ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ 11 ᠳ᠋ᠦ᠋ᠭᠡᠷ ᠲᠣᠭᠠᠲᠤ | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | | ︽ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ | ᠪᠡᠯᠡᠳᠬᠡᠮᠵᠢ ᠶᠢ ᠨᠡᠶᠢᠭᠡᠮ ᠳᠤ ᠨᠡᠭᠡᠭᠡᠬᠦ ᠶᠢ ᠠᠬᠢᠭᠤᠯᠬᠤ ᠠᠵᠢᠯ ᠤᠨ ᠲᠥᠰᠥᠯ︾ ᠢ ᠬᠤᠲᠠ ᠶᠢᠨ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ | ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃ | | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 4 ᠳ᠋ᠦ᠋ᠭᠡᠷ ᠰᠠᠷ᠎ᠠ ᠶᠢᠨ 21 ᠤ ᠡᠳᠦᠷ | | | ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ | ᠨᠡᠶᠢᠭᠡᠮ ᠳᠤ ᠨᠡᠭᠡᠭᠡᠬᠦ ᠶᠢ ᠠᠬᠢᠭᠤᠯᠬᠤ ᠠᠵᠢᠯ ᠤᠨ ᠲᠥᠰᠥᠯ | | | ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠦᠷᠢᠮ︾ ︽︿ᠡᠷᠡᠭᠦᠯ ᠡᠩᠬᠡ ᠳᠤᠮᠳᠠᠳᠤ ᠤᠯᠤᠰ | 2030﹀ ᠤᠨ ᠲᠥᠯᠦᠪᠵᠢᠭᠦᠯᠭᠡ ᠶᠢᠨ ᠬᠥᠲᠥᠯᠪᠦᠷᠢ︾ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠵᠦ | ᠬᠠᠮᠲᠤᠪᠠᠷ ᠬᠡᠷᠡᠭᠯᠡᠬᠦ ᠶᠢ ᠠᠬᠢᠭᠤᠯᠤᠨ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢᠨ | ᠠᠰᠢᠭᠯᠠᠮᠵᠢ ᠶᠢ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠤ ᠣᠶᠢᠷ᠎ᠠ ᠬᠠᠪᠢ ᠳᠠᠭᠠᠨ ᠲᠥᠬᠦᠮ ᠲᠥᠳᠡ ᠪᠠᠷ | ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠣᠷᠣᠯᠴᠠᠬᠤ ᠬᠡᠷᠡᠭᠴᠡᠭᠡ ᠱᠠᠭᠠᠷᠳᠠᠯᠭ᠎ᠠ ᠶᠢ ᠨᠠᠩ | ᠰᠠᠶᠢᠲᠤᠷ ᠬᠠᠩᠭᠠᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ ᠲᠣᠰ | ᠬᠡᠷᠡᠭᠵᠢᠭᠦᠯᠬᠦ ᠲᠥᠰᠥᠯ ᠢ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ | ᠣᠯᠠᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠲᠠᠢ ᠨᠢᠭᠲᠠ ᠤᠶᠠᠯᠳᠤᠭᠤᠯᠤᠨ᠂ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠳᠤ ᠨᠡᠭᠡᠭᠡᠯᠲᠡ ᠬᠢᠬᠦ ᠶᠢ ᠡᠷᠡᠭᠦᠯ ᠡᠩᠬᠡ | ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ | ᠬᠡᠮᠵᠢᠶ᠎ᠡ ᠪᠣᠯᠭᠠᠵᠤ᠂ ᠨᠡᠭᠡᠭᠡᠯᠲᠡ ᠬᠢᠬᠦ ᠠᠵᠢᠯ ᠢ ᠢᠳᠡᠪᠬᠢᠲᠡᠢ ᠯᠠᠪᠳᠠᠭᠤᠨ ᠢᠶᠠᠷ ᠠᠬᠢᠭᠤᠯᠤᠨ᠂ ᠰᠤᠷᠭᠠᠭᠤᠯᠢ ᠶᠢᠨ | ᠪᠡᠶ᠎ᠡ ᠶᠢᠨ ᠲᠠᠮᠢᠷ᠂ ᠣᠯᠠᠨ ᠲᠦᠮᠡᠨ ᠤ ᠪᠡᠶ᠎ᠡ ᠶᠢᠨ ᠲᠠᠮᠢᠷ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠵᠤ | ᠂ ︽ᠲᠠᠪᠤᠨ ᠲᠣᠬᠢᠷᠠᠮᠵᠢᠲᠠᠢ︾ ᠬᠤᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ︽ | ᠦᠵᠡᠰᠬᠦᠯᠡᠩᠲᠦ ᠰᠠᠶᠢᠬᠠᠨ ᠬᠦᠬᠡᠬᠤᠲᠠ · ᠥᠨᠢᠷ ᠪᠠᠶᠠᠯᠢᠭ ᠲᠠᠯ᠎ᠠ ᠶᠢᠨ ᠬᠤᠲᠠ︾ ᠶᠢᠨ ᠦᠵᠡᠰᠬᠦᠯᠡᠩᠲᠦ ᠰᠠᠶᠢᠬᠠᠨ | ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠤᠨ᠎ᠠ᠃ | ᠬᠤᠶᠠᠷ᠂ ᠦᠨᠳᠦᠰᠦᠨ ᠵᠠᠷᠴᠢᠮ | ︵ᠨᠢᠭᠡ︶ ᠣᠯᠠᠨ ᠨᠡᠶᠢᠲᠡ ᠳᠤ ᠦᠢᠯᠡᠴᠢᠯᠡᠵᠦ᠂ ᠨᠡᠶᠢᠲᠡ ᠶᠢᠨ ᠠᠰᠠᠷᠠᠮᠵᠢ ᠶᠢ ᠬᠠᠷᠠᠭᠤᠯᠤᠨ᠎ᠠ᠃ ᠵᠠᠰᠠᠭ ᠤᠨ | ᠣᠷᠳᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠴᠢᠩᠭᠠᠷᠠᠭᠤᠯᠤᠨ᠂ ᠡᠯ᠎ᠡ ᠬᠤᠰᠢᠭᠤ | ᠰᠢᠶᠠᠨ ᠲᠣᠭᠤᠷᠢᠭ ᠤᠨ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠵᠤ᠂ ᠳᠤᠮᠳᠠᠳᠤ ᠪᠠᠭ᠎ᠠ ᠰᠤᠷᠭᠠᠭᠤᠯᠢ ᠪᠠᠷ | ᠭᠤᠣᠯ ᠴᠣᠭᠴᠠ ᠪᠣᠯᠭᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠨᠡᠶᠢᠭᠡᠮ ᠤᠨ ᠬᠦᠴᠦᠨ ᠢ | ᠬᠥᠲᠥᠯᠥᠨ ᠵᠢᠯᠤᠭᠤᠳᠴᠤ ᠣᠷᠣᠯᠴᠠᠭᠤᠯᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠡᠬᠢ ᠪᠠᠶᠠᠯᠢᠭ ᠤᠨ | ᠨᠡᠶᠢᠭᠡᠮ ᠤᠨ ᠦᠷ᠎ᠡ ᠠᠰᠢᠭ ᠢ ᠭᠦᠢᠴᠡᠳ ᠪᠠᠳᠠᠷᠠᠭᠤᠯᠵᠤ᠂ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ | ᠬᠠᠩᠭᠠᠯᠭ᠎ᠠ ᠶᠢᠨ ᠬᠡᠪᠴᠢᠶ᠎ᠡ ᠶᠢ ᠪᠦᠲᠦᠮᠵᠢᠲᠡᠢ ᠥᠷᠭᠡᠳᠬᠡᠨ᠎ᠡ᠃ | ︵ᠬᠤᠶᠠᠷ︶ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠡᠮᠬᠢ ᠵᠢᠷᠤᠮ ᠲᠠᠢ ᠪᠠᠷ | ᠨᠡᠭᠡᠭᠡᠯᠲᠡ ᠬᠢᠨ᠎ᠡ᠃ ᠠᠳᠠᠯᠢ ᠪᠤᠰᠤ ᠣᠷᠣᠨ ᠪᠦᠰᠡ᠂ ᠠᠳᠠᠯᠢ ᠪᠤᠰᠤ ᠰᠤᠷᠭᠠᠭᠤᠯᠢ ᠶᠢᠨ ᠪᠣᠳᠠᠲᠤ ᠨᠥᠬᠦᠴᠡᠯ ᠳᠤ | ᠬᠠᠨᠳᠤᠭᠤᠯᠤᠨ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ ᠪᠦᠯᠦᠭ | ᠬᠤᠪᠢᠶᠠᠨ ᠱᠠᠲᠤ ᠬᠤᠪᠢᠶᠠᠨ ᠡᠮᠬᠢ ᠵᠢᠷᠤᠮ ᠲᠠᠢ ᠨᠡᠭᠡᠭᠡᠵᠦ᠂ ᠪᠣᠳᠠᠲᠤ ᠦᠷ᠎ᠡ ᠪᠦᠲᠦᠮᠵᠢ ᠶᠢ ᠪᠠᠳᠠᠷᠠᠭᠤᠯᠵᠤ ᠳᠡᠶᠢᠯᠬᠦ | ᠂ ᠪᠠᠲᠤᠯᠠᠭ᠎ᠠ ᠲᠠᠢ ᠡᠮᠬᠢ ᠵᠢᠷᠤᠮ ᠲᠠᠢ᠂ ᠦᠷᠭᠦᠯᠵᠢᠯᠡᠭᠰᠡᠨ ᠠᠬᠢᠴᠠ ᠲᠠᠢ ᠦᠢᠯᠡᠴᠢᠯᠡᠭᠡᠨ ᠤ ᠬᠠᠮᠢᠶᠠᠷᠤᠯᠲᠠ ᠶᠢᠨ | ᠵᠠᠭᠪᠤᠷ ᠢ ᠪᠠᠶᠢᠭᠤᠯᠤᠨ᠎ᠠ᠃ | ︵ᠭᠤᠷᠪᠠ︶ ᠰᠤᠷᠭᠠᠭᠤᠯᠢ ᠳᠣᠲᠣᠷᠠᠬᠢ ᠪᠠᠨ ᠤᠷᠢᠳᠠᠪᠠᠷ ᠪᠣᠳᠣᠯᠬᠢᠯᠠᠵᠤ᠂ ᠠᠶᠤᠯᠭᠦᠢ ᠶᠢ ᠴᠢᠬᠤᠯᠠᠴᠢᠯᠠᠨ᠎ᠠ᠃ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠨᠢ ᠡᠩ ᠲᠡᠷᠢᠭᠦᠨ ᠳᠤ ᠲᠣᠰ ᠰᠤᠷᠭᠠᠭᠤᠯᠢ ᠶᠢᠨ | ᠪᠠᠭᠰᠢ ᠰᠤᠷᠤᠭᠴᠢᠳ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠶᠢᠨ ᠬᠡᠷᠡᠭᠴᠡᠭᠡ | ᠱᠠᠭᠠᠷᠳᠠᠯᠭ᠎ᠠ ᠶᠢ ᠪᠠᠲᠤᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ | ᠳᠣᠣᠷ᠎ᠠ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ︽ᠪᠡᠶ᠎ᠡ ᠪᠠᠨ ᠳᠠᠭᠠᠭᠠᠵᠤ᠂ ᠴᠠᠭ | ᠰᠣᠩᠭᠤᠵᠤ︾ ᠨᠡᠭᠡᠭᠡᠯᠲᠡ ᠬᠢᠬᠦ ᠰᠢᠨ᠎ᠡ ᠬᠡᠪ ᠵᠠᠭᠪᠤᠷ ᠰᠢᠨ᠎ᠡ ᠪᠠᠶᠢᠳᠠᠯ ᠢ ᠪᠦᠷᠢᠯᠳᠦᠭᠦᠯᠦᠨ᠎ᠡ᠃ | ᠭᠤᠷᠪᠠ᠂ ᠠᠵᠢᠯ ᠤᠨ ᠬᠠᠷᠠᠯᠲᠠ | ︵ᠨᠢᠭᠡ︶ 2023 ᠣᠨ ᠤ 5 ᠳ᠋ᠤᠭᠠᠷ ᠰᠠᠷ᠎ᠠ ᠶᠢᠨ 14 ᠤ ᠡᠳᠦᠷ ᠠᠴᠠ ᠡᠮᠦᠨ᠎ᠡ᠂ ᠨᠥᠬᠦᠴᠡᠯ ᠳᠤ | ᠨᠡᠶᠢᠴᠡᠬᠦ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠪᠦᠬᠦᠨ ᠢ | ᠨᠡᠶᠢᠭᠡᠮ ᠳᠤ ᠨᠡᠭᠡᠭᠡᠨ᠎ᠡ᠃ | ︵ᠬᠤᠶᠠᠷ︶ ᠠᠬᠢᠴᠠ ᠶᠢᠨ ᠪᠠᠶᠢᠳᠠᠯ ᠢ ᠦᠨᠳᠦᠰᠦᠯᠡᠨ᠂ 2023 ᠣᠨ ᠤ 5 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ᠂ ᠥᠭᠡᠷᠡᠴᠢᠯᠡᠬᠦ ᠪᠠᠷ ᠳᠡᠮᠵᠢᠨ ᠨᠡᠭᠡᠭᠡᠯᠲᠡ ᠬᠢᠬᠦ ᠨᠥᠬᠦᠴᠡᠯ ᠳᠤ ᠨᠡᠶᠢᠴᠡᠬᠦ ᠰᠤᠷᠭᠠᠭᠤᠯᠢ ᠶᠢᠨ | ᠲᠠᠯᠠᠪᠤᠷ ᠤᠨ ᠪᠡᠯᠡᠳᠬᠡᠮᠵᠢ ᠶᠢ ᠪᠦᠬᠦᠨ ᠢ ᠭᠠᠳᠠᠭᠰᠢ ᠨᠡᠭᠡᠭᠡᠬᠦ ᠪᠠᠷ ᠲᠥᠯᠥᠪᠯᠡᠨ᠎ᠡ᠃ | ︵ᠭᠤᠷᠪᠠ︶ 2025 ᠣᠨ ᠪᠣᠯᠬᠤ ᠳᠤ᠂ ᠬᠠᠮᠢᠶᠠᠷᠤᠯᠲᠠ ᠨᠢ ᠵᠢᠷᠤᠮᠵᠢᠭᠰᠠᠨ᠂ ᠦᠢᠯᠡᠴᠢᠯᠡᠭᠡ ᠨᠢ | ᠪᠦᠲᠦᠮᠵᠢᠲᠡᠢ᠂ ᠬᠢᠨᠠᠯᠲᠠ ᠲᠠᠯᠪᠢᠬᠤ ᠨᠢ ᠬᠦᠴᠦᠲᠡᠢ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ | ᠪᠡᠯᠡᠳᠬᠡᠮᠵᠢ ᠶᠢᠨ ᠨᠡᠭᠡᠭᠡᠯᠲᠡ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ᠂ | ᠰᠠᠯᠠᠭ᠎ᠠ ᠮᠥᠴᠢᠷ᠂ ᠰᠤᠷᠭᠠᠭᠤᠯᠢ ᠪᠠ ᠨᠡᠶᠢᠭᠡᠮ ᠤᠨ ᠬᠦᠴᠦᠨ ᠢ ᠬᠠᠷᠢᠯᠴᠠᠨ ᠵᠣᠯᠭᠠᠭᠤᠯᠤᠭᠰᠠᠨ ᠨᠡᠭᠡᠭᠡᠯᠲᠡ ᠶᠢᠨ | ᠠᠵᠢᠯ ᠢ ᠠᠬᠢᠭᠤᠯᠬᠤ ᠲᠣᠭᠲᠠᠴᠠ ᠶᠢ ᠪᠣᠶ ᠪᠣᠯᠭᠠᠨ᠎ᠠ᠃ | ᠳᠥᠷᠪᠡ᠂ ᠨᠡᠭᠡᠭᠡᠯᠲᠡ ᠬᠢᠬᠦ ᠱᠠᠭᠠᠷᠳᠠᠯᠭ᠎ᠠ | ︵ᠨᠢᠭᠡ︶ ᠨᠡᠭᠡᠭᠡᠯᠲᠡ ᠬᠢᠬᠦ ᠬᠦᠷᠢᠶ᠎ᠡ ᠬᠡᠪᠴᠢᠶ᠎ᠡ᠃ ᠠᠯᠪᠠᠨ ᠠᠴᠠ ᠡᠷᠭᠢᠯᠡᠭᠰᠡᠨ ᠳᠤᠮᠳᠠᠳᠤ ᠪᠠᠭ᠎ᠠ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠬᠡᠷᠡᠭᠯᠡᠬᠦ ᠭᠡᠷ ᠤᠨ ᠭᠠᠳᠠᠨᠠᠬᠢ ᠲᠠᠯᠠᠪᠤᠷ ᠤᠨ ᠪᠡᠯᠡᠳᠬᠡᠮᠵᠢ᠂ | ᠵᠢᠱᠢᠶᠡᠯᠡᠪᠡᠯ ᠪᠡᠶ᠎ᠡ ᠶᠢᠨ ᠲᠠᠮᠢᠷ ᠤᠨ ᠲᠠᠯᠠᠪᠠᠶ᠂ ᠪᠥᠮᠪᠥᠭᠡᠨ ᠲᠠᠯᠠᠪᠠᠢ᠂ ᠬᠦᠨᠳᠦ ᠬᠥᠩᠭᠡᠨ ᠲᠠᠮᠢᠷ ᠤᠨ ᠲᠠᠯᠠᠪᠠᠢ ᠶᠢᠨ | ᠭᠦᠶᠦᠯᠲᠡ ᠶᠢᠨ ᠵᠠᠮ ᠵᠡᠷᠭᠡ ᠵᠠᠳᠠᠭᠠᠢ ᠲᠠᠯᠠᠪᠤᠷ ᠢ ᠨᠡᠶᠢᠭᠡᠮ ᠳᠤ ᠨᠡᠭᠡᠭᠡᠨ᠎ᠡ︔ ᠠᠷᠠᠳ ᠠᠴᠠ ᠡᠷᠭᠢᠯᠡᠭᠰᠡᠨ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠢᠶᠠᠨ ᠨᠡᠶᠢᠭᠡᠮ ᠳᠤ ᠨᠡᠭᠡᠭᠡᠬᠦ ᠶᠢ ᠵᠣᠷᠢᠭᠵᠢᠭᠤᠯᠤᠨ᠎ᠠ᠃ | ︵ᠬᠤᠶᠠᠷ︶ ᠨᠡᠭᠡᠭᠡᠯᠲᠡ ᠬᠢᠬᠦ ᠨᠥᠬᠦᠴᠡᠯ᠃ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ | ᠪᠡᠯᠡᠳᠬᠡᠮᠵᠢ ᠨᠢ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠣᠷᠣᠨ ᠲᠠᠢ ᠬᠠᠷᠢᠴᠠᠩᠭᠤᠢ ᠲᠤᠰᠠᠭᠠᠷ ᠪᠤᠶᠤ ︽ | ᠵᠥᠭᠡᠯᠡᠨ᠂ ᠬᠠᠲᠠᠭᠤ︾ ᠶᠢ ᠲᠤᠰᠠᠭᠠᠷᠯᠠᠵᠤ ᠪᠣᠯᠬᠤ᠂ ᠲᠠᠯᠠᠪᠤᠷ ᠤᠨ ᠪᠡᠯᠡᠳᠬᠡᠮᠵᠢ ᠶᠢᠨ ᠨᠡᠭᠡᠭᠡᠯᠲᠡ ᠨᠢ | ᠰᠤᠷᠭᠠᠭᠤᠯᠢ ᠶᠢᠨ ᠬᠡᠪ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠵᠢᠴᠢ ᠪᠤᠰᠤᠳ ᠠᠵᠢᠯ ᠤᠨ | ᠶᠠᠪᠤᠭᠳᠠᠬᠤ ᠶᠢ ᠨᠥᠯᠥᠭᠡᠯᠡᠬᠦ ᠦᠭᠡᠢ ᠪᠠᠶᠢᠬᠤ ᠬᠡᠷᠡᠭᠲᠡᠢ︔ ᠲᠠᠯᠠᠪᠤᠷ ᠭᠠᠵᠠᠷ᠂ ᠪᠡᠯᠡᠳᠬᠡᠮᠵᠢ ᠪᠣᠯᠣᠨ ᠪᠠᠭᠠᠵᠢ | ᠬᠡᠷᠡᠭᠰᠡᠯ ᠵᠡᠷᠭᠡ ᠨᠢ ᠤᠯᠤᠰ ᠤᠨ ᠬᠠᠮᠢᠶ᠎ᠠ ᠪᠦᠬᠦᠢ ᠪᠠᠷᠢᠮᠵᠢᠶ᠎ᠠ ᠳᠤ ᠨᠡᠶᠢᠴᠡᠵᠦ᠂ ᠠᠶᠤᠯᠭᠦᠢ ᠨᠠᠶᠢᠳᠠᠪᠤᠷᠢᠲᠠᠢ ᠪᠠᠶᠢᠬᠤ | ᠬᠡᠷᠡᠭᠲᠡᠢ᠃ | ︵ᠭᠤᠷᠪᠠ︶ ᠨᠡᠭᠡᠭᠡᠯᠲᠡ ᠬᠢᠬᠦ ᠡᠲᠡᠭᠡᠳ᠃ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ᠃ | ︵ᠳᠥᠷᠪᠡ︶ ᠨᠡᠭᠡᠭᠡᠯᠲᠡ ᠬᠢᠬᠦ ᠴᠠᠭ᠃ ᠪᠣᠳᠠᠲᠠᠢ ᠨᠡᠭᠡᠭᠡᠯᠲᠡ ᠬᠢᠬᠦ ᠴᠠᠭ᠂ ᠴᠠᠭ ᠤᠨ ᠤᠷᠲᠤ ᠶᠢ ᠡᠯ᠎ᠡ | ᠰᠤᠷᠭᠠᠭᠤᠯᠢ ᠨᠤᠭᠤᠳ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ᠃ ᠬᠡᠷᠪᠡ ᠨᠡᠭᠡᠭᠡᠯᠲᠡ ᠬᠢᠬᠦ | ᠨᠥᠬᠦᠴᠡᠯ ᠢ ᠪᠦᠷᠢᠳᠦᠭᠦᠯᠦᠭᠰᠡᠨ ᠦᠭᠡᠢ ᠪᠤᠶᠤ ᠨᠡᠭᠡᠭᠡᠯᠲᠡ ᠬᠢᠬᠦ ᠪᠠᠨ ᠲᠥᠷ ᠵᠣᠭᠰᠣᠭᠠᠭᠰᠠᠨ ᠪᠣᠯ ᠰᠤᠷᠭᠠᠭᠤᠯᠢ ᠶᠢᠨ | ᠡᠭᠦᠳᠡ ᠵᠢᠴᠢ ᠪᠠᠶᠢᠭ᠎ᠠ ᠨᠡᠶᠢᠭᠡᠮ ᠲᠣᠭᠤᠷᠢᠭ ᠤᠨ ᠵᠠᠷᠯᠠᠯ ᠤᠨ ᠰᠠᠮᠪᠠᠷᠠᠳᠡᠭᠡᠷᠡ ᠤᠷᠢᠳᠠᠪᠠᠷ ᠮᠡᠳᠡᠭᠳᠡᠬᠦ ᠬᠡᠷᠡᠭᠲᠡᠢ᠃ | | ︵ᠲᠠᠪᠤ︶ ᠨᠡᠭᠡᠭᠡᠯᠲᠡ ᠬᠢᠬᠦ ᠱᠠᠭᠠᠷᠳᠠᠯᠭ᠎ᠠ᠃ ᠶᠠᠮᠠᠷᠪᠠ ᠠᠷᠭ᠎ᠠ ᠮᠠᠶ᠋ᠢᠭ ᠢᠶᠠᠷ ᠬᠠᠮᠢᠶᠠᠷᠤᠯᠲᠠ ᠶᠢᠨ ᠡᠮᠬᠢ | ᠵᠢᠷᠤᠮ ᠢ ᠰᠠᠮᠠᠭᠤᠷᠠᠭᠤᠯᠬᠤ ᠪᠤᠶᠤ ᠡᠷᠬᠢᠨ ᠲᠣᠭᠤᠷᠢᠨ ᠤ ᠠᠷᠠᠳ ᠣᠯᠠᠨ ᠤ ᠬᠡᠪ ᠤᠨ ᠠᠮᠢᠳᠤᠷᠠᠯ ᠢ ᠨᠥᠯᠥᠭᠡᠯᠡᠵᠦ | ᠪᠣᠯᠬᠤ ᠦᠭᠡᠢ᠃ ᠡᠩᠬᠦᠷᠡᠢ ᠠᠮᠢᠲᠠᠨ᠂ ᠶᠠᠩᠵᠤᠤᠷ ᠲᠠᠮᠠᠬᠢ᠂ ᠬᠡᠲᠡ᠂ ᠴᠦᠳᠡᠩ ᠪᠠ ᠠᠶᠤᠯᠲᠠᠢ ᠪᠣᠳᠠᠰ ᠵᠡᠷᠭᠡ ᠶᠢ | ᠰᠤᠷᠭᠠᠭᠤᠯᠢ ᠶᠢᠨ ᠬᠦᠷᠢᠶᠡᠨ ᠳᠤ ᠠᠪᠴᠤ ᠣᠷᠣᠬᠤ ᠶᠢ ᠴᠢᠩᠭ᠎ᠠ ᠴᠠᠭᠠᠵᠠᠯᠠᠵᠤ᠂ ᠪᠡᠶ᠎ᠡ ᠴᠢᠬᠢᠷᠠᠭᠵᠢᠭᠤᠯᠬᠤ ᠬᠦᠮᠦᠰ ᠢ | ᠠᠮᠠᠷᠬᠠᠨ ᠬᠠᠷᠰᠢᠯᠠᠬᠤ ᠪᠠ ᠰᠠᠨᠠᠭᠠᠨ ᠳᠤ ᠦᠭᠡᠢ ᠭᠡᠮᠲᠦᠭᠡᠬᠦ ᠠᠵᠢᠯᠯᠠᠭ᠎ᠠ ᠥᠷᠨᠢᠭᠦᠯᠬᠦ ᠶᠢ ᠴᠢᠩᠭ᠎ᠠ ᠴᠠᠭᠠᠵᠠᠯᠠᠨ᠎ᠠ᠃ | ︵ᠵᠢᠷᠭᠤᠭ᠎ᠠ︶ ᠨᠡᠭᠡᠭᠡᠯᠲᠡ ᠬᠢᠬᠦ ᠠᠷᠭ᠎ᠠ᠃ ᠬᠠᠷᠢᠶ᠎ᠠ ᠣᠷᠣᠨ ᠠᠴᠠ ᠬᠠᠮᠢᠶᠠᠷᠬᠤ ᠵᠠᠷᠴᠢᠮ ᠶᠣᠰᠣᠭᠠᠷ᠂ | ᠰᠤᠷᠭᠠᠭᠤᠯᠢ ᠨᠢ ᠪᠠᠶᠢᠭ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠢᠶᠠᠩ ᠪᠠᠯᠭᠠᠰᠤ ᠪᠤᠶᠤ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠯᠦᠭᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ | ᠪᠡᠯᠡᠳᠬᠡᠮᠵᠢ ᠶᠢᠨ ᠡᠬᠢ ᠪᠠᠶᠠᠯᠢᠭ ᠢ ᠬᠠᠮᠲᠤᠪᠠᠷ ᠭᠥᠷᠳᠡᠬᠦ ᠵᠥᠪᠯᠡᠯᠴᠡᠭᠡᠷ ᠲᠣᠭᠲᠠᠨ᠎ᠠ᠃ | ᠲᠠᠪᠤ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ︵ᠨᠢᠭᠡ︶ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ᠄ ᠬᠢᠨᠠᠨ ᠵᠢᠯᠤᠭᠤᠳᠴᠤ ᠵᠣᠬᠢᠴᠠᠭᠤᠯᠬᠤ | ᠲᠣᠭᠲᠠᠴᠠ ᠶᠢ ᠪᠠᠶᠢᠭᠤᠯᠵᠤ᠂ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ | ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ ᠨᠡᠭᠡᠭᠡᠬᠦ ᠠᠵᠢᠯ ᠢ ᠨᠢᠭᠡᠳᠦᠯᠲᠡᠢ ᠲᠥᠯᠥᠪᠯᠡᠨ ᠪᠠᠶᠢᠷᠢᠯᠠᠭᠤᠯᠤᠨ᠎ᠠ᠃ | ︵ᠬᠤᠶᠠᠷ︶ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠄ ᠬᠠᠷᠢᠶ᠎ᠠ ᠣᠷᠣᠨ ᠠᠴᠠ | ᠬᠠᠮᠢᠶᠠᠷᠬᠤ ᠵᠠᠷᠴᠢᠮ ᠶᠣᠰᠣᠭᠠᠷ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠤᠳᠤᠷᠢᠳᠤᠨ ᠵᠣᠬᠢᠴᠠᠭᠤᠯᠵᠤ᠂ | ᠬᠡᠷᠡᠭᠵᠢᠭᠦᠯᠬᠦ ᠲᠥᠰᠥᠯ ᠢ ᠰᠤᠳᠤᠯᠤᠨ ᠲᠣᠭᠲᠠᠭᠠᠵᠤ᠂ ᠬᠠᠷᠢᠶ᠎ᠠ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ | ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ ᠨᠡᠭᠡᠭᠡᠬᠦ ᠠᠵᠢᠯ ᠢ ᠡᠮᠬᠢ ᠵᠢᠷᠤᠮ ᠲᠠᠢ ᠠᠬᠢᠭᠤᠯᠤᠨ | ᠂ ︽ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠰᠠᠯᠠᠭ᠎ᠠ ᠮᠥᠴᠢᠷ ᠤᠳ ᠬᠠᠮᠵᠢᠯᠴᠠᠬᠤ᠂ ᠰᠤᠷᠭᠠᠭᠤᠯᠢ ᠨᠤᠭᠤᠳ | ᠬᠠᠷᠢᠭᠤᠴᠠᠬᠤ᠂ ᠨᠡᠶᠢᠭᠡᠮ ᠲᠣᠭᠤᠷᠢᠭ ᠣᠷᠣᠯᠴᠠᠬᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ︾ ᠠᠵᠢᠯ ᠤᠨ | ᠪᠠᠶᠢᠳᠠᠯ ᠢ ᠪᠣᠶ ᠪᠣᠯᠭᠠᠨ᠎ᠠ᠃ | ︵ᠭᠤᠷᠪᠠ︶ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠄ ᠪᠥᠬᠦ ᠬᠤᠲᠠ ᠶᠢᠨ ᠳᠤᠮᠳᠠᠳᠤ ᠪᠠᠭ᠎ᠠ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢᠨ ᠪᠠᠶᠢᠳᠠᠯ ᠢ ᠣᠶᠢᠯᠠᠭᠠᠨ ᠪᠠᠶᠢᠴᠠᠭᠠᠵᠤ᠂ | ᠣᠷᠣᠨ ᠪᠦᠰᠡ ᠪᠠ ᠰᠤᠷᠭᠠᠭᠤᠯᠢ ᠶᠢᠨ ᠠᠳᠠᠯᠢ ᠪᠤᠰᠤ ᠪᠠᠶᠢᠳᠠᠯ ᠢ ᠦᠨᠳᠦᠰᠦᠯᠡᠨ᠂ ᠰᠢᠮᠳᠠᠭᠤᠯᠤᠨ ᠪᠠᠶᠢᠴᠠᠭᠠᠵᠤ | ᠪᠠᠶᠢᠴᠠᠭᠠᠨ ᠰᠤᠳᠤᠯᠬᠤ ᠪᠠ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠪᠥᠬᠦ ᠬᠤᠲᠠ ᠶᠢᠨ ᠠᠵᠢᠯ ᠢ | ᠠᠬᠢᠭᠤᠯᠤᠭᠰᠠᠨ ᠪᠠᠶᠢᠳᠠᠯ ᠢ ᠴᠠᠭ ᠲᠤᠨᠢ ᠲᠣᠬᠢᠷᠠᠭᠤᠯᠤᠨ ᠮᠡᠳᠡᠭᠳᠡᠵᠦ᠂ ᠪᠡᠶ᠎ᠡ ᠶᠢᠨ ᠲᠠᠮᠢᠷ ᠤᠨ ᠲᠠᠯᠠᠪᠤᠷ ᠤᠨ | ᠪᠡᠯᠡᠳᠬᠡᠮᠵᠢ ᠶᠢ ᠨᠡᠶᠢᠭᠡᠮ ᠳᠤ ᠨᠡᠭᠡᠭᠡᠭᠰᠡᠨ ᠰᠤᠷᠭᠠᠭᠤᠯᠢ ᠶᠢᠨ ᠨᠡᠷᠡᠰ ᠢ ᠲᠣᠭᠲᠠᠭᠰᠠᠨ ᠬᠤᠭᠤᠴᠠᠭ᠎ᠠ ᠲᠠᠢ ᠪᠠᠷ ᠨᠡᠶᠢᠭᠡᠮ | ᠨᠡᠶᠢᠲᠡ ᠳᠤ ᠨᠡᠶᠢᠲᠡᠯᠡᠬᠦ ᠶᠢᠨ ᠬᠠᠮᠲᠤ ᠨᠡᠶᠢᠭᠡᠮ ᠳᠤ ᠨᠡᠭᠡᠭᠡᠯᠲᠡ ᠬᠢᠭᠰᠡᠨ ᠰᠤᠷᠭᠠᠭᠤᠯᠢ ᠶᠢ ᠵᠢᠯᠤᠭᠤᠳᠬᠤ᠂ | ᠰᠢᠮᠳᠠᠭᠤᠯᠤᠨ ᠪᠠᠶᠢᠴᠠᠭᠠᠬᠤ᠂ ᠰᠢᠯᠭᠠᠨ ᠬᠢᠨᠠᠬᠤ ᠪᠠ ᠦᠨᠡᠯᠡᠨ ᠵᠢᠱᠢᠬᠦ ᠠᠵᠢᠯ ᠢ ᠰᠠᠶᠢᠲᠤᠷ ᠬᠢᠨ᠎ᠡ᠃ | ︵ᠳᠥᠷᠪᠡ︶ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠄ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ | ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ ᠨᠡᠭᠡᠭᠡᠬᠦ ᠠᠵᠢᠯ ᠤᠨ ᠬᠠᠮᠵᠢᠯᠴᠠᠬᠤ ᠰᠠᠯᠠᠭ᠎ᠠ ᠮᠥᠴᠢᠷ ᠪᠣᠯᠤᠭᠰᠠᠨ ᠤ | ᠬᠤᠪᠢ ᠳᠤ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠠᠮᠵᠢᠯᠴᠠᠨ ᠵᠢᠯᠤᠭᠤᠳᠬᠤ᠂ ᠰᠢᠮᠳᠠᠭᠤᠯᠤᠨ | ᠪᠠᠶᠢᠴᠠᠭᠠᠬᠤ᠂ ᠰᠢᠯᠭᠠᠨ ᠬᠢᠨᠠᠬᠤ ᠪᠠ ᠦᠨᠡᠯᠡᠨ ᠵᠢᠱᠢᠬᠦ ᠠᠵᠢᠯ ᠥᠷᠨᠢᠭᠦᠯᠬᠦ ᠶᠢ ᠬᠠᠷᠢᠭᠤᠴᠠᠨ᠎ᠠ᠃ ᠨᠡᠶᠢᠭᠡᠮ ᠤᠨ | ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠡᠶ᠎ᠡ ᠶᠢᠨ | ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ ᠨᠡᠭᠡᠭᠡᠭᠰᠡᠨ ᠰᠤᠷᠭᠠᠭᠤᠯᠢ ᠳᠤ ᠰᠠᠨᠠᠭᠠᠴᠢᠯᠠᠭ᠎ᠠ ᠲᠠᠢ | ᠦᠢᠯᠡᠴᠢᠯᠡᠭᠦᠯᠦᠨ᠎ᠡ᠃ | ︵ᠲᠠᠪᠤ︶ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠄ ᠳᠤᠮᠳᠠᠳᠤ ᠪᠠᠭ᠎ᠠ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ ᠨᠡᠭᠡᠭᠡᠬᠦ ᠨᠥᠬᠦᠴᠡᠯ ᠢ | ᠪᠠᠶᠢᠴᠠᠭᠠᠨ ᠰᠤᠳᠤᠯᠵᠤ ᠦᠨᠡᠯᠡᠨ ᠵᠢᠱᠢᠬᠦ ᠠᠵᠢᠯ ᠢ ᠬᠠᠷᠢᠭᠤᠴᠠᠨ ᠰᠠᠶᠢᠲᠤᠷ ᠬᠢᠵᠦ᠂ ᠰᠤᠷᠭᠠᠭᠤᠯᠢ ᠶᠢ ᠵᠢᠯᠣᠭᠤᠳᠤᠨ | ᠬᠠᠮᠢᠶ᠎ᠠ ᠪᠦᠬᠦᠢ ᠳᠦᠷᠢᠮ ᠪᠠ ᠨᠡᠭᠡᠭᠡᠯᠲᠡ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠪᠡᠶ᠎ᠡ ᠶᠢᠨ ᠲᠠᠮᠢᠷ ᠤᠨ | ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ ᠨᠡᠭᠡᠭᠡᠬᠦ ᠰᠤᠷᠭᠠᠭᠤᠯᠢ ᠶᠢᠨ ᠨᠡᠷᠡᠰ ᠢ ᠲᠣᠭᠲᠠᠭᠠᠵᠤ᠂ ᠨᠡᠷᠡᠰ ᠤᠨ | ᠵᠢᠭᠰᠠᠭᠠᠯᠲᠠ ᠳᠤ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠲᠣᠭᠲᠠᠭᠠᠯ ᠶᠣᠰᠣᠭᠠᠷ ᠪᠡᠶ᠎ᠡ ᠶᠢᠨ ᠲᠠᠮᠢᠷ ᠤᠨ | ᠲᠠᠯᠠᠪᠤᠷ ᠤᠨ ᠪᠡᠯᠡᠳᠬᠡᠮᠵᠢ ᠪᠠᠨ ᠨᠡᠶᠢᠭᠡᠮ ᠳᠤ ᠡᠮᠬᠢ ᠵᠢᠷᠤᠮ ᠲᠠᠢ ᠨᠡᠭᠡᠭᠡᠯᠲᠡ ᠬᠢᠬᠦ ᠶᠢ ᠵᠢᠯᠣᠭᠤᠳᠣᠨ ᠰᠢᠮᠳᠠᠭᠤᠯᠤᠨ᠎ᠠ᠃ | | ︵ᠵᠢᠷᠭᠤᠭ᠎ᠠ︶ ᠬᠤᠰᠢᠭᠤ ᠰᠢᠶᠠᠨ ᠲᠣᠭᠤᠷᠢᠭ ᠤᠨ ᠶᠡᠷᠦᠩᠬᠡᠶᠢᠯᠡᠨ ᠵᠠᠰᠠᠬᠤ᠂ ᠳᠣᠲᠣᠭᠠᠳᠤ ᠶᠢ ᠬᠠᠮᠠᠭᠠᠯᠠᠬᠤ | ᠰᠠᠯᠠᠭ᠎ᠠ ᠮᠥᠴᠢᠷ᠄ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ ᠨᠡᠭᠡᠭᠡᠭᠰᠡᠨ ᠰᠤᠷᠭᠠᠭᠤᠯᠢ | ᠵᠢᠴᠢ ᠡᠷᠬᠢᠨ ᠲᠣᠭᠤᠷᠢᠨ ᠤ ᠶᠡᠷᠦᠩᠬᠡᠶᠢᠯᠡᠨ ᠵᠠᠰᠠᠬᠤ ᠪᠠ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ | ︵ᠳᠣᠯᠤᠭ᠎ᠠ︶ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ᠄ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠪᠣᠯᠪᠠᠰᠤᠨ ᠢᠶᠠᠷ ᠪᠡᠶ᠎ᠡ ᠴᠢᠭᠢᠷᠠᠭᠵᠢᠭᠤᠯᠬᠤ ᠶᠢ ᠤᠬᠠᠭᠤᠯᠬᠤ ᠪᠠ ᠬᠥᠲᠥᠯᠥᠨ | ᠵᠢᠯᠤᠭᠤᠳᠬᠤ ᠶᠢ ᠬᠠᠷᠢᠭᠤᠴᠠᠵᠤ᠂ ᠰᠠᠭᠤᠭᠠᠯᠢ ᠠᠷᠠᠳ ᠤᠨ ᠰᠤᠷᠭᠠᠭᠤᠯᠢ ᠳᠤ ᠣᠷᠤᠪᠠᠯ ᠡᠳ᠋ ᠬᠥᠷᠥᠩᠭᠡ ᠶᠢ | ᠬᠠᠶᠢᠷᠠᠯᠠᠨ ᠬᠠᠮᠠᠭᠠᠯᠠᠬᠤ᠂ ᠠᠶᠤᠯᠭᠦᠢ ᠪᠠᠷ ᠪᠡᠶ᠎ᠡ ᠪᠠᠨ ᠴᠢᠬᠢᠷᠠᠭᠵᠢᠭᠤᠯᠬᠤ ᠬᠥᠮᠦᠵᠢᠯ ᠵᠢᠴᠢ ᠪᠡᠶ᠎ᠡ | ᠴᠢᠭᠢᠷᠠᠭᠵᠢᠭᠤᠯᠬᠤ ᠳᠤ ᠡᠷᠬᠡᠪᠰᠢ ᠮᠡᠳᠡᠬᠦ ᠵᠦᠢᠯ ᠤᠨ ᠤᠬᠠᠭᠤᠯᠭ᠎ᠠ ᠶᠢ ᠰᠠᠶᠢᠲᠤᠷ ᠬᠢᠵᠦ᠂ ᠰᠠᠭᠤᠭᠠᠯᠢ ᠠᠷᠠᠳ ᠤᠨ | ᠰᠤᠷᠭᠠᠭᠤᠯᠢ ᠶᠢᠨ ᠬᠦᠷᠢᠶᠡᠨ ᠳᠤ ᠪᠡᠶ᠎ᠡ ᠴᠢᠭᠢᠷᠠᠭᠵᠢᠭᠤᠯᠬᠤ ᠶᠠᠪᠤᠴᠠ ᠳᠠᠬᠢ ᠵᠥᠷᠢᠴᠡᠯ ᠵᠢᠭᠤᠷᠠᠯᠳᠤᠭᠠᠨ ᠢ | ᠬᠠᠪᠰᠤᠷᠤᠨ ᠰᠢᠢᠳᠪᠦᠷᠢᠯᠡᠨ᠎ᠡ᠃ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠶᠢᠷᠠᠲᠠᠢ᠂ ᠲᠤᠰᠬᠠᠢ ᠮᠡᠷᠭᠡᠵᠢᠯ ᠤᠨ | ᠣᠨᠴᠠ ᠴᠢᠳᠠᠪᠤᠷᠢ ᠲᠠᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠡᠶ᠎ᠡ ᠶᠢᠨ ᠲᠠᠮᠢᠷ ᠤᠨ ᠲᠠᠯᠠᠪᠤᠷ ᠤᠨ | ᠪᠡᠯᠡᠳᠬᠡᠮᠵᠢ ᠶᠢ ᠨᠡᠶᠢᠭᠡᠮ ᠳᠤ ᠨᠡᠭᠡᠭᠡᠬᠦ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠬᠤ ᠶᠢ | ᠢᠳᠡᠪᠬᠢᠲᠡᠢ ᠵᠣᠷᠢᠭᠵᠢᠭᠤᠯᠤᠨ᠎ᠠ᠃ | ︵ᠨᠠᠢᠮᠠ︶ ᠨᠡᠭᠡᠭᠡᠯᠲᠡ ᠬᠢᠬᠦ ᠰᠤᠷᠭᠠᠭᠤᠯᠢ᠄ ᠨᠡᠭᠡᠭᠡᠯᠲᠡ ᠬᠢᠬᠦ ᠳᠤᠮᠳᠠᠬᠢ ᠡᠯ᠎ᠡ ᠵᠦᠢᠯ ᠤᠨ | ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ᠂ ᠰᠤᠷᠭᠠᠭᠤᠯᠢ ᠶᠢᠨ ᠡᠭᠦᠳᠡᠨ ᠤ ᠢᠯᠡ ᠭᠠᠵᠠᠷ ᠲᠤ ᠨᠡᠭᠡᠭᠡᠯᠲᠡ ᠬᠢᠬᠦ | ᠵᠠᠷᠯᠠᠯ ᠤᠨ ᠫᠠᠶᠢᠰᠠ ᠨᠠᠭᠠᠵᠤ᠂ ᠲᠠᠯᠠᠪᠤᠷ ᠲᠤ ᠣᠷᠣᠬᠤ ᠬᠥᠮᠥᠰ ᠲᠤ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ | ᠡᠷᠬᠡᠪᠰᠢ ᠮᠡᠳᠡᠬᠦ ᠵᠦᠢᠯ ᠵᠡᠷᠭᠡ ᠠᠩᠬᠠᠷᠬᠤ ᠵᠦᠢᠯᠡᠰ ᠢ ᠮᠡᠳᠡᠭᠳᠡᠨ᠎ᠡ᠃ ᠲᠠᠯᠠᠪᠤᠷ ᠭᠠᠵᠠᠷ ᠪᠠ ᠪᠡᠯᠡᠳᠬᠡᠮᠵᠢ ᠶᠢ ᠨᠡᠭᠡᠭᠡᠬᠦ | ᠥᠭᠡᠷᠡᠴᠢᠯᠡᠯᠲᠡ ᠵᠢᠴᠢ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠶᠢ ᠰᠠᠶᠢᠲᠤᠷ ᠬᠢᠨ᠎ᠡ︔ ᠲᠥᠬᠦᠮ᠂ | ᠠᠶᠤᠯᠭᠦᠢ᠂ ᠣᠶᠤᠨᠴᠢ ᠪᠠᠷ ᠰᠤᠷᠭᠠᠭᠤᠯᠢ ᠳᠤ ᠣᠷᠣᠬᠤ ᠰᠢᠨ᠎ᠡ ᠮᠡᠷᠭᠡᠵᠢᠯ ᠤᠨ ᠠᠷᠭ᠎ᠠ ᠪᠠᠷᠢᠯ ᠤᠨ ᠬᠡᠷᠡᠭᠯᠡᠯᠲᠡ ᠶᠢ | ᠰᠦᠪᠡᠭᠴᠢᠯᠡᠵᠦ᠂ ᠰᠠᠭᠤᠭᠠᠯᠢ ᠠᠷᠠᠳ ᠤᠨ ᠰᠤᠷᠭᠠᠭᠤᠯᠢ ᠳᠤ ᠣᠷᠣᠬᠤ ᠶᠢ ᠪᠠᠶᠢᠴᠠᠭᠠᠨ ᠰᠢᠯᠭᠠᠬᠤ ᠵᠡᠷᠭᠡ | ᠠᠶᠤᠯᠭᠦᠢ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠬᠤᠰᠢᠭᠤ ᠰᠢᠶᠠᠨ | ᠲᠣᠭᠤᠷᠢᠭ ᠤᠨ ᠵᠠᠰᠠᠭ ᠤᠨ ᠣᠷᠳᠣᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ | ᠨᠡᠶᠢᠭᠡᠮ ᠳᠤ ᠨᠡᠭᠡᠭᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠳᠤᠷᠢᠳᠬᠤ ᠳᠤᠭᠤᠶᠢᠯᠠᠩ ᠪᠠᠶᠢᠭᠤᠯᠤᠨ᠂ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠤᠷᠭᠠᠭᠤᠯᠢ ᠶᠢᠨ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ | ᠲᠣᠳᠣᠷᠬᠠᠶᠢᠯᠠᠵᠤ᠂ ᠬᠠᠷᠢᠶ᠎ᠠ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ | ᠪᠡᠯᠡᠳᠬᠡᠮᠵᠢ ᠶᠢᠨ ᠪᠠᠶᠢᠳᠠᠯ ᠲᠠᠢ ᠪᠠᠨ ᠤᠶᠠᠯᠳᠤᠭᠤᠯᠤᠨ ᠨᠡᠶᠢᠭᠡᠮ ᠳᠤ ᠨᠡᠭᠡᠭᠡᠯᠲᠡ ᠬᠢᠬᠦ ᠬᠡᠷᠡᠭᠵᠢᠭᠦᠯᠬᠦ ᠨᠠᠷᠢᠨ | ᠳᠦᠷᠢᠮ ᠢ ᠲᠣᠭᠲᠠᠭᠠᠬᠤ ᠶᠢᠨ ᠬᠠᠮᠲᠤ ᠱᠠᠯᠠᠪᠳᠠᠨ ᠨᠠᠶᠢᠳᠠᠪᠤᠷᠢᠵᠢᠭᠤᠯᠬᠤ ᠬᠡᠷᠡᠭᠲᠡᠢ᠃ | ︵ᠬᠤᠶᠠᠷ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠬᠠᠮᠢᠶ᠎ᠠ ᠪᠦᠬᠦᠢ | ᠨᠢᠭᠡᠴᠡ ᠤᠬᠠᠭᠤᠯᠭ᠎ᠠ ᠪᠠᠨ ᠥᠷᠭᠡᠳᠬᠡᠨ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢᠨ | ᠨᠡᠶᠢᠭᠡᠮ ᠳᠤ ᠨᠡᠭᠡᠭᠡᠯᠲᠡ ᠬᠢᠭᠰᠡᠨ ᠢ ᠮᠡᠳᠡᠬᠦ ᠬᠡᠮᠵᠢᠶ᠎ᠡ ᠶᠢ ᠳᠡᠭᠡᠭᠰᠢᠯᠡᠭᠦᠯᠬᠦ ᠶᠢᠨ ᠬᠠᠮᠲᠤ ᠨᠡᠶᠢᠭᠡᠮ ᠤᠨ ᠬᠢᠨᠠᠯᠲᠠ ᠶᠢ | ᠬᠦᠯᠢᠶᠡᠵᠦ᠂ ᠰᠢᠨᠵᠢᠯᠡᠬᠦ ᠤᠬᠠᠭᠠᠨᠴᠢ᠂ ᠪᠣᠯᠪᠠᠰᠤᠨ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ | ᠰᠠᠨᠠᠭᠠᠴᠢᠯᠠᠵᠤ᠂ ᠬᠠᠷᠢᠶ᠎ᠠ ᠣᠷᠣᠨ ᠤ ᠣᠯᠠᠨ ᠲᠦᠮᠡᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠴᠢᠩᠭᠠᠳᠬᠠᠵᠤ᠂ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠬᠥᠲᠥᠯᠥᠨ | ᠵᠢᠯᠣᠭᠤᠳᠬᠤ ᠬᠡᠷᠡᠭᠲᠡᠢ᠃ | ︵ᠭᠤᠷᠪᠠ︶ ᠠᠶᠤᠯᠭᠦᠢ ᠶᠢᠨ ᠰᠡᠷᠭᠡᠶᠢᠯᠡᠯᠲᠡ ᠶᠢ ᠴᠢᠩᠭᠠᠷᠠᠭᠤᠯᠤᠨ᠎ᠠ᠃ ᠡᠯ᠎ᠡ ᠱᠠᠲᠤᠨ ᠤ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠠᠳᠠᠯᠢ ᠱᠠᠲᠤᠨ ᠤ ᠶᠡᠷᠦᠩᠬᠡᠶᠢᠯᠡᠨ ᠵᠠᠰᠠᠬᠤ᠂ ᠳᠣᠲᠣᠭᠠᠳᠤ ᠶᠢ ᠬᠠᠮᠠᠭᠠᠯᠠᠬᠤ᠂ | ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠢ ᠵᠣᠬᠢᠴᠠᠭᠤᠯᠤᠨ ᠰᠤᠷᠭᠠᠭᠤᠯᠢ ᠶᠢᠨ ᠪᠡᠶ᠎ᠡ ᠶᠢᠨ | ᠲᠠᠮᠢᠷ ᠤᠨ ᠲᠠᠯᠠᠪᠤᠷ ᠤᠨ ᠪᠡᠯᠡᠳᠬᠡᠮᠵᠢ ᠶᠢᠨ ᠨᠡᠭᠡᠭᠡᠯᠲᠡ ᠶᠢᠨ ᠠᠶᠤᠯᠭᠦᠢ ᠶᠢᠨ ᠬᠠᠮᠠᠭᠠᠯᠠᠯᠲᠠ ᠶᠢ ᠴᠢᠩᠭᠠᠳᠬᠠᠬᠤ | ᠲᠠᠯ᠎ᠠ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠲᠠᠯᠠᠪᠤᠷ ᠤᠨ ᠪᠡᠯᠡᠳᠬᠡᠮᠵᠢ ᠶᠢᠨ ᠨᠡᠭᠡᠭᠡᠯᠲᠡ ᠶᠢᠨ ᠠᠶᠤᠯᠭᠦᠢ ᠶᠢ | ᠬᠠᠮᠠᠭᠠᠯᠠᠬᠤ ᠬᠠᠮᠢᠶᠠᠷᠤᠯᠲᠠ ᠪᠠ ᠠᠶᠤᠯᠭᠦᠢ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠬᠤᠰᠢᠭᠤ ᠰᠢᠶᠠᠨ | ᠲᠣᠭᠤᠷᠢᠭ ᠤᠨ ᠵᠠᠰᠠᠭ ᠤᠨ ᠣᠷᠳᠣᠨ ᠠᠴᠠ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠳᠤ | ᠨᠡᠭᠡᠭᠡᠭᠰᠡᠨ ᠰᠤᠷᠭᠠᠭᠤᠯᠢ ᠳᠤ ᠣᠯᠠᠨ ᠨᠡᠶᠢᠲᠡ ᠶᠢᠨ ᠬᠠᠷᠢᠭᠤᠴᠠᠯᠭ᠎ᠠ ᠶᠢᠨ ᠳᠠᠭᠠᠳᠬᠠᠯ ᠬᠤᠳᠠᠯᠳᠤᠨ ᠠᠪᠴᠤ | ᠥᠭᠬᠦ ᠶᠢ ᠵᠣᠷᠢᠭᠵᠢᠭᠤᠯᠤᠨ᠎ᠠ᠃ | ︵ᠳᠥᠷᠪᠡ︶ ᠰᠢᠮᠳᠠᠭᠤᠯᠤᠨ ᠪᠠᠶᠢᠴᠠᠭᠠᠵᠤ ᠦᠨᠡᠯᠡᠨ ᠰᠢᠯᠭᠠᠨ᠎ᠠ᠃ ᠡᠯ᠎ᠡ ᠱᠠᠲᠤᠨ ᠤ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠲᠦᠷᠦᠭᠦᠯᠡᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ | ᠪᠡᠯᠡᠳᠬᠡᠮᠵᠢ ᠶᠢᠨ ᠨᠡᠭᠡᠭᠡᠯᠲᠡ ᠳᠤ ᠬᠢᠨᠠᠯᠲᠠ ᠲᠠᠯᠪᠢᠬᠤ ᠪᠠ ᠦᠨᠡᠯᠡᠨ ᠰᠢᠯᠭᠠᠬᠤ ᠪᠠᠷᠢᠮᠵᠢᠶ᠎ᠠ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠨᠢᠭᠡᠳᠦᠭᠡᠷ ᠪᠦᠯᠦᠭ᠂ ᠬᠤᠶᠠᠳᠤᠭᠠᠷ ᠪᠦᠯᠦᠭ ᠤᠨ | ᠨᠡᠭᠡᠭᠡᠯᠲᠡ ᠬᠢᠭᠰᠡᠨ ᠰᠤᠷᠭᠠᠭᠤᠯᠢ ᠶᠢᠨ ᠨᠡᠷᠡᠰ ᠢ ᠴᠠᠭ ᠲᠣᠬᠢᠷᠠᠭᠤᠯᠤᠨ ᠵᠠᠷᠯᠠᠨ ᠨᠡᠶᠢᠲᠡᠯᠡᠵᠦ᠂ ᠨᠡᠭᠡᠭᠡᠯᠲᠡ ᠬᠢᠬᠦ | ᠨᠥᠬᠦᠴᠡᠯ ᠳᠤ ᠨᠡᠶᠢᠴᠡᠬᠦ ᠦᠭᠡᠢ ᠶᠢ ᠨᠢ ᠰᠢᠯᠲᠠᠭᠠᠨ ᠢ ᠨᠢ ᠲᠣᠳᠣᠷᠬᠠᠶᠢᠯᠠᠬᠤ ᠬᠡᠷᠡᠭᠲᠡᠢ᠃ ᠡᠯ᠎ᠡ ᠬᠤᠰᠢᠭᠤ ᠰᠢᠶᠠᠨ | ᠲᠣᠭᠤᠷᠢᠭ ᠨᠢ ᠬᠠᠷᠢᠶ᠎ᠠ ᠣᠷᠣᠨ ᠤ ᠪᠠᠨ ᠳᠣᠲᠣᠷᠠᠬᠢ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ | ᠪᠡᠯᠡᠳᠬᠡᠮᠵᠢ ᠶᠢ ᠨᠡᠶᠢᠭᠡᠮ ᠳᠤ ᠨᠡᠭᠡᠭᠡᠬᠦ ᠳᠤ ᠬᠢᠨᠠᠯᠲᠠ ᠲᠠᠯᠪᠢᠬᠤ ᠤᠲᠠᠰᠤ ᠶᠢ ᠨᠡᠶᠢᠲᠡᠯᠡᠬᠦ ᠬᠡᠷᠡᠭᠲᠡᠢ᠃ |