ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 22 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/16
     8 ᠰᠠᠷ᠎ᠠ ᠶᠢᠨ 15  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 22 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠬᠦᠨᠳᠦ ᠣᠨᠴᠠ ᠶᠡᠭᠡ ᠠᠳᠡᠯ ᠢ ᠰᠡᠷᠭᠡᠶᠢᠯᠡᠨ ᠬᠤᠷᠢᠭᠯᠠᠬᠤ ᠲᠤᠬᠠᠢ ᠬᠠᠲᠠᠭᠤ ᠠᠷᠭ᠎ᠠ ᠬᠡᠮᠵᠢᠶ᠎ᠡ ᠶᠢ ᠤᠯᠠᠮᠵᠢᠯᠠᠨ ᠰᠤᠷᠤᠯᠴᠠᠪᠠ︔ ᠮᠠᠨ ᠤ ᠰᠢᠶᠠᠨ ᠤ ᠡᠯ᠎ᠡ ᠬᠦᠷᠢᠶᠡᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠭᠰᠠᠨ ᠪᠠᠶᠢᠳᠠᠯ ᠢ ᠰᠣᠨᠣᠰᠪᠠ︔ ︽ᠦᠴᠦᠸᠠᠨ ᠰᠢᠶᠠᠨ ᠤ ᠡᠷᠦᠬᠡ ᠶᠢᠨ ᠭᠡᠷ ᠤᠨ ᠣᠷᠣᠢ ᠶᠢᠨ ᠲᠠᠷᠬᠠᠯᠲᠠ ᠶᠢᠨ ᠮᠠᠶ᠋ᠢᠭ ᠤᠨ ᠴᠠᠬᠢᠯᠭᠠᠨ ᠭᠠᠷᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠬᠢᠨᠠᠨ ᠵᠥᠪᠯᠡᠪᠡ︔ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠲᠣᠭᠤᠷᠢᠭ ᠤᠨ ᠪᠣᠬᠢᠷ ᠤᠰᠤᠨ ᠤ ᠬᠤᠭᠤᠯᠠᠢ ᠶᠢᠨ ᠲᠣᠣᠷ᠂ ᠵᠠᠮ ᠤᠨ ᠪᠦᠲᠦᠭᠡᠨ ᠪᠠᠶᠢᠭᠤᠯᠤᠯᠲᠠ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠵᠦᠢᠯᠡᠰ ᠢ ᠰᠤᠳᠤᠯᠪᠠ᠃      ᠬᠤᠷᠠᠯ ᠠᠴᠠ᠂ ᠡᠯ᠎ᠡ ᠰᠢᠶᠠᠩ ᠪᠠᠯᠭᠠᠰᠤ ᠡᠯ᠎ᠡ ᠨᠢᠭᠡᠴᠡ ᠶᠢᠨ ᠬᠢᠨ ᠨᠢᠭᠡ ᠳᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠬᠠᠮᠰᠠᠷ ᠠᠴᠠ ᠪᠠᠨ ᠠᠮᠤᠷ ᠲᠦᠪᠰᠢᠨ ᠢ ᠪᠠᠲᠤᠯᠠᠬᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠪᠠᠨ ᠲᠣᠳᠣᠷᠬᠠᠶᠢᠯᠠᠵᠤ᠂ ︽ᠠᠮᠤᠷ ᠲᠦᠪᠰᠢᠨ ᠤ ᠤᠯᠠᠭᠠᠨ ᠱᠤᠭᠤᠮ ᠤᠨ ᠤᠬᠠᠮᠰᠠᠷ︾ ᠢ ᠪᠠᠲᠤ ᠪᠤᠢ ᠪᠣᠯᠭᠠᠬᠤ ᠬᠡᠷᠡᠭᠲᠡᠢ︔ ᠬᠤᠶᠠᠷ ᠲᠤ ᠬᠠᠷᠢᠭᠤᠴᠠᠯᠭ᠎ᠠ ᠡᠭᠦᠷᠭᠡᠯᠡᠬᠦ ᠶᠢ ᠤᠯᠠᠮ ᠴᠢᠨᠠᠭᠰᠢᠳᠠ ᠴᠢᠩᠭᠠᠳᠬᠠᠵᠤ᠂ ᠨᠠᠮ ᠵᠠᠰᠠᠭ ᠤᠨ ᠤᠳᠤᠷᠢᠳᠬᠤ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠳᠡᠭᠡᠷ᠎ᠡ ᠠᠴᠠ ᠳᠣᠷᠣᠭᠰᠢ ᠪᠠᠨ ᠬᠠᠷᠢᠭᠤᠴᠠᠯᠭ᠎ᠠ ᠶᠢᠨ ᠬᠡᠯᠬᠢᠶ᠎ᠡ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ︔ ᠭᠤᠷᠪᠠ ᠳᠤ ᠠᠵᠤ ᠠᠬᠤᠶᠢᠯᠠᠯ ᠤᠨ ᠢᠯᠡᠷᠡᠭᠦᠯᠦᠭᠰᠡᠨ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠡᠯ᠎ᠡ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠶᠣᠰᠣᠭᠠᠷ ᠡᠯ᠎ᠡ ᠲᠦᠷᠦᠯ ᠤᠨ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠦᠬᠦ ᠰᠢᠶᠠᠨ ᠤ ᠡᠯ᠎ᠡ ᠠᠵᠢᠯ ᠲᠦᠷᠦᠯ ᠤᠨ ᠬᠦᠷᠢᠶᠡᠨ ᠤ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ ᠪᠠ ᠵᠠᠰᠠᠪᠤᠷᠢ ᠣᠷᠣᠭᠤᠯᠬᠤ ᠳᠤ ᠪᠣᠳᠠᠲᠤ ᠠᠵᠢᠯᠯᠠᠭ᠎ᠠ ᠶᠢᠨ ᠴᠢᠨᠠᠷ ᠪᠠ ᠬᠠᠨᠳᠤᠯᠭᠠᠲᠤ ᠴᠢᠨᠠᠷ ᠲᠠᠢ ᠪᠠᠶᠢᠬᠤ ᠶᠢ ᠦᠨᠡᠨᠬᠦ ᠪᠠᠲᠤᠯᠠᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠪᠠᠶᠢᠩᠭᠤᠵᠢᠭᠤᠯᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠭᠦᠢᠴᠡᠳ ᠪᠡᠯᠡᠳᠬᠡᠯ ᠢᠶᠠᠷ ᠡᠯ᠎ᠡ ᠲᠦᠷᠦᠯ ᠤᠨ ᠡ᠊ᠨᠳᠡᠯ ᠭᠠᠮᠰᠢᠭ ᠵᠡᠷᠭᠡ ᠭᠡᠨᠡᠳᠲᠡ ᠶᠢᠨ ᠬᠡᠷᠡᠭ ᠡᠭᠦᠰᠬᠦ ᠶᠢ ᠠᠷᠭᠠᠴᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号