ᠥᠪᠥᠷ ᠮᠣᠩᠭᠤᠯ ᠤᠨ ᠮᠦᠽᠧᠢ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠵᠣᠨ ᠤ ᠠᠮᠠᠷᠠᠯᠲᠠ ᠶᠢᠨ | ᠵᠢᠭᠤᠯᠴᠢᠯᠠᠯ ᠤᠨ ᠬᠤᠭᠤᠴᠠᠭᠠᠨ ᠳᠤ ᠥᠪᠥᠷ ᠮᠣᠩᠭᠤᠯ ᠤᠨ ᠮᠦᠽᠧᠢ ᠪᠠᠷ ᠨᠢᠭᠡ ᠯᠡ ᠡᠳᠦᠷ ᠤᠨ ᠳᠣᠲᠣᠷ᠎ᠠ | ᠲᠣᠭᠤᠷᠢᠨ ᠦᠵᠡᠭᠰᠡᠨ ᠬᠥᠮᠥᠨ ᠤ ᠲᠤᠭ᠎ᠠ 2.5 ᠲᠦᠮᠡ ᠳᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ | ᠡᠭᠦᠳᠴᠡᠢ᠃ | ᠡᠨᠡ ᠵᠢᠯ ᠮᠠᠨ ᠤ ᠣᠷᠣᠨ ᠤ ᠵᠢᠭᠤᠯᠴᠢᠯᠠᠯ ᠮᠠᠰᠢ ᠬᠥᠭᠵᠢᠶᠡᠨᠲᠡᠢ ᠪᠠᠶᠢᠵᠤ᠂ 1 ᠰᠠᠷ᠎ᠠ ᠶᠢᠨ 1 ᠠᠴᠠ 8 | ᠰᠠᠷ᠎ᠠ ᠶᠢᠨ 8 ᠤ ᠡᠳᠦᠷ ᠪᠤᠯᠲᠠᠯ᠎ᠠ ᠥᠪᠥᠷ ᠮᠣᠩᠭᠤᠯ ᠤᠨ ᠮᠦᠽᠧᠢ ᠶᠢᠨ ᠭᠥᠯᠢᠶᠡᠨ ᠠᠪᠤᠭᠰᠠᠨ ᠵᠢᠭᠤᠯᠴᠢᠯᠠᠭᠴᠢ | ᠶᠢᠨ 116 ᠲᠦᠮᠡᠨ ᠬᠥᠮᠥᠨ ᠤᠳᠠᠭ᠎ᠠ ᠶᠢ ᠳᠠᠪᠠᠵᠤ᠂ 2020 - 2022 ᠣᠨ ᠪᠤᠯᠳᠠᠯᠠᠭᠢ 3 ᠵᠢᠯ ᠤᠨ ᠠᠳᠠᠯᠢ | ᠬᠤᠭᠤᠴᠠᠭᠠᠨ ᠤ ᠵᠢᠭᠤᠯᠴᠢᠯᠠᠭᠴᠢ ᠶᠢᠨ ᠶᠡᠷᠦᠩᠬᠡᠢ ᠲᠤᠭ᠎ᠠ ᠠᠴᠠ ᠳᠠᠪᠠᠪᠠ᠃ 7 ᠰᠠᠷ᠎ᠠ ᠶᠢᠨ 22 ᠤᠨ ᠡᠳᠦᠷ ᠠᠴᠠ | ᠨᠠᠭᠠᠰᠢ᠂ ᠥᠪᠥᠷ ᠮᠣᠩᠭᠤᠯ ᠤᠨ ᠮᠦᠽᠧᠢ ᠶᠢᠨ ᠬᠢᠨ ᠵᠣᠨ ᠤ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠭᠴᠢ | ᠲᠦᠷᠭᠡᠨ ᠨᠡᠮᠡᠭᠳᠡᠵᠦ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ ᠮᠦᠽᠧᠢ ᠶᠢᠨ ᠦᠵᠡᠭᠦᠯᠭᠡ ᠶᠢᠨ ᠴᠠᠭ ᠢᠶᠠᠨ | ᠡᠳᠦᠷ ᠲᠤ 1 ᠴᠠᠭ ᠤᠷᠲᠤᠳᠬᠠᠬᠤ ᠶᠢᠨ ᠬᠠᠮᠲᠤ ᠠᠮᠤᠷ ᠲᠦᠪᠰᠢᠨ ᠢ ᠬᠠᠮᠠᠭᠠᠯᠠᠬᠤ ᠠᠷᠭ᠎ᠠ ᠬᠡᠮᠵᠢᠶ᠎ᠡ ᠶᠢ | ᠨᠠᠷᠢᠯᠢᠭᠵᠢᠭᠤᠯᠪᠠ᠃ ᠠᠮᠤᠷ ᠲᠦᠪᠰᠢᠨ ᠵᠢᠭᠤᠯᠴᠢᠯᠠᠯ ᠢ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ | ᠮᠦᠽᠧᠢ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠪᠠ ᠠᠮᠤᠷ ᠲᠦᠪᠰᠢᠨ ᠤ ᠪᠠᠴᠢᠮ ᠪᠠᠶᠢᠳᠠᠯ ᠢ | ᠠᠷᠭᠠᠴᠠᠭᠠᠬᠤ ᠰᠣᠷᠢᠯᠲᠠ ᠥᠷᠨᠢᠭᠦᠯᠦᠨ᠂ ᠭᠤᠣᠯᠳᠠᠯᠭ᠎ᠠ ᠲᠠᠢ ᠣᠷᠣᠨ ᠪᠠᠶᠢᠷᠢ ᠶᠢ ᠲᠣᠭᠤᠷᠢᠨ ᠪᠠᠶᠢᠴᠠᠭᠠᠵᠤ᠂ ᠠᠮᠤᠷ | ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ᠂ ᠬᠥᠮᠥᠨ ᠬᠠᠷ᠎ᠠ ᠶᠢ ᠴᠠᠭ ᠲᠤᠬᠠᠢ ᠳᠤᠨᠢ ᠬᠥᠲᠥᠯᠥᠨ | ᠵᠢᠯᠤᠭᠤᠳᠴᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠨ᠂ ᠲᠡᠦᠬᠡ ᠶᠢᠨ ᠳᠤᠷᠠᠰᠬᠠᠯᠲᠤ ᠵᠦᠢᠯᠡᠰ | ᠤᠨ ᠠᠮᠤᠷ ᠲᠦᠪᠰᠢᠨ᠂ ᠵᠢᠭᠤᠯᠴᠢᠯᠠᠬᠰᠠᠳ ᠤᠨ ᠠᠮᠤᠷ ᠲᠦᠪᠰᠢᠨ ᠪᠣᠯᠣᠨ ᠲᠠᠯᠠᠪᠠᠢ ᠣᠷᠳᠣᠨ ᠤ ᠠᠮᠤᠷ ᠲᠦᠪᠰᠢᠨ ᠢ | ᠪᠠᠲᠤᠯᠠᠵᠤ ᠪᠠᠶᠢᠨ᠎ᠠ᠃ |