᠯ ᠦᠭᠡᠢ ᠬᠥᠭᠵᠢᠯᠲᠡ ᠶᠢᠨ ᠭᠤᠣᠯ ᠴᠢᠭᠯᠡᠯ ᠮᠥᠨ᠂ | ᠪᠠᠰᠠ ᠴᠤ ᠮᠠᠨ ᠤ ᠤᠯᠤᠰ ᠤᠨ ᠮᠠᠰᠢᠨ ᠲᠡᠷᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠮᠥᠨ᠃ ᠳᠤᠮᠳᠠᠳᠤ ᠤᠯᠤᠰ ᠤᠨ ᠮᠠᠰᠢᠨ ᠲᠡᠷᠭᠡᠨ ᠤ ᠠᠵᠤ | ᠦᠢᠯᠡᠳᠪᠦᠷᠢ ᠶᠢᠨ ᠨᠡᠶᠢᠭᠡᠮᠯᠢᠭ ᠤᠨ ᠬᠠᠮᠤᠭ ᠤᠨ ᠰᠢᠨ᠎ᠡ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠡᠨᠡ ᠵᠢᠯ ᠤᠨ | ᠳᠡᠭᠡᠷ᠎ᠡ ᠬᠠᠭᠠᠰ ᠵᠢᠯ ᠳᠤ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠢᠯᠡᠳᠪᠦᠷᠢᠯᠡᠯ | ᠪᠣᠷᠤᠯᠠᠭᠤᠯᠭ᠎ᠠ ᠲᠤᠰ ᠲᠤᠰ 378.8 ᠲᠦᠮᠡ ᠪᠠ 374.7 ᠲᠦᠮᠡ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ | ᠬᠢ ᠠᠴᠠ ᠲᠤᠰ ᠲᠤᠰ 42.4% ᠪᠠ 44.1% ᠨᠡᠮᠡᠭᠳᠡᠪᠡ;ᠰᠢᠨ᠎ᠡ ᠡᠨᠧᠷᠭᠢ ᠶᠢᠨ ᠮᠠᠰᠢᠨ ᠲᠡᠷᠭᠡᠨ ᠤ ᠰᠢᠨ᠎ᠡ | ᠲᠡᠷᠭᠡᠨ ᠤ ᠪᠣᠷᠤᠯᠠᠭᠤᠯᠭ᠎ᠠ ᠶᠢᠨ ᠬᠡᠮᠵᠢᠶ᠎ᠡ ᠨᠢ ᠮᠠᠰᠢᠨ ᠲᠡᠷᠭᠡᠨ ᠤ ᠰᠢᠨ᠎ᠡ ᠲᠡᠷᠭᠡᠨ ᠤ ᠶᠡᠷᠦᠩᠬᠡᠢ ᠪᠣᠷᠤᠯᠠᠭᠤᠯᠭ᠎ᠠ ᠶᠢᠨ | ᠬᠡᠮᠵᠢᠶ᠎ᠡ ᠶᠢᠨ 28.3% ᠳᠤ ᠬᠦᠷᠴᠡᠢ᠃ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠳᠡᠳ᠋ ᠳᠠᠷᠤᠭ᠎ᠠ ᠰᠢᠨ ᠭᠦᠸᠧ ᠪᠢᠨ ᠤ | ᠲᠠᠨᠢᠯᠴᠠᠭᠤᠯᠤᠭᠰᠠᠨ ᠢᠶᠠᠷ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠮᠠᠨ ᠤ ᠤᠯᠤᠰ ᠡᠩ | ᠲᠡᠷᠢᠭᠦᠨ ᠳᠤ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠥᠭᠵᠢᠭᠦᠯᠬᠦ ᠤᠯᠤᠰ ᠤᠨ ᠪᠠᠶᠢᠯᠳᠤᠬᠤ ᠪᠣᠳᠣᠯᠭ᠎ᠠ ᠶᠢ | ᠲᠣᠭᠲᠠᠭᠠᠵᠤ᠂ 2020 ᠣᠨ ᠪᠠ 2035 ᠣᠨ ᠳᠤ ᠬᠠᠨᠳᠤᠭᠤᠯᠤᠭᠰᠠᠨ ᠠᠵᠤ ᠦᠢᠯᠡᠰ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠦᠷᠭᠦᠯᠵᠢᠯᠡᠨ ᠲᠣᠭᠲᠠᠭᠠᠵᠤ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠠᠵᠤ ᠦᠢᠯᠡᠰ ᠤᠨ | ᠬᠥᠭᠵᠢᠯᠲᠡ ᠶᠢᠨ ᠦᠵᠦ ᠲᠥᠯᠥᠪᠯᠡᠭᠡ ᠪᠠ ᠠᠬᠢᠭᠤᠯᠬᠤ ᠲᠣᠭᠲᠠᠴᠠ ᠶᠢ ᠪᠠᠶᠢᠭᠤᠯᠬᠤ ᠶᠢ ᠴᠣᠬᠤᠯᠠᠪᠤᠷᠢᠯᠠᠨ | ᠬᠠᠷᠢᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨ ᠤᠷᠢᠳ ᠬᠤᠵᠢᠳ 70 ᠭᠠᠷᠤᠢ ᠵᠦᠢᠯ ᠤᠨ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠲᠣᠭᠲᠠᠭᠠᠵᠤ᠂ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠢᠵᠢ ᠪᠦᠷᠢᠳᠦᠭᠰᠡᠨ ᠲᠦᠷᠦ ᠶᠢᠨ | ᠪᠣᠳᠣᠯᠭ᠎ᠠ ᠶᠢ ᠲᠣᠭᠲᠠᠭᠠᠵᠤ᠂ ᠠᠵᠢᠯ ᠲᠦᠷᠦᠯ ᠤᠨ ᠠᠵᠤ ᠠᠬᠤᠶᠢᠯᠠᠯ ᠰᠢᠨ᠎ᠡ ᠶᠢ ᠡᠭᠦᠳᠬᠦ ᠠᠯᠬᠤᠴᠠ ᠪᠠᠨ | ᠲᠦᠷᠭᠡᠳᠬᠡᠵᠦ᠂ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢᠨ | ᠲᠡᠦᠬᠡᠲᠦ ᠴᠢᠨᠠᠷᠲᠠᠢ ᠠᠮᠵᠢᠯᠲᠠ ᠣᠯᠬᠤ ᠶᠢ ᠬᠠᠮᠲᠤ ᠪᠠᠷ ᠠᠬᠢᠭᠤᠯᠪᠠ᠃ | - ᠴᠥᠬᠦᠷᠡᠰᠢ ᠦᠭᠡᠢ ᠴᠢᠷᠮᠠᠶᠢᠯᠭ᠎ᠠ ᠪᠠᠷ ᠳᠡᠮᠵᠢᠨ᠂ ᠮᠠᠨ ᠤ ᠤᠯᠤᠰ ᠪᠦᠲᠦᠴᠡ ᠪᠠᠷ ᠪᠦᠷᠢᠨ ᠪᠦᠲᠦᠨ᠂ | ᠣᠷᠭᠠᠨᠢᠭ ᠢᠶᠠᠷ ᠬᠠᠮᠵᠢᠯᠴᠠᠭᠰᠠᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠰᠢᠰᠲ᠋ᠧᠮ ᠢ | ᠪᠠᠶᠢᠭᠤᠯᠵᠤ᠂ ᠪᠦᠭᠦ ᠳᠡᠯᠡᠬᠡᠢ ᠶᠢᠨ ᠬᠠᠮᠤᠭ ᠤᠨ ᠲᠣᠮᠣ ᠬᠡᠷᠡᠭᠯᠡᠭᠡᠨ ᠤ ᠵᠠᠬ᠎ᠠ ᠳᠡᠯᠭᠡᠭᠦᠷ ᠢ ᠪᠣᠶᠢᠵᠢᠭᠤᠯᠤᠨ᠂ ᠰᠢᠨ᠎ᠡ | ᠡᠨᠧᠷᠭᠢ ᠶᠢᠨ ᠮᠠᠰᠢᠨ ᠲᠡᠷᠭᠡ ᠬᠢᠭᠡᠳ ᠬᠤᠯᠪᠣᠭᠳᠠᠯ ᠪᠦᠬᠦᠢ ᠠᠵᠢᠯ ᠲᠥᠷᠥᠯ ᠤᠨ ᠬᠠᠷᠢᠯᠴᠠᠨ ᠠᠭᠤᠰᠤᠯᠴᠠᠨ | ᠬᠠᠮᠲᠤ ᠪᠠᠷ ᠣᠷᠣᠰᠢᠬᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠳᠡᠭᠦ ᠰᠠᠶᠢᠨ ᠰᠠᠶᠢᠬᠠᠨ ᠬᠥᠭᠵᠢᠯᠲᠡ ᠶᠢᠨ | ᠪᠠᠶᠢᠳᠠᠯ ᠢ ᠪᠤᠶ ᠪᠣᠯᠭᠠᠵᠠᠢ ᠭᠡᠵᠦ ᠰᠢᠨ ᠭᠦᠸᠧ ᠪᠢᠨ ᠬᠡᠯᠡᠨ᠎ᠡ᠃ | ᠳᠤᠮᠳᠠᠳᠤ ᠤᠯᠤᠰ ᠤᠨ ᠮᠠᠰᠢᠨ ᠲᠡᠷᠭᠡᠨ ᠤ ᠠᠵᠤ ᠦᠢᠯᠡᠳᠪᠦᠷᠢ ᠶᠢᠨ ᠨᠡᠶᠢᠭᠡᠮᠯᠢᠭ ᠤᠨ ᠪᠠᠶᠢᠩᠭᠤ ᠶᠢᠨ ᠳᠡᠳ᠋ | ᠳᠠᠷᠤᠭ᠎ᠠ ᠪᠥᠭᠡᠳ ᠨᠠᠷᠢᠨ ᠪᠢᠴᠢᠭ ᠤᠨ ᠳᠠᠷᠤᠭ᠎ᠠ ᠹᠦ᠋ ᠪᠢᠩ ᠹᠧᠩ ᠤᠨ ᠲᠠᠨᠢᠯᠴᠠᠭᠤᠯᠤᠭᠰᠠᠨ ᠢᠶᠠᠷ᠂ 2020 ᠣᠨ ᠤ | 9 ᠰᠠᠷ᠎ᠠ ᠳᠤ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠢᠯᠡᠳᠪᠦᠷᠢᠯᠡᠯ ᠨᠡᠶᠢᠳᠡ 500 | ᠲᠦᠮᠡ ᠶᠢ ᠳᠠᠪᠠᠵᠤ᠂ 2022 ᠣᠨ ᠤ 2 ᠰᠠᠷ᠎ᠠ ᠳᠤ 1000 ᠲᠦᠮᠡ ᠶᠢ ᠳᠠᠪᠠᠵᠤ᠂ ᠬᠤᠶᠠᠳᠤᠭᠠᠷ 1000 | ᠲᠦᠮᠡ ᠶᠢ ᠪᠡᠶᠡᠯᠡᠭᠦᠯᠬᠦ ᠳᠤ ᠵᠥᠪᠭᠡᠨ 1 ᠵᠢᠯ ᠤᠨ ᠭᠠᠳᠠᠨ᠎ᠠ 5 ᠰᠠᠷ᠎ᠠ ᠯᠡ ᠬᠡᠷᠡᠭᠰᠡᠭᠰᠡᠨ ᠭᠡᠵᠡᠢ᠃ | ᠡᠭᠦᠨ ᠤ ᠵᠡᠷᠭᠡ ᠳᠤ᠂ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠨᠠᠷᠠᠲᠤ ᠲᠥᠷᠥᠯ | ᠲᠡᠮᠳᠡᠭᠲᠦ ᠶᠢᠨ ᠥᠷᠢᠰᠦᠯᠳᠦᠬᠦ ᠬᠦᠴᠦᠨ ᠶᠡᠭᠡ ᠪᠠᠷ ᠨᠡᠮᠡᠭᠳᠡᠵᠡᠢ᠃ ᠪᠦᠷᠢᠳᠬᠡᠯ ᠢ ᠦᠨᠳᠦᠰᠦᠯᠡᠪᠡᠯ᠂ 2022 | ᠣᠨ ᠳᠤ ᠪᠡᠶ᠎ᠡ ᠪᠠᠨ ᠳᠠᠭᠠᠭᠠᠭᠰᠠᠨ ᠨᠠᠷᠠᠲᠤ ᠲᠡᠮᠳᠡᠭᠲᠦ ᠰᠢᠨ᠎ᠡ ᠡᠨᠧᠷᠭᠢ ᠶᠢᠨ ᠮᠠᠰᠢᠨ ᠤ ᠤᠯᠤᠰ ᠤᠨ | ᠳᠣᠲᠣᠭᠠᠳᠤ ᠶᠢᠨ ᠵᠠᠬ᠎ᠠ ᠳᠡᠯᠭᠡᠭᠦᠷ ᠤᠨ ᠪᠣᠷᠣᠯᠠᠭᠤᠯᠤᠯᠲᠠ ᠶᠢᠨ ᠡᠵᠡᠯᠡᠬᠦ ᠬᠠᠷᠢᠴᠠᠯ 79.9% ᠬᠦᠷᠴᠦ᠂ ᠠᠳᠠᠯᠢ | ᠬᠤᠭᠤᠴᠠᠭᠠᠨ ᠤ ᠬᠢ ᠠᠴᠠ 5.4 ᠵᠠᠭᠤᠨ ᠤ ᠨᠢᠭᠡᠴᠢ ᠳᠡᠭᠡᠭᠰᠢᠯᠡᠵᠡᠢ᠃ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ | ᠰᠢᠨ᠎ᠡ ᠡᠨᠧᠷᠭᠢ ᠶᠢᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠭᠰᠠᠨ ᠬᠡᠮᠵᠢᠶ᠎ᠡ 53.4 ᠲᠦᠮᠡ ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 1.6 ᠳᠠᠭᠢᠨ ᠨᠡᠮᠡᠭᠳᠡᠵᠡᠢ᠃ | ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠴᠢᠩᠬᠤᠸᠠ ᠶᠡᠭᠡ ᠰᠤᠷᠭᠠᠭᠤᠯᠢ ᠶᠢᠨ ᠫᠷᠤᠹᠧᠰᠰᠤᠷ ᠧᠦ | ᠶᠠᠩ ᠮᠢᠩ ᠭᠤᠸ ᠢᠯᠡᠷᠬᠡᠶᠢᠯᠡᠬᠦ ᠳᠡᠭᠡᠨ᠂ ᠣᠶᠢᠷ᠎ᠠ ᠶᠢᠨ ᠠᠷᠪᠠᠨ ᠵᠢᠯ ᠤᠨ ᠳᠡᠭᠡᠳᠦ ᠬᠤᠷᠳᠤᠴᠠᠲᠤ ᠬᠥᠭᠵᠢᠯᠲᠡ ᠪᠠᠷ | ᠳᠡᠮᠵᠢᠨ᠂ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡ ᠪᠠ ᠬᠥᠳᠡᠯᠭᠡᠬᠦ ᠬᠦᠴᠦᠨ ᠤ ᠳ᠋ᠢᠶᠠᠨ ᡂᠢ ᠶᠢᠨ | ᠠᠵᠤ ᠦᠢᠯᠡᠰ ᠪᠦᠭᠦ ᠪᠥᠮᠪᠥᠷᠴᠡᠭ ᠢ ᠬᠥᠲᠥᠯᠥᠨ ᠳᠠᠭᠠᠭᠤᠯᠵᠤ᠂ ᠭᠠᠷᠤᠯᠲᠠ ᠪᠠ ᠬᠠᠳᠠᠭᠠᠯᠠᠯᠲᠠ ᠶᠢᠨ ᠬᠡᠮᠵᠢᠶ᠎ᠡ | ᠳᠡᠯᠡᠬᠡᠢ ᠶᠢᠨ ᠨᠢᠭᠡᠳᠦᠭᠡᠷ ᠲᠤ ᠯᠠᠪᠳᠠᠭᠤᠨ ᠢᠶᠠᠷ ᠣᠷᠣᠭᠰᠠᠨ ᠪᠥᠭᠡᠳ ᠶᠡᠭᠡ ᠬᠡᠪᠴᠢᠶ᠎ᠡ ᠪᠠᠷ ᠭᠠᠳᠠᠭᠠᠳᠤ ᠳᠤ | ᠭᠠᠷᠭᠠᠬᠤ ᠶᠢ ᠪᠡᠶᠡᠯᠡᠭᠦᠯᠦᠭᠰᠡᠨ ᠨᠢ ᠮᠠᠨ ᠤ ᠤᠯᠤᠰ ᠤᠨ ᠠᠵᠤ ᠠᠬᠤᠢ ᠶᠢᠨ ᠨᠢᠭᠡ ᠶᠡᠭᠡ ᠭᠢᠯᠠᠰ ᠴᠡᠭ ᠪᠣᠯᠤᠭᠰᠠᠨ | ᠪᠠᠶᠢᠨ᠎ᠠ ᠭᠡᠵᠡᠢ᠃ | ︽ᠭᠤᠷᠪᠠᠨ ᠴᠠᠭᠢᠯᠭᠠᠨ︾ ᠤ ᠮᠡᠷᠭᠡᠵᠢᠯ ᠤᠨ ᠬᠦᠷᠢᠶᠡᠨ ᠳᠤ ᠥᠷᠢᠰᠦᠯᠳᠦᠭᠡᠨ ᠤ ᠳᠠᠪᠠᠭᠤᠯᠢᠭ ᠢ ᠠᠯᠬᠤᠮ | ᠠᠯᠬᠤᠮ ᠢᠶᠠᠷ ᠪᠤᠢ ᠪᠣᠯᠭᠠᠪᠠ | ᠮᠡᠷᠭᠡᠵᠢᠯ ᠤᠨ ᠰᠢᠨ᠎ᠡ ᠶᠢ ᠡᠭᠦᠳᠬᠦ ᠪᠣᠯ ᠠᠵᠤ ᠦᠢᠯᠡᠰ ᠤᠨ ᠬᠥᠭᠵᠢᠯᠲᠡ ᠶᠢᠨ ᠭᠤᠣᠯᠯᠠᠬᠤ ᠥᠷᠢᠰᠦᠯᠳᠦᠬᠦ | ᠬᠦᠴᠦᠨ ᠮᠥᠨ᠃ | ᠣᠶᠢᠷ᠎ᠠ ᠶᠢᠨ ᠵᠢᠯ ᠠᠴᠠ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠭᠤᠣᠯᠯᠠᠬᠤ | ᠮᠡᠷᠭᠡᠵᠢᠯ ᠦᠷᠭᠦᠯᠵᠢᠯᠡᠨ ᠰᠢᠪᠲᠤᠯᠤᠯᠲᠠ ᠲᠠᠢ ᠪᠣᠯᠵᠠᠢ᠃ ᠵᠢᠱᠢᠶᠡᠯᠡᠪᠡᠯ᠂ ᠬᠥᠳᠡᠯᠭᠡᠬᠦ ᠬᠦᠴᠦᠨ ᠤ ᠳ᠋ᠢᠶᠠᠨ ᡂᠢ ᠶᠢᠨ | ᠲᠠᠩ ᠪᠡᠶ᠎ᠡ ᠶᠢᠨ ᠡᠨᠧᠷᠭᠢ ᠶᠢᠨ ᠨᠢᠭᠲᠠᠴᠠ ᠨᠢ ᠺᠢᠯᠣᠭ᠍ᠷᠠᠮ ᠪᠦᠷᠢ ᠳᠡᠭᠡᠨ 300 ᠸᠠᠲ ᠴᠠᠭ ᠬᠦᠷᠴᠦ᠂ ᠳᠡᠯᠡᠬᠡᠢ ᠶᠢᠨ | ᠲᠡᠷᠢᠭᠦᠨ ᠤ ᠬᠢᠷᠢ ᠲᠦᠪᠰᠢᠨ ᠳᠤ ᠬᠦᠷᠴᠦ᠂ ᠰᠢᠨ᠎ᠡ ᠭᠡᠯᠪᠡᠷᠢ ᠶᠢᠨ ᠪᠦᠯᠦᠭᠯᠡᠭᠰᠡᠨ ᠮᠡᠷᠭᠡᠵᠢᠯ᠂ ᠥᠨᠳᠥᠷ ᠨᠢᠺᠧᠯ | ᠺᠤᠪᠠᠯᠲ ᠦᠭᠡᠢ ᠳ᠋ᠢᠶᠠᠨ ᡂᠢ ᠵᠡᠷᠭᠡ ᠨᠢ ᠬᠡᠷᠡᠭᠯᠡᠭᠡᠨ ᠳᠤ ᠰᠢᠪᠲᠤᠯᠤᠯᠲᠠ ᠲᠠᠢ ᠪᠤᠯᠪᠠ;ᠭᠦᠳᠡᠯᠭᠡᠭᠦᠷ ᠴᠠᠭᠢᠯᠭᠠᠨ | ᠮᠠᠰᠢᠨ ᠤ ᠤᠷᠭᠢᠯ ᠤᠨ ᠬᠡᠮᠵᠢᠭᠳᠡᠯ ᠤᠨ ᠴᠢᠳᠠᠯ ᠤᠨ ᠨᠢᠭᠲᠠᠴᠠ ᠨᠢ ᠺᠢᠯᠣᠭ᠍ᠷᠠᠮ ᠪᠦᠷᠢ ᠳᠡᠭᠡᠨ 4.8 ᠺᠢᠯᠣᠸᠠᠲ ᠠᠴᠠ | ᠳᠠᠪᠠᠵᠤ᠂ ᠬᠠᠮᠤᠭ ᠥᠨᠳᠥᠷ ᠡᠷᠭᠢᠯᠲᠡ ᠶᠢᠨ ᠬᠤᠷᠳᠤᠴᠠ ᠨᠢ ᠮᠢᠨᠦ᠋ᠲ ᠪᠦᠷᠢ ᠳᠡᠭᠡᠨ16000 ᠡᠷᠭᠢᠨ᠎ᠠ;ᠴᠤᠯᠤ | ᠴᠠᠭᠢᠯᠭᠠᠨ ᠭᠦᠳᠡᠯᠭᠡᠭᠦᠷᠲᠦ ᠰᠠᠭᠤᠳᠠᠯ ᠤᠨ ᠮᠠᠰᠢᠨ ᠤ ᠵᠠᠭᠤᠨ ᠺᠢᠯᠣᠮᠧᠲᠷ ᠤᠨ ᠳᠤᠮᠳᠠᠴᠢ ᠴᠠᠭᠢᠯᠭᠠᠨ ᠤ ᠬᠤᠷᠣᠭᠳᠠᠯ | 12.35 ᠺᠢᠯᠣᠸᠠᠲ ᠴᠠᠭ ᠪᠤᠯᠲᠠᠯ᠎ᠠ ᠪᠠᠭᠤᠷᠠᠪᠠ᠃ | ︽ᠮᠠᠨ ᠤ ᠤᠯᠤᠰ ᠨᠢᠭᠡᠨᠲᠡ ︿ᠭᠤᠷᠪᠠᠨ ᠴᠠᠭᠢᠯᠭᠠᠨ﹀ ︵ᠳ᠋ᠢᠶᠠᠨ ᡂᠢ᠂ ᠴᠠᠭᠢᠯᠭᠠᠨ ᠮᠠᠰᠢᠨ᠂ ᠴᠠᠭᠢᠯᠭᠠᠨ | ᠡᠵᠡᠮᠰᠢᠯ︶ ᠤᠨ ᠮᠡᠷᠭᠡᠵᠢᠯ ᠤᠨ ᠬᠦᠷᠢᠶᠡᠨ ᠳᠤ ᠥᠷᠢᠰᠦᠯᠳᠦᠭᠡᠨ ᠤ ᠳᠠᠪᠠᠭᠤᠯᠢᠭ ᠢ ᠠᠯᠬᠤᠮ ᠠᠯᠬᠤᠮ ᠢᠶᠠᠷ ᠪᠤᠶ | ᠪᠣᠯᠭᠠᠵᠠᠢ︾᠃ ᠹᠦ᠋ ᠪᠢᠩ ᠹᠧᠩ ᠬᠡᠯᠡᠬᠦ ᠳᠡᠭᠡᠨ᠂ ᠣᠶᠢᠷ᠎ᠠ ᠶᠢᠨ ᠬᠤᠭᠤᠴᠠᠭᠠᠨ ᠳᠤ ᠬᠡᠷᠡᠭᠯᠡᠭᠡᠨ ᠤ ᠳᠠᠯᠳᠠ ᠬᠦᠴᠦᠨ ᠢ | ᠬᠥᠭᠵᠢᠭᠡᠬᠦ᠂ ᠠᠵᠤ ᠦᠢᠯᠡᠰ ᠤᠨ ᠢᠵᠢ ᠪᠦᠷᠢᠳᠦᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ | ᠲᠠᠯ᠎ᠠ ᠶᠢᠨ ᠲᠦᠷᠦ ᠶᠢᠨ ᠪᠣᠳᠣᠯᠭ᠎ᠠ ᠶᠢ ᠵᠠᠯᠭᠠᠭ᠎ᠠ ᠪᠠᠷ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠵᠢᠱᠢᠯᠲᠡ ᠶᠢ ᠤᠯᠠᠮ | ᠴᠢᠨᠠᠭᠰᠢᠳᠠ ᠲᠣᠭᠲᠠᠪᠤᠷᠢᠵᠢᠭᠤᠯᠵᠤ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ | ᠭᠡᠵᠡᠢ᠃ | ᠬᠡᠯᠡᠯᠭᠡᠨ ᠦᠭᠡᠢ᠂ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠲᠤ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠬᠠᠩᠭᠠᠯᠭ᠎ᠠ ᠬᠦᠷᠦᠯᠴᠡᠬᠦ ᠦᠭᠡᠢ ᠪᠠᠶᠢᠬᠤ᠂ ᠲᠤᠯᠭᠠᠭᠤᠷᠢᠯᠠᠨ ᠪᠠᠲᠤᠯᠠᠬᠤ | ᠴᠢᠳᠠᠪᠤᠷᠢ ᠶᠢ ᠳᠡᠭᠡᠭᠰᠢᠯᠡᠭᠦᠯᠭᠦ ᠴᠢᠬᠤᠯᠠᠲᠠᠢ ᠪᠠᠶᠢᠬᠤ ᠵᠡᠷᠭᠡ ᠠᠰᠠᠭᠤᠳᠠᠯ ᠮᠥᠨ ᠬᠦ ᠣᠷᠣᠰᠢᠵᠤ ᠪᠠᠶᠢᠬᠤ ᠶᠢ ᠴᠤ | ᠣᠯᠵᠤ ᠬᠠᠷᠠᠬᠤ ᠬᠡᠷᠡᠭᠲᠡᠢ᠃ | ︽ᠮᠠᠰᠢᠨ ᠲᠡᠷᠭᠡᠨ ᠤ ᠴᠢᠫ᠂ ᠬᠡᠷᠡᠭᠯᠡᠭᠡᠨ ᠤ ᠵᠥᠭᠡᠯᠡᠨ ᠲᠣᠨᠤᠭ ᠪᠣᠯᠣᠨ ᠠᠵᠢᠯᠯᠠᠭᠤᠯᠬᠤ ᠰᠢᠰᠲ᠋ᠧᠮ ᠵᠡᠷᠭᠡ | ᠣᠯᠠᠨ ᠬᠦᠷᠢᠶᠡᠨ ᠳᠤ ᠬᠠᠮᠵᠢᠯᠴᠠᠨ ᠤᠷᠤᠭᠰᠢᠯᠠᠬᠤ ᠵᠠᠭᠪᠤᠷ ᠢ ᠪᠤᠶ ᠪᠤᠯᠭᠠᠬᠤ ᠪᠣᠯ ᠠᠵᠤ ᠦᠢᠯᠡᠰ ᠤᠨ ᠭᠡᠯᠪᠡᠷᠢ ᠶᠢ | ᠬᠤᠪᠢᠷᠠᠭᠤᠯᠤᠨ ᠳᠡᠰ ᠳᠡᠪᠰᠢᠭᠦᠯᠬᠦ ᠶᠢᠨ ᠵᠠᠩᠭᠢᠯᠠᠭ᠎ᠠ ᠮᠥᠨ︾᠃ ᠳᠤᠮᠳᠠᠳᠤ ᠤᠯᠤᠰ ᠤᠨ ᠮᠠᠰᠢᠨ ᠲᠡᠷᠭᠡᠨ ᠤ ᠠᠵᠤ | ᠦᠢᠯᠡᠳᠪᠦᠷᠢ ᠶᠢᠨ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ ᠯᠢ ᠱᠤᠤ ᠬᠤᠸᠠ ᠶᠢᠨ ᠦᠵᠡᠬᠦ ᠪᠠᠷ᠂ | ᠭᠤᠣᠯ ᠮᠠᠰᠢᠨ ᠤ ᠦᠢᠯᠡᠳᠪᠦᠷᠢ ᠬᠤᠳᠠᠯᠳᠤᠭ᠎ᠠ᠂ ᠵᠥᠭᠡᠯᠡᠨ ᠲᠤᠨᠤᠭ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠨᠢ ᠬᠠᠮᠲᠤ ᠪᠠᠷ ᠨᠡᠶᠢᠲᠡᠯᠢᠭ ᠴᠢᠨᠠᠷᠲᠠᠢ ᠮᠡᠷᠭᠡᠵᠢᠯ ᠤᠨ ᠲᠠᠪᠴᠠᠩ ᠢ | ᠪᠠᠶᠢᠭᠤᠯᠵᠤ᠂ ᠬᠠᠮᠲᠤ ᠪᠠᠷ ᠡᠳ᠋ᠯᠡᠵᠦ᠂ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠪᠤᠷᠢᠲᠤ ᠴᠢᠨᠠᠷ ᠪᠣᠯᠣᠨ ᠥᠷᠢᠰᠦᠯᠳᠦᠬᠦ | ᠬᠦᠴᠦᠨ ᠢ ᠳᠡᠭᠡᠭᠰᠢᠯᠡᠭᠦᠯᠭᠦ ᠬᠡᠷᠡᠭᠲᠡᠢ ᠭᠡᠯᠡ᠃ | ᠰᠢᠨ ᠭᠦᠸᠧ ᠪᠢᠨ ᠵᠢᠭᠠᠵᠤ ᠭᠠᠷᠭᠠᠬᠤ ᠳᠠᠭᠠᠨ᠂ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ | ᠶᠠᠮᠤᠨ ᠠᠴᠠ ᠳᠤᠮᠳᠠᠳᠤ ᠤᠯᠤᠰ ᠤᠨ ᠠᠵᠤ ᠠᠬᠤᠶᠢᠯᠠᠯ ᠪᠣᠯᠣᠨ ᠡᠯ᠎ᠡ ᠤᠯᠤᠰ ᠤᠨ ᠠᠵᠤ ᠠᠬᠤᠶᠢᠯᠠᠯ ᠤᠨ ᠰᠢᠨ᠎ᠡ | ᠰᠢᠰᠲ᠋ᠧᠮ ᠤᠨ ᠳ᠋ᠢᠶᠠᠨ ᡂᠢ᠂ ᠠᠦ᠋ᠲ᠋ᠣ᠋ ᠵᠢᠯᠣᠭᠤᠳᠤᠮᠵᠢ ᠵᠡᠷᠭᠡ ᠬᠦᠷᠢᠶᠡᠨ ᠳᠤ ᠮᠡᠷᠭᠡᠵᠢᠯ ᠤᠨ ᠬᠠᠮᠲᠤᠷᠠᠯᠴᠠᠭ᠎ᠠ | ᠥᠷᠨᠢᠭᠦᠯᠬᠦ ᠶᠢ ᠳᠡᠮᠵᠢᠵᠦ᠂ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠲᠦᠷᠦᠯ ᠲᠡᠮᠳᠡᠭ ᠤᠨ ᠠᠮᠢᠵᠢᠷᠠᠯ ᠤᠨ | ᠬᠦᠴᠦᠨ ᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠦᠢᠯᠡᠳᠬᠦᠨ ᠤ ᠪᠦᠭᠦ | ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠣᠨᠣᠯᠵᠢᠬᠤᠨ ᠢ ᠪᠤᠶ ᠪᠤᠯᠭᠠᠵᠤ᠂ ᠲᠣᠭᠠᠵᠢᠭᠤᠯᠬᠤ᠂ | ᠰᠦᠯᠵᠢᠶᠡᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ ᠴᠢᠨᠠᠷ ᠰᠠᠶᠢᠲᠠᠢ ᠦᠢᠯᠡᠴᠢᠯᠡᠭᠡ ᠪᠠᠷ | ᠨᠠᠷᠠᠲᠤ ᠲᠥᠷᠥᠯ ᠲᠡᠮᠳᠡᠭᠲᠦ ᠶᠢᠨ ᠨᠡᠶᠢᠯᠡᠬᠦ ᠬᠦᠴᠦᠨ ᠢ ᠳᠡᠭᠡᠭᠰᠢᠯᠡᠭᠦᠯᠦᠨ᠎ᠡ ᠭᠡᠵᠡᠢ᠃ | ᠡᠭᠦᠨ ᠠᠴᠠ ᠭᠠᠳᠠᠨ᠎ᠠ᠂ ᠲᠤᠰᠬᠠᠢ ᠮᠡᠷᠭᠡᠵᠢᠯᠲᠡᠨ ᠤ ᠦᠵᠡᠬᠦ ᠪᠠᠷ ᠣᠳᠣᠬᠠᠨ ᠳᠤ ᠮᠠᠨ ᠤ ᠤᠯᠤᠰ ᠤᠨ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠲᠤ ᠮᠥᠨ ᠬᠦ ᠯᠢᠲ᠋ᠢ᠂ ᠨᠢᠺᠧᠯ᠂ ᠺᠤᠪᠠᠯᠲ ᠵᠡᠷᠭᠡ ᠲᠦᠭᠦᠬᠡᠢ | ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠬᠤ ᠳᠤ ᠲᠦᠰᠢᠭᠯᠡᠬᠦ ᠦᠵᠡᠭᠳᠡᠯ ᠣᠷᠣᠰᠢᠵᠤ ᠪᠠᠶᠢᠨ᠎ᠠ᠂ ᠳᠡᠭᠡᠳᠦ | ᠬᠤᠷᠳᠤᠴᠠ ᠪᠠᠷ ᠬᠥᠭᠵᠢᠭᠦᠯᠬᠦ ᠶᠠᠪᠤᠴᠠ ᠳᠤ ᠪᠠᠰᠠ ᠦᠢᠯᠡᠳᠪᠦᠷᠢᠯᠡᠬᠦ ᠴᠢᠳᠠᠪᠤᠷᠢ ᠶᠢᠨ ᠦᠯᠡᠭᠦᠳᠡᠯ ᠪᠠ | ᠪᠦᠲᠦᠴᠡ ᠶᠢᠨ ᠴᠢᠨᠠᠷᠲᠠᠢ ᠵᠥᠷᠢᠴᠡᠯ ᠵᠡᠷᠭᠡ ᠠᠶᠤᠯ ᠲᠦᠭᠰᠢᠭᠦᠷᠢ ᠶᠢ ᠰᠡᠷᠡᠮᠵᠢᠯᠡᠬᠦ ᠬᠡᠷᠡᠭᠲᠡᠢ᠃ ᠠᠯᠤᠰ ᠭᠡᠳᠤ ᠶᠢ | ᠪᠣᠳᠣᠯᠬᠢᠯᠠᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠰᠠᠶᠢᠨ ᠰᠠᠶᠢᠬᠠᠨ ᠠᠵᠢᠯ ᠲᠦᠷᠦᠯ ᠤᠨ ᠡᠮᠬᠢ ᠳᠢᠭᠯᠢᠮ ᠢ | ᠰᠠᠶᠢᠲᠤᠷ ᠬᠠᠮᠠᠭᠠᠯᠠᠵᠤ᠂ ᠠᠵᠤ ᠦᠢᠯᠡᠰ ᠤᠨ ᠬᠥᠭᠵᠢᠯᠲᠡ ᠶᠢ ᠯᠠᠪᠳᠠᠭᠤᠨ ᠢᠶᠠᠷ ᠬᠥᠭᠵᠢᠭᠦᠯᠬᠦ ᠬᠡᠷᠡᠭᠲᠡᠢ ᠭᠡᠵᠡᠢ᠃ | ᠴᠢᠨᠠᠷ ᠰᠠᠶᠢᠲᠠᠢ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠤᠯᠠᠮ ᠨᠢᠭᠡ ᠠᠯᠬᠤᠮ ᠪᠠᠶᠢᠭᠤᠯᠤᠨ᠎ᠠ | - ᠡᠨᠡ ᠵᠢᠯ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭᠠᠨ ᠳᠤ ᠪᠢᠳᠡ | ᠭᠡᠷ ᠢᠶᠠᠷ ᠢᠶᠠᠨ ᠲᠡᠷᠭᠡ ᠵᠢᠯᠣᠭᠤᠳᠤᠨ ᠵᠢᠭᠤᠯᠴᠢᠯᠠᠵᠤ᠂ ᠵᠠᠮ ᠵᠠᠭᠤᠷ᠎ᠠ ᠪᠠᠨ ᠲᠦᠷᠭᠡᠨ ᠤ ᠵᠠᠰᠠᠮᠠᠯ ᠵᠠᠮ ᠤᠨ | ᠦᠢᠯᠡᠴᠢᠯᠡᠭᠡᠨ ᠤ ᠲᠣᠭᠤᠷᠢᠭ ᠲᠤ ᠴᠡᠨᠡᠭᠯᠡᠬᠦ ᠳᠤ ᠲᠡᠷᠭᠡ ᠣᠯᠠᠨ ᠪᠥᠭᠡᠳ ᠴᠡᠨᠡᠭᠯᠡᠬᠦ ᠱᠣᠩ ᠴᠥᠭᠡᠨ᠂ ᠮᠥᠷᠯᠡᠵᠦ | ᠬᠦᠯᠢᠶᠡᠬᠦ ᠴᠠᠭ ᠨᠢ ᠣᠷᠳᠣ ᠪᠥᠭᠡᠳ ᠴᠡᠨᠡᠭᠯᠡᠬᠦ ᠴᠢᠳᠠᠯ ᠨᠢ ᠪᠠᠭ᠎ᠠ᠂ ᠴᠡᠨᠡᠭᠯᠡᠬᠦ ᠴᠠᠭ ᠨᠢ ᠨᠡᠯᠢᠶᠡᠳ ᠣᠷᠳᠣ ᠪᠣᠯᠬᠤᠷ | ᠭᠠᠳᠠᠭᠰᠢ ᠭᠠᠷᠬᠤ ᠳᠤ ᠲᠤᠩ ᠲᠦᠭᠦᠮ ᠦᠭᠡᠢ ᠭᠡᠵᠦ ᠪᠡᠭᠡᠵᠢᠩ ᠬᠤᠳᠠ ᠶᠢᠨ ᠳ᠋ᠠ ᠰᠢᠩ ᠲᠣᠭᠤᠷᠢᠭ ᠲᠤ ᠰᠠᠭᠤᠭ᠎ᠠ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠵᠡᠨ ᠸᠠᠩ ᠶᠦᠩ ᠲᠤᠤ ᠬᠡᠯᠡᠨ᠎ᠡ᠃ | ᠣᠳᠣᠬᠠᠨ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠤᠮᠳᠠ ᠬᠤᠯᠠ ᠵᠠᠮ ᠤᠨ ᠠᠶᠠᠯᠠᠯ ᠤᠨ ᠬᠡᠷᠡᠭᠴᠡᠭᠡ | ᠲᠠᠰᠤᠷᠠᠯᠲᠠ ᠦᠭᠡᠢ ᠨᠡᠮᠡᠭᠳᠡᠬᠦ ᠶᠢ ᠳᠠᠭᠠᠯᠳᠤᠨ᠂ ᠲᠦᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠨᠢ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠭᠢᠯᠭᠠᠨ ᠴᠡᠨᠡᠭᠯᠡᠬᠦ ᠴᠢᠬᠤᠯᠠ ᠲᠠᠯᠠᠪᠤᠷ ᠪᠣᠯᠤᠭᠰᠠᠨ ᠪᠠᠶᠢᠨ᠎ᠠ᠃ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠨᠧᠷᠭᠢ ᠶᠢᠨ ᠰᠤᠷᠪᠤᠯᠵᠢ ᠶᠢᠨ | ᠰᠤᠳᠤᠯᠭᠠᠨ ᠤ ᠭᠠᠵᠠᠷ ᠤᠨ ᠳᠠᠷᠤᠭ᠎ᠠ ᠸᠠᠩ ᠵᠥᠩ ᠢᠩ ᠤᠨ ᠲᠠᠨᠢᠯᠴᠠᠭᠤᠯᠤᠭᠰᠠᠨ ᠢᠶᠠᠷ᠂ ᠡᠨᠡ ᠵᠢᠯ ᠤᠨ 5 | ᠰᠠᠷ᠎ᠠ ᠶᠢᠨ ᠰᠡᠭᠦᠯᠴᠢ ᠪᠤᠯᠲᠠᠯ᠎ᠠ᠂ ᠮᠠᠨ ᠤ ᠤᠯᠤᠰ ᠤᠨ ᠴᠡᠨᠡᠭᠯᠡᠬᠦ ᠨᠥᠬᠦᠴᠡᠯ ᠢ ᠪᠦᠷᠢᠯᠳᠦᠭᠦᠯᠦᠭᠰᠡᠨ ᠲᠦᠷᠭᠡᠨ ᠤ | ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ 4289 ᠪᠣᠯᠵᠤ᠂ ᠦᠢᠯᠡᠴᠢᠯᠡᠭᠡᠨ ᠤ ᠲᠣᠭᠤᠷᠢᠭ ᠤᠨ ᠪᠦᠭᠦ | ᠲᠣᠭᠠᠨ ᠤ 65% ᠶᠢ ᠡᠵᠡᠯᠡᠵᠡᠢ᠃ ᠭᠡᠪᠡᠴᠦ ᠪᠦᠷᠢᠳᠬᠡᠯ ᠢ ᠦᠨᠳᠦᠰᠦᠯᠡᠪᠡᠯ᠂ ᠲᠦᠷᠭᠡᠨ ᠤ ᠵᠠᠰᠠᠮᠠᠯ ᠵᠠᠮ ᠤᠨ | ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠬᠠᠳᠠᠭᠠᠯᠠᠯᠲᠠ ᠶᠢᠨ ᠬᠡᠮᠵᠢᠶ᠎ᠡ ᠪᠠᠷᠤᠭ 1.8 ᠲᠦᠮᠡ ᠪᠠᠶᠢᠵᠤ᠂ ᠮᠠᠨ ᠤ | ᠤᠯᠤᠰ ᠤᠨ ᠣᠯᠠᠨ ᠨᠡᠶᠢᠲᠡ ᠶᠢᠨ ᠴᠠᠭᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠬᠠᠳᠠᠭᠠᠯᠠᠯᠲᠠ ᠶᠢᠨ | ᠬᠡᠮᠵᠢᠶ᠎ᠡ ᠶᠢᠨ 0.8% ᠶᠢ ᠯᠡ ᠡᠵᠡᠯᠡᠵᠦ ᠪᠠᠶᠢᠨ᠎ᠠ᠃ ᠬᠥᠭᠵᠢᠯᠲᠡ ᠶᠢᠨ ᠬᠡᠷᠡᠭᠴᠡᠭᠡ ᠲᠠᠢ ᠬᠠᠷᠢᠴᠠᠭᠤᠯᠪᠠᠯ᠂ | ᠴᠠᠭᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ᠂ ᠨᠢᠭᠲᠠᠴᠠ ᠥᠨᠳᠥᠷ | ᠪᠢᠰᠢ᠂ ᠬᠠᠮᠤᠷᠬᠤ ᠬᠡᠪᠴᠢᠶ᠎ᠡ ᠬᠦᠷᠦᠯᠴᠡᠬᠦ ᠦᠭᠡᠢ ᠵᠡᠷᠭᠡ ᠠᠰᠠᠭᠤᠳᠠᠯ ᠮᠥᠨ ᠬᠦ ᠨᠡᠯᠢᠶᠡᠳ ᠲᠣᠪᠣᠶᠢᠮ᠎ᠠ ᠪᠠᠶᠢᠨ᠎ᠠ | ᠭᠡᠵᠡᠢ᠃ | ︽ᠵᠠᠰᠠᠮᠠᠯ ᠵᠠᠮ ᠤᠨ ᠴᠠᠭᠢᠯᠭᠠᠨ ᠴᠡᠨᠡᠭᠯᠡᠬᠦ ᠳᠤ ᠬᠦᠴᠢᠷ︾ ᠠᠴᠠ ᠭᠠᠳᠠᠨ᠎ᠠ᠂ ︽ᠴᠠᠭᠢᠯᠭᠠᠨ ᠱᠣᠩ ᠬᠤᠪᠣᠷ︾᠂ | ︽ᠰᠠᠭᠤᠭᠠᠯᠢ ᠲᠣᠭᠤᠷᠢᠭ ᠲᠤ ᠤᠭᠰᠠᠷᠠᠬᠤ ᠳᠤ ᠬᠦᠴᠢᠷ︾ ᠨᠢ ᠴᠦ ᠣᠳᠣᠬᠠᠨ ᠤ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠬᠡᠷᠡᠭᠯᠡᠭᠴᠢ ᠶᠢᠨ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠪᠣᠯᠣᠨ᠎ᠠ᠃ | ᠳᠤᠮᠳᠠᠳᠤ ᠤᠯᠤᠰ ᠤᠨ ᠴᠠᠭᠢᠯᠭᠠᠨ ᠭᠦᠳᠡᠯᠭᠡᠭᠦᠷᠲᠦ ᠮᠠᠰᠢᠨ ᠲᠡᠷᠭᠡᠨ ᠤ ᠴᠠᠭᠢᠯᠭᠠᠨ ᠴᠡᠨᠡᠭᠯᠡᠬᠦ ᠰᠠᠭᠤᠷᠢ | ᠲᠥᠬᠦᠭᠡᠷᠦᠮᠵᠢ ᠶᠢ ᠠᠬᠢᠭᠤᠯᠬᠤ ᠬᠤᠯᠪᠤᠭ᠎ᠠ ᠶᠢᠨ ᠨᠠᠷᠢᠨ ᠪᠢᠴᠢᠭ ᠤᠨ ᠳᠠᠷᠤᠭ᠎ᠠ ᠸᠠᠩ ᠶᠣᠣ ᠬᠡᠯᠡᠬᠦ ᠳᠡᠭᠡᠨ᠂ | ᠬᠠᠭᠤᠴᠢᠨ ᠰᠠᠭᠤᠭᠠᠯᠢ ᠲᠣᠭᠤᠷᠢᠭ ᠤᠨ ᠲᠡᠷᠭᠡ ᠵᠣᠭᠰᠣᠭᠠᠯ ᠪᠠᠴᠢᠮ᠂ ᠴᠠᠭᠢᠯᠭᠠᠨ ᠬᠦᠴᠦᠨ ᠤ ᠪᠠᠭᠲᠠᠭᠠᠮᠵᠢ | ᠬᠦᠷᠦᠯᠴᠡᠬᠦ ᠦᠭᠡᠢ ᠪᠠᠶᠢᠬᠤ ᠵᠡᠷᠭᠡ ᠠᠰᠠᠭᠤᠳᠠᠯ ᠠᠴᠠ ᠪᠣᠯᠵᠤ ᠬᠡᠷᠡᠭᠴᠡᠭᠡ ᠶᠣᠰᠣᠭᠠᠷ ᠬᠤᠪᠢ ᠬᠥᠮᠥᠨ ᠤ ᠴᠠᠭᠢᠯᠭᠠᠨ | ᠴᠡᠨᠡᠭᠯᠡᠬᠦ ᠱᠣᠩ ᠲᠣᠬᠢᠷᠠᠭᠤᠯᠬᠤ ᠶᠢᠨ ᠠᠷᠭ᠎ᠠ ᠦᠭᠡᠢ᠂ ᠪᠠᠰᠠ ᠬᠡᠰᠡᠭ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ | ᠭᠠᠵᠠᠷ ᠤᠨ ᠬᠢᠨ ᠬᠠᠮᠵᠢᠯᠴᠠᠬᠤ ᠦᠭᠡᠢ ᠵᠡᠷᠭᠡ ᠪᠠᠶᠢᠳᠠᠯ ᠣᠷᠣᠰᠢᠵᠤ᠂ ᠬᠤᠪᠢ ᠬᠥᠮᠥᠨ ᠤ ᠴᠠᠭᠢᠯᠭᠠᠨ ᠴᠡᠨᠡᠭᠯᠡᠬᠦ | ᠱᠣᠩ ᠤᠭᠰᠠᠷᠠᠬᠤ ᠶᠢᠨ ᠠᠷᠭ᠎ᠠ ᠦᠭᠡᠢ ᠪᠣᠯᠭᠠᠵᠠᠢ᠃ ᠡᠭᠦᠨ ᠠᠴᠠ ᠭᠠᠳᠠᠨ᠎ᠠ᠂ ᠣᠯᠠᠨ ᠨᠡᠶᠢᠲᠡ ᠶᠢᠨ ᠴᠠᠭᠢᠯᠭᠠᠨ | ᠴᠡᠨᠡᠭᠯᠡᠬᠦ ᠱᠣᠩ ᠤᠨ ᠪᠠᠶᠢᠷᠢ ᠶᠢ ᠡᠷᠢᠬᠦ ᠳᠤ ᠬᠦᠴᠢᠷᠲᠡᠢ᠂ ᠴᠠᠭᠢᠯᠭᠠᠨ ᠴᠡᠨᠡᠭᠯᠡᠬᠦ ᠱᠣᠩ ᠤᠨ ᠰᠠᠭᠠᠳ ᠭᠠᠷᠬᠤ ᠨᠣᠷᠮ᠎ᠠ | ᠥᠨᠳᠥᠷ᠂ ᠴᠠᠭᠢᠯᠭᠠᠨ ᠴᠡᠨᠡᠭᠯᠡᠬᠦ ᠲᠡᠷᠭᠡᠨ ᠪᠠᠶᠢᠷᠢ ᠶᠢ ᠡᠵᠡᠯᠡᠨ ᠬᠡᠷᠡᠭᠯᠡᠬᠦ ᠵᠡᠷᠭᠡ ᠠᠰᠠᠭᠤᠳᠠᠯ ᠨᠠᠩ ᠴᠤ ᠲᠣᠪᠣᠶᠢᠮ᠎ᠠ | ᠪᠠᠶᠢᠨ᠎ᠠ ᠭᠡᠵᠡᠢ᠃ | ᠠᠯᠤᠰ ᠭᠡᠲᠦ ᠠᠴᠠ ᠠᠪᠴᠤ ᠦᠵᠡᠪᠡᠯ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ | ᠬᠥᠭᠵᠢᠯᠲᠡ ᠨᠢ ᠴᠢᠨᠠᠷ ᠰᠠᠶᠢᠲᠠᠢ ᠴᠠᠭᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠢᠰᠲ᠋ᠧᠮ ᠠᠴᠠ ᠰᠠᠯᠵᠤ | ᠴᠢᠳᠠᠬᠤ ᠦᠭᠡᠢ ᠶᠤᠮ᠃ ︽2022 ᠣᠨ ᠤ ᠡᠴᠦᠰ ᠪᠤᠯᠲᠠᠯ᠎ᠠ᠂ ᠮᠠᠨ ᠤ ᠤᠯᠤᠰ ᠤᠨ ᠤᠯᠤᠰ ᠤᠨ ᠳᠣᠲᠣᠭᠠᠳᠤ ᠶᠢᠨ | ᠲᠡᠷᠭᠡᠨ ᠱᠣᠩ ᠤᠨ ᠬᠠᠷᠢᠴᠠᠯ ᠨᠡᠶᠢᠲᠡ 2.5᠄ 1 ᠪᠣᠯᠵᠠᠢ︾᠃ ᠧᠦ ᠶᠠᠩ ᠮᠢᠩ ᠭᠤᠸ ᠵᠠᠯᠭᠠᠭᠠᠳ ᠬᠡᠯᠡᠬᠦ ᠳᠡᠭᠡᠨ᠂ | ᠵᠢᠱᠢᠯᠲᠡ ᠪᠠᠷ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠠᠳᠠᠭᠠᠯᠠᠯᠲᠠ ᠶᠢᠨ ᠬᠡᠮᠵᠢᠶ᠎ᠡ | ᠦᠷᠭᠦᠯᠵᠢᠯᠡᠨ ᠲᠦᠷᠭᠡᠨ ᠢᠶᠠᠷ ᠨᠡᠮᠡᠭᠳᠡᠬᠦ ᠪᠣᠯᠬᠤᠷ ᠴᠠᠭᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢ ᠡᠷᠬᠡᠪᠰᠢ | ᠲᠦᠷᠭᠡᠪᠴᠢᠯᠡᠨ ᠬᠥᠭᠵᠢᠭᠦᠯᠬᠦ ᠬᠡᠷᠡᠭᠲᠡᠢ ᠭᠡᠵᠡᠢ᠃ | ᠣᠶᠢᠷ᠎ᠠ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ︽ᠴᠢᠨᠠᠷ ᠰᠠᠶᠢᠲᠠᠢ ᠴᠠᠭᠢᠯᠭᠠᠨ | ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠤᠯᠠᠮ ᠨᠢᠭᠡ ᠠᠯᠬᠤᠮ ᠪᠠᠶᠢᠭᠤᠯᠬᠤ ᠲᠤᠬᠠᠢ ᠵᠢᠯᠤᠭᠤᠳᠬᠤ | ᠰᠠᠨᠠᠯ︾ ᠢ ᠳᠠᠷᠤᠮᠠᠯᠯᠠᠨ ᠲᠠᠷᠬᠠᠭᠠᠵᠤ᠂ ᠰᠦᠯᠵᠢᠶᠡᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠬᠦ᠂ | ᠭᠤᠣᠯᠳᠠᠯᠭ᠎ᠠ ᠲᠠᠢ ᠣᠷᠣᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ᠂ ᠡᠵᠡᠩᠨᠡᠯᠲᠡ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠭᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠬᠤ᠂ ᠳᠡᠮᠵᠢᠵᠦ ᠪᠠᠲᠤᠯᠠᠬᠤ ᠡᠷᠴᠢᠮ ᠢ ᠴᠢᠩᠭᠠᠷᠠᠭᠤᠯᠬᠤ | ᠵᠡᠷᠭᠡ ᠲᠠᠪᠤᠨ ᠲᠠᠯ᠎ᠠ ᠶᠢᠨ ᠡᠭᠦᠷᠭᠡ ᠶᠢ ᠲᠣᠳᠣᠷᠬᠠᠢ ᠳᠤᠷᠠᠳᠤᠨ ᠭᠠᠷᠭᠠᠪᠠ᠃ | ᠡᠭᠦᠨ ᠤ ᠲᠤᠬᠠᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶᠠᠨ ᠤ ᠳᠡᠳ᠋ ᠨᠠᠷᠢᠨ | ᠪᠢᠴᠢᠭ ᠤᠨ ᠳᠠᠷᠤᠭ᠎ᠠ ᠧᠦ ᠬᠤᠩ ᠢᠯᠡᠷᠬᠡᠶᠢᠯᠡᠬᠦ ᠳᠡᠭᠡᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠤᠯᠤᠰ ᠤᠨ ᠡᠨᠧᠷᠭᠢ ᠶᠢᠨ ᠰᠤᠷᠪᠤᠯᠵᠢ ᠶᠢᠨ ᠲᠣᠪᠴᠢᠶ᠎ᠠ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ | ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠡᠯ᠎ᠡ ᠭᠠᠵᠠᠷ ᠲᠤ ᠶᠠᠪᠤᠭᠤᠯᠬᠤ ᠵᠢᠯᠣᠭᠤᠳᠤᠯᠭ᠎ᠠ | ᠬᠢᠨᠠᠯᠲᠠ ᠪᠠᠨ ᠴᠢᠩᠭᠠᠳᠬᠠᠨ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠦᠷᠭᠡᠬᠡᠨ ᠨᠠᠶᠢᠳᠠᠪᠤᠷᠢᠵᠢᠭᠤᠯᠵᠤ ᠦᠷ᠎ᠡ | ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ ᠭᠡᠵᠡᠢ᠃ |