ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠬᠥᠭᠵᠢᠯᠲᠡ ᠶᠢ ᠰᠦᠪᠡᠭᠴᠢᠯᠡᠨ ᠡᠷᠡᠮᠡᠬᠡᠶᠢᠯᠡᠨ ᠳᠠᠪᠰᠢᠵᠤ ᠰᠢᠨ᠎ᠡ ᠬᠠᠭᠤᠳᠠᠰᠤ ᠶᠢ ᠪᠢᠴᠢᠭᠯᠡᠨ᠎ᠡ -- ᠦᠴᠦᠸᠠᠨ ᠰᠢᠶᠠᠨ ᠤ ︽ᠠᠵᠢᠯᠯᠠᠭᠰᠠᠨ ᠢᠶᠠᠨ ᠠᠳᠠᠯᠢᠳᠬᠠᠵᠤ ᠠᠵᠢᠯ ᠤᠨ ᠪᠦᠲᠦᠮᠵᠢ ᠪᠠᠨ ᠳᠡᠯᠭᠡᠨ ᠦᠵᠡᠭᠦᠯᠬᠦ︾ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠬᠤᠷᠠᠯᠳᠤᠪᠠ ②
ᠨᠡᠶᠢᠲᠡᠯᠡᠭᠰᠡᠨ ᠴᠠᠭ᠄
2023/8/16
     ᠲᠤᠬᠠᠢ ᠶᠢᠨ ᠲᠠᠯᠠᠪᠠᠢ ᠶᠢ ᠦᠵᠡᠵᠦ᠂ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠲᠤ ᠪᠠᠷ ᠵᠥᠪᠳᠡᠯᠴᠡᠵᠦ᠂ ᠬᠠᠮᠲᠤ ᠪᠠᠷ ᠰᠠᠨᠠᠯ ᠢᠶᠠᠨ ᠰᠣᠯᠢᠯᠴᠠᠵᠤ᠂ ᠦᠨᠡᠨ ᠪᠣᠳᠠᠲᠠᠢ ᠠᠵᠢᠯ ᠤᠨ ᠠᠮᠵᠢᠯᠲᠠ ᠪᠠᠨ ᠠᠳᠠᠯᠢᠳᠬᠠᠵᠤ᠂ ᠦᠨᠡᠨ ᠪᠣᠳᠠᠲᠠᠢ ᠠᠷᠭ᠎ᠠ ᠪᠣᠳᠣᠯᠭ᠎ᠠ ᠪᠠᠨ ᠳᠡᠯᠭᠡᠨ ᠦᠵᠡᠭᠦᠯᠵᠦ᠂ 8 ᠰᠠᠷ᠎ᠠ ᠶᠢᠨ 13 ᠤ ᠡᠳᠦᠷ᠂ ᠦᠴᠦᠸᠠᠨ ᠰᠢᠶᠠᠨ ᠤ ︽ᠠᠵᠢᠯᠯᠠᠭᠰᠠᠨ ᠢᠶᠠᠨ ᠠᠳᠠᠯᠢᠳᠬᠠᠵᠤ ᠠᠵᠢᠯ ᠤᠨ ᠪᠦᠲᠦᠮᠵᠢ ᠪᠠᠨ ᠳᠡᠯᠭᠡᠨ ᠦᠵᠡᠭᠦᠯᠬᠦ︾ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠢ ᠲᠤᠰ ᠲᠤᠰ ᠲᠠᠯᠠᠨ ᠬᠠᠷ᠎ᠠ ᠰᠢᠶᠠᠩ ᠪᠣᠯᠣᠨ ᠳᠡᠭᠡᠷ᠎ᠡ ᠲᠣᠬᠤᠢ ᠰᠢᠶᠠᠩ ᠳᠤ ᠬᠦᠷᠴᠦ᠂ ᠨᠢᠭᠡ ᠡᠳᠦᠷ ᠢᠶᠠᠷ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃      ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠷᠧᠨ ᠶᠠᠨ ᠰᠢᠶᠠᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠢᠶ᠋ᠧ ᠴᠢᠦᠢ ᠫᠢᠩ ᠵᠡᠷᠭᠡ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠭᠡᠷ ᠲᠡᠭᠡᠨ ᠤᠳᠤᠷᠢᠳᠴᠤ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠ ᠰᠢᠶᠠᠩ ᠪᠠᠯᠭᠠᠰᠤᠨ ᠤ ᠳᠠᠷᠤᠭ᠎ᠠ᠂ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠣᠰ ᠤᠳᠠᠭᠠᠨ ᠤ ᠲᠤᠬᠠᠢ ᠶᠢᠨ ᠲᠠᠯᠠᠪᠤᠷ ᠤᠨ ᠠᠬᠢᠭᠤᠯᠬᠤ ᠬᠤᠷᠠᠯ ᠳᠤ ᠣᠷᠣᠯᠴᠠᠪᠠ᠃
     ᠨᠢᠭᠡ ᠡᠳᠦᠷ ᠤᠨ ᠬᠤᠭᠤᠴᠠᠭᠠᠨ ᠳᠤ᠂ ᠲᠣᠭᠤᠷᠢᠨ ᠦᠵᠡᠬᠦ ᠳᠤᠭᠤᠶᠢᠯᠠᠩ ᠤᠨ ᠬᠢᠨ ᠤᠷᠢᠳ ᠬᠤᠵᠢᠳ ᠲᠠᠯᠠᠨ ᠬᠠᠷ᠎ᠠ ᠰᠢᠶᠠᠩ ᠪᠣᠯᠣᠨ ᠳᠡᠭᠡᠷ᠎ᠡ ᠲᠣᠬᠤᠢ ᠰᠢᠶᠠᠩ ᠤᠨ ᠡᠯ᠎ᠡ ᠲᠣᠭᠤᠷᠢᠨ ᠦᠵᠡᠬᠦ ᠭᠠᠵᠠᠷ ᠲᠤ ᠬᠦᠷᠴᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠪᠠ ᠲᠤᠬᠠᠢ ᠶᠢᠨ ᠲᠠᠯᠠᠪᠠᠢ ᠶᠢᠨ ᠰᠣᠯᠢᠯᠴᠠᠭ᠎ᠠ ᠶᠢᠨ ᠬᠡᠯᠪᠡᠷᠢ ᠪᠠᠷ ᠣᠩᠭᠤᠨ ᠳᠠᠪᠠᠭᠠᠨ ᠤᠷᠤᠢ ᠶᠢᠨ ᠬᠥᠳᠡᠭᠡ ᠲᠣᠰᠬᠤᠨ ᠲᠠᠷᠢᠶᠠᠨ ᠭᠠᠵᠠᠷ ᠤᠨ ᠠᠮᠢ ᠠᠬᠤᠢ ᠶᠢᠨ ᠰᠡᠯᠡᠭᠦᠴᠡᠯ ᠵᠤᠭᠠᠴᠠᠯ᠂ ᠬᠠᠳᠠᠲᠤ ᠬᠠᠭᠠᠯᠭ᠎ᠠ ᠶᠢᠨ ᠥᠨᠳᠥᠷ ᠠᠭᠤᠯᠠ ᠶᠢᠨ ᠲᠠᠯ᠎ᠠ ᠨᠤᠲᠤᠭ ᠤᠨ ᠵᠤᠭᠠᠴᠠᠯ ᠤᠨ ᠣᠷᠣᠨ᠂ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠬᠦᠷᠢᠶᠡᠯᠡᠩ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠦᠯᠭᠡ ᠶᠢᠨ ᠲᠢᠩᠬᠢᠮ ᠵᠡᠷᠭᠡ ᠶᠢᠰᠦᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃      ᠲᠣᠰ ᠤᠳᠠᠭᠠᠨ ᠤ ᠲᠣᠭᠤᠷᠢᠨ ᠦᠵᠡᠬᠦ ᠲᠥᠷᠥᠯ ᠵᠦᠢᠯ ᠨᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ᠂ ᠨᠠᠮ ᠤᠨ ᠪᠠᠶᠢᠭᠤᠯᠤᠯᠲᠠ ᠶᠢᠨ ᠠᠵᠢᠯ᠂ ᠲᠠᠷᠢᠶᠠᠯᠠᠩ ᠤᠨ ᠦᠢᠯᠡᠳᠪᠦᠷᠢᠯᠡᠯ᠂ ᠣᠨᠴᠠᠯᠢᠭᠲᠤ ᠳᠠᠷᠢᠵᠤ ᠲᠡᠵᠢᠭᠡᠬᠦ ᠦᠢᠯᠡᠰ ᠤᠨ ᠬᠥᠭᠵᠢᠯᠲᠡ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠬᠤᠯᠪᠣᠭᠳᠠᠵᠤ᠂ ᠮᠠᠨ ᠤ ᠰᠢᠶᠠᠨ ᠤ ᠠᠵᠤ ᠦᠢᠯᠡᠰ ᠢ ᠠᠳᠬᠤᠬᠤ᠂ ᠲᠥᠷᠥᠯ ᠵᠦᠢᠯ ᠢ ᠠᠳᠬᠤᠬᠤ ᠢᠳᠡᠪᠬᠢᠲᠡᠢ ᠦᠷ᠎ᠡ ᠪᠦᠲᠦᠮᠵᠢ ᠶᠢ ᠲᠥᠪᠯᠡᠷᠡᠩᠭᠦᠢ ᠬᠠᠷᠠᠭᠤᠯᠤᠭᠰᠠᠨ ᠪᠠᠶᠢᠨ᠎ᠠ᠃ ᠲᠣᠭᠤᠷᠢᠨ ᠦᠵᠡᠬᠦ ᠶᠠᠪᠤᠴᠠ ᠳᠤ᠂ ᠬᠤᠷᠠᠯ ᠳᠤ ᠣᠷᠣᠯᠴᠠᠭᠰᠠᠳ ᠶᠠᠪᠤᠬᠤ ᠶᠢᠨ ᠳᠠᠭᠠᠤ ᠦᠵᠡᠵᠦ᠂ ᠰᠣᠨᠣᠰᠬᠤ ᠶᠢᠨ ᠳᠠᠭᠠᠤ ᠵᠥᠪᠯᠡᠵᠦ᠂ ᠲᠤᠷᠰᠢᠯᠭ᠎ᠠ ᠪᠠᠨ ᠰᠣᠯᠢᠯᠴᠠᠵᠤ᠂ ᠬᠠᠷᠢᠯᠴᠠᠨ ᠲᠣᠯᠢ ᠪᠣᠯᠭᠠᠵᠤ᠂ ᠪᠦᠬᠦ ᠰᠢᠶᠠᠨ ᠢᠶᠠᠷ ᠢᠶᠠᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠳᠬᠤᠬᠤ ᠢᠲᠡᠭᠡᠯ ᠵᠣᠷᠢᠭ ᠢ ᠤᠯᠠᠮ ᠴᠢᠩᠭᠠᠳᠬᠠᠵᠤ᠂ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃       ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠰᠢᠶᠠᠨ ᠤ ᠤᠳᠤᠷᠢᠳᠤᠯᠭ᠎ᠠ ᠶᠠᠩ ᠰᠢᠩ ᠱᠧᠩ᠂ ᠸᠠᠩ ᠳ᠋ᠦᠩ ᠸᠧᠨ᠂ ᠯᠢ ᠮᠢᠨ ᠲᠤᠰ ᠲᠤᠰ ᠦᠨᠡᠯᠡᠯᠲᠡ ᠬᠢᠵᠡᠢ᠃      ᠦᠨᠡᠯᠡᠯᠲᠡ ᠳᠤ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ᠂ ᠳᠠᠯᠠᠨ ᠬᠠᠷ᠎ᠠ ᠠᠭᠤᠯᠠ ᠰᠢᠶᠠᠩ᠂ ᠳᠡᠭᠡᠷ᠎ᠡ ᠲᠣᠬᠤᠢ ᠰᠢᠶᠠᠩ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠲᠤᠬᠠᠢ ᠶᠢᠨ ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠬᠦᠴᠦᠨ ᠢᠶᠠᠨ ᠲᠥᠪᠯᠡᠷᠡᠭᠦᠯᠦᠨ ᠠᠵᠤ ᠦᠢᠯᠡᠰ ᠤᠨ ᠲᠦᠷᠦᠯ ᠵᠦᠢᠯ ᠢ ᠬᠥᠭᠵᠢᠭᠦᠯᠵᠦ᠂ ᠬᠥᠳᠡᠭᠡ ᠲᠣᠰᠬᠤᠨ ᠤ ᠰᠣᠶᠣᠯ ᠵᠤᠭᠠᠴᠠᠯ ᠤᠨ ᠠᠵᠤ ᠦᠢᠯᠡᠰ᠂ ᠣᠨᠴᠠᠯᠢᠭᠲᠤ ᠲᠠᠷᠢᠶᠠᠯᠠᠩ᠂ ᠬᠥᠳᠡᠭᠡ ᠲᠣᠰᠬᠤᠨ ᠤ ᠵᠠᠰᠠᠯᠲᠠ ᠵᠡᠷᠭᠡ ᠲᠠᠯ᠎ᠠ ᠪᠠᠷ ᠲᠤᠬᠠᠢ ᠶᠢᠨ ᠭᠠᠵᠠᠷ ᠤᠨ ᠪᠠᠶᠢᠳᠠᠯ ᠳᠠᠭᠠᠨ ᠲᠣᠬᠢᠷᠠᠭᠤᠯᠬᠤ ᠶᠢᠨ ᠬᠠᠮᠲᠤ ᠡᠨᠡᠬᠦ ᠰᠠᠭᠤᠷᠢᠨ ᠳᠡᠭᠡᠷ᠎ᠡ ᠰᠢᠨ᠎ᠡ ᠰᠡᠳᠬᠢᠴᠡ ᠶᠢ ᠲᠠᠰᠤᠷᠠᠯᠲᠠ ᠦᠭᠡᠢ ᠢᠳᠡᠪᠬᠢᠲᠡᠢ ᠰᠦᠪᠡᠭᠴᠢᠯᠡᠵᠦ᠂ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠰᠢᠨᠡᠴᠢᠯᠡᠵᠦ᠂ ᠰᠢᠨ᠎ᠡ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠰᠢᠨ᠎ᠡ ᠬᠥᠳᠡᠯᠭᠡᠬᠦ ᠬᠦᠴᠦᠨ ᠢ ᠬᠥᠭᠵᠢᠭᠡᠵᠦ᠂ ᠪᠦᠬᠦᠯᠢ ᠴᠣᠭᠴᠠ ᠪᠠᠷ ᠢᠶᠠᠨ ᠥᠭᠡᠳᠡᠯᠡᠨ ᠰᠠᠶᠢᠵᠢᠷᠠᠬᠤ ᠬᠥᠭᠵᠢᠯᠲᠡ ᠶᠢᠨ ᠬᠠᠨᠳᠤᠰᠢ ᠲᠠᠢ ᠪᠣᠯᠵᠠᠢ᠃
     ᠦᠨᠡᠯᠡᠯᠲᠡ ᠳᠤ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ ᠶᠢᠨ ᠬᠢᠨ ᠲᠤᠰ ᠤᠳᠠᠭ᠎ᠠ ᠶᠢᠨ ᠲᠣᠭᠤᠷᠢᠨ ᠦᠵᠡᠬᠦ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠲᠤᠰ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠲᠠᠢ ᠪᠠᠨ ᠤᠶᠠᠯᠳᠤᠭᠤᠯᠵᠤ᠂ ᠣᠶᠢᠯᠠᠭᠠᠭᠳᠠᠬᠤᠨ ᠰᠡᠳᠬᠢᠴᠡ ᠪᠠᠨ ᠲᠠᠰᠤᠷᠠᠯᠲᠠ ᠦᠭᠡᠢ ᠰᠢᠨᠡᠴᠢᠯᠡᠵᠦ᠂ ᠠᠵᠢᠯᠯᠠᠬᠤ ᠠᠷᠭ᠎ᠠ ᠪᠠᠨ ᠰᠢᠯᠢᠳᠡᠭᠵᠢᠭᠦᠯᠵᠦ᠂ ᠨᠡᠩ ᠥᠪᠡᠷᠮᠢᠴᠡ ᠣᠨᠴᠠᠯᠢᠭ ᠲᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠢᠯᠠᠰ ᠴᠡᠭ ᠢ ᠴᠢᠷᠮᠠᠶᠢᠨ ᠡᠭᠦᠳᠴᠦ᠂ ᠮᠠᠨ ᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ᠃      ᠦᠨᠡᠯᠡᠯᠲᠡ ᠳᠤ ᠱᠠᠭᠠᠷᠳᠠᠭᠰᠠᠳ ᠨᠢ᠂ ᠬᠦᠴᠦᠨ ᠢᠶᠠᠨ ᠲᠥᠪᠯᠡᠷᠡᠭᠦᠯᠦᠨ ᠠᠵᠤ ᠦᠢᠯᠡᠰ ᠢ ᠦᠷᠭᠦᠯᠵᠢᠯᠡᠨ ᠠᠳᠬᠤᠵᠤ᠂ ᠰᠢᠶᠠᠩ ᠪᠠᠯᠭᠠᠰᠤᠨ ᠤ ᠲᠤᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ ᠪᠣᠯᠣᠨ ᠣᠷᠣᠨ ᠪᠠᠶᠢᠷᠢ ᠶᠢᠨ ᠳᠠᠪᠠᠭᠤᠯᠢᠭ ᠢᠶᠠᠨ ᠰᠠᠶᠢᠲᠤᠷ ᠠᠰᠢᠭᠯᠠᠵᠤ᠂ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠷᠠᠳ ᠤᠯᠠᠨ ᠲᠠᠢ ᠪᠤᠳᠤᠯ ᠰᠡᠳᠬᠢᠯ ᠢᠶᠠᠨ ᠨᠢᠭᠡᠳᠬᠡᠵᠦ᠂ ᠬᠠᠮᠲᠤ ᠠᠵᠢᠯᠯᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠲᠠᠬᠢᠨ ᠬᠥᠭᠵᠢᠬᠦ᠂ ᠲᠠᠬᠢᠨ ᠲᠡᠰ ᠳᠡᠪᠰᠢᠬᠦ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ︔ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠦᠷᠭᠦᠯᠵᠢᠯᠡᠨ ᠴᠢᠩᠭ᠎ᠠ ᠥᠷᠨᠢᠭᠦᠯᠵᠦ᠂ ᠬᠥᠳᠡᠭᠡ ᠲᠣᠰᠬᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠰᠠᠬᠢᠨ ᠬᠠᠮᠠᠭᠠᠯᠠᠬᠤ ᠬᠡᠷᠡᠭᠲᠡᠢ︔ ᠬᠥᠳᠡᠭᠡ ᠲᠣᠰᠬᠤᠨ ᠢ ᠴᠡᠭᠴᠡᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠢᠷᠮᠠᠶᠢᠨ ᠪᠠᠶᠢᠭᠤᠯᠬᠤ ᠬᠡᠷᠡᠭᠲᠡᠢ︔ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠵᠤ᠂ ᠺᠠᠳ᠋ᠷᠴᠤᠳ ᠤᠨ ᠰᠤᠷᠲᠠᠯ ᠢ ᠴᠢᠩᠭ᠎ᠠ ᠠᠳᠬᠤᠵᠤ᠂ ᠺᠠᠳ᠋ᠷᠴᠤᠳ ᠤᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠥᠷᠢᠰᠦᠯᠳᠦᠬᠦ ᠶᠢ ᠵᠣᠷᠢᠭᠵᠢᠭᠤᠯᠬᠤ ᠬᠡᠷᠡᠭᠲᠡᠢ᠃ ᠪᠤᠢ ᠪᠦᠬᠦᠢ ᠺᠠᠳ᠋ᠷᠴᠤᠳ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ︾᠂ ᠬᠠᠮᠲᠤ ᠪᠠᠷ ᠦᠴᠦᠸᠠᠨ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号