ᠬᠥᠬᠡᠬᠤᠲᠠ ᠵᠠᠰᠠᠭ ᠲᠠᠷᠬᠠᠭᠠᠭᠰᠠᠨ︹ 2023 ︺ 3 ᠳ᠋ᠤᠭᠠᠷ ᠲᠣᠭᠠᠲᠤ | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ | ᠬᠠᠮᠢᠶ᠎ᠠ ᠪᠥᠬᠦᠶ ᠰᠠᠯᠠᠭ᠎ᠠ ᠮᠥᠴᠢᠷ ᠲᠤ᠄ | | ᠡᠳᠦᠭᠡ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠡᠨᠧᠷᠭᠢ ᠠᠷᠪᠢᠯᠠᠨ ᠪᠣᠬᠢᠷᠲᠤᠯ | ᠭᠠᠳᠠᠭᠰᠢᠯᠠᠭᠤᠯᠬᠤ ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠬᠡᠷᠡᠭᠵᠢᠭᠦᠯᠬᠦ ᠲᠥᠰᠦᠯ︾ ᠢ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠶ᠃ | | ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ | 2023 ᠣᠨ ᠤ 1 ᠳ᠋ᠤᠭᠡᠷ ᠰᠠᠷ᠎ᠠ 16 ᠤ ᠡᠳᠦᠷ | | | ᠬᠥᠬᠡᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠨᠧᠷᠭᠢ ᠠᠷᠪᠢᠯᠠᠨ ᠪᠣᠬᠢᠷᠲᠤᠯ | ᠭᠠᠳᠠᠭᠰᠢᠯᠠᠭᠤᠯᠬᠤ ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠬᠡᠷᠡᠭᠵᠢᠭᠦᠯᠬᠦ ᠲᠥᠰᠦᠯ | | ᠤᠯᠤᠰ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠳᠤ | ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠣᠯᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠨᠧᠷᠭᠢ | ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠶᠢᠨ | ᠲᠦᠯᠦᠭᠡ᠂ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ | ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2021﹈ 33 ᠳ᠋ᠤᠭᠠᠷ ᠲᠣᠭᠠᠲᠤ︶ ︽ᠥᠪᠡᠷᠲᠡᠭᠡᠨ | ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ | ᠶᠢ ᠪᠠᠭᠠᠰᠬᠠᠬᠤ ᠶᠡᠷᠦᠩᠬᠡᠶᠢᠯᠡᠭᠰᠡᠨ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ | ᠲᠠᠷᠬᠠᠭᠠᠭᠰᠠᠨ ﹇2022﹈ 17 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ | ᠪᠣᠳᠠᠲᠠᠶ ᠪᠠᠶᠢᠳᠠᠯ ᠲᠠᠢ ᠤᠶᠠᠯᠳᠤᠭᠤᠯᠤᠨ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠵᠢᠴᠢ ᠤᠳᠠᠭ᠎ᠠ ᠪᠦᠷᠢ ᠶᠢᠨ ᠪᠦᠭᠦᠳᠡ ᠬᠤᠷᠠᠯ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠰᠢ ᠶᠢᠨ ᠫᠢᠩ ᠤᠨ ᠠᠮᠢ ᠠᠬᠤᠶ ᠶᠢᠨ | ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠶᠢᠨ ᠠᠷᠪᠠᠨ ᠭᠤᠷᠪᠠᠳᠤᠭᠠᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ︽ᠭᠤᠷᠪᠠᠨ ᠬᠤᠲᠠ︾ ᠶᠢ ᠴᠢᠷᠮᠠᠶᠢᠨ ᠪᠠᠶᠢᠭᠤᠯᠬᠤ᠂ ︽ | ᠳᠥᠷᠪᠡᠨ ᠣᠷᠣᠨ ᠪᠦᠰᠡ ᠶᠢᠨ ᠲᠥᠪ︾ ᠢ ᠴᠤᠭᠴᠠᠯᠠᠬᠤ᠂ ︽ᠳᠥᠷᠪᠡᠨ ᠶᠡᠭᠡ ᠠᠵᠤ ᠠᠬᠤᠶ ᠶᠢᠨ ᠲᠣᠭᠤᠷᠢᠭ︾ | ᠲᠤ ᠠᠭᠤᠰᠤᠯᠴᠠᠬᠤ ᠶᠢ ᠠᠬᠢᠭᠤᠯᠬᠤ᠂ ︽ᠲᠠᠪᠤᠨ ᠲᠣᠬᠢᠷᠠᠮᠵᠢᠲᠠᠶ ᠬᠤᠲᠠ︾ ᠶᠢ ᠪᠦᠲᠦᠭᠡᠨ ᠪᠠᠶᠢᠭᠤᠯᠬᠤ᠂ ︽ | ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ︾ ᠢ ᠪᠤᠶᠢᠵᠢᠭᠤᠯᠬᠤ ᠬᠠᠷᠠᠯᠲᠠ ᠲᠠᠢ ᠨᠢᠭᠲᠠ ᠤᠶᠠᠯᠳᠤᠭᠤᠯᠤᠨ᠂ | ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠶᠢ ᠠᠵᠤ ᠠᠬᠤᠶ ᠨᠡᠶᠢᠭᠡᠮ ᠤᠨ ᠬᠥᠭᠵᠢᠯᠲᠡ | ᠪᠥᠬᠦ ᠨᠡᠶᠢᠭᠡᠮ ᠤᠨ ᠡᠯ᠎ᠡ ᠬᠦᠷᠢᠶᠡᠨ ᠳᠤ ᠲᠤᠭᠤᠰᠢᠯᠠᠭᠤᠯᠵᠤ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ | ᠪᠠᠭᠠᠰᠬᠠᠬᠤ ᠲᠥᠷᠥ ᠶᠢᠨ ᠪᠣᠳᠣᠯᠭ᠎ᠠ ᠶᠢᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠡᠨᠧᠷᠭᠢ ᠶᠢᠨ | ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠ ᠭᠤᠤᠯ ᠪᠣᠯᠬᠤ ᠪᠣᠬᠢᠷᠲᠤᠯ ᠪᠣᠳᠠᠰ ᠤᠨ ᠶᠡᠷᠦᠩᠬᠡᠶ | ᠬᠡᠮᠵᠢᠶ᠎ᠡ ᠶᠢ ᠪᠠᠭᠠᠰᠬᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠦᠵᠡᠰᠬᠦᠯᠡᠩᠲᠦ ᠰᠠᠶᠢᠬᠠᠨ ᠬᠦᠬᠡᠬᠤᠲᠠ᠂ | ᠦᠨᠢᠷ ᠪᠠᠶᠠᠯᠢᠭ ᠲᠠᠯ᠎ᠠ ᠶᠢᠨ ᠬᠤᠲᠠ ᠶᠢ ᠪᠥᠲᠥᠭᠡᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠦᠨ᠎ᠡ᠃ | ︵ᠬᠤᠶᠠᠷ︶ ᠭᠤᠤᠯ ᠬᠠᠷᠠᠯᠲᠠ᠃ 2025 ᠣᠨ ᠪᠣᠯᠬᠤ ᠳᠤ᠂ ᠪᠥᠬᠦ ᠬᠤᠲᠠ ᠶᠢᠨ ᠭᠤᠤᠯᠳᠠᠯᠭ᠎ᠠ ᠲᠠᠢ | ᠣᠷᠣᠨ ᠪᠦᠰᠡ ᠪᠠ ᠠᠵᠢᠯ ᠲᠥᠷᠥᠯ ᠤᠨ ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠢᠯᠡᠳᠲᠡ | ᠳᠡᠭᠡᠭᠰᠢᠯᠡᠭᠦᠯᠵᠦ᠂ ᠨᠢᠭᠡᠴᠢ GDP ᠶᠢᠨ ᠡᠨᠧᠷᠭᠢ ᠶᠢᠨ ᠬᠤᠷᠤᠭᠳᠠᠯ ᠢ 2020 ᠣᠨ ᠤ ᠬᠢ ᠠᠴᠠ 12% ᠢᠶᠠᠷ | ᠪᠠᠭᠤᠷᠠᠭᠤᠯᠵᠤ᠂ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠵᠦᠢ ᠵᠣᠬᠢᠰᠲᠠᠶ ᠬᠢᠵᠠᠭᠠᠷᠯᠠᠨ᠎ᠠ᠃ ᠬᠢᠮᠢ ᠶᠢᠨ | ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ᠂ ᠰᠢᠪᠲᠦᠷᠲᠦ ᠠᠽᠣᠲ᠂ ᠠᠽᠣᠲ ᠤᠨ ᠢᠰᠦᠮᠡᠭ᠂ ᠳᠡᠭᠳᠡᠮᠡᠬᠡᠶ ᠴᠢᠨᠠᠷᠲᠠᠶ | ᠣᠷᠭᠠᠨᠢᠭ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠬᠡᠮᠵᠢᠶ᠎ᠡ ᠥᠪᠡᠷᠲᠡᠭᠡᠨ ᠵᠠᠰᠠᠬᠤ ᠣᠷᠣᠨ ᠤ | ᠪᠠᠭᠤᠯᠭᠠᠭᠰᠠᠨ ᠡᠭᠦᠷᠭᠡ ᠶᠢ ᠪᠡᠶᠡᠯᠡᠭᠦᠯᠦᠨ᠎ᠡ᠃ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ | ᠲᠦᠷᠦ ᠶᠢᠨ ᠪᠤᠳᠤᠯᠭ᠎ᠠ ᠲᠦᠷᠢᠮ ᠢ ᠨᠡᠩ ᠲᠡᠭᠦᠯᠳᠡᠷᠵᠢᠭᠦᠯᠵᠦ᠂ ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠲᠦᠮᠵᠢ | ᠪᠠ ᠭᠤᠣᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠬᠢᠷᠢ ᠲᠦᠪᠰᠢᠨ ᠢ ᠶᠡᠭᠡ ᠪᠠᠷ | ᠳᠡᠭᠡᠭᠰᠢᠯᠡᠭᠦᠯᠵᠦ᠂ ᠪᠣᠬᠢᠷᠲᠤᠯ ᠦᠭᠡᠢ᠂ ᠪᠠᠭ᠎ᠠ ᠨᠡᠭᠦᠷᠡᠰᠦᠳᠦ᠋ᠷᠦᠭᠴᠢᠲᠦ᠂ ᠣᠷᠴᠢᠯ ᠬᠥᠭᠵᠢᠯᠲᠡ ᠶᠢᠨ ᠠᠵᠤ | ᠠᠬᠤᠶ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠪᠣᠬᠢᠷᠲᠤᠯ ᠦᠭᠡᠢ ᠲᠡᠰᠢ ᠶᠢᠨ ᠬᠡᠯᠪᠡᠷᠢ ᠬᠤᠪᠢᠷᠠᠭᠤᠯᠤᠯᠲᠠ ᠢᠯᠡᠳᠲᠡ ᠦᠷ᠎ᠡ ᠪᠦᠲᠦᠮᠵᠢ ᠤᠯᠤᠨ᠎ᠠ᠃ | ᠬᠤᠶᠠᠷ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠭᠤᠣᠯᠳᠠᠯᠭ᠎ᠠ ᠲᠠᠢ | ᠢᠨᠵᠧᠨᠧᠷᠢᠩ ᠢ ᠬᠡᠷᠡᠭᠵᠢᠭᠦᠯᠦᠨ᠎ᠡ | ︵ᠨᠢᠭᠡ︶ ᠭᠤᠤᠯᠳᠠᠯᠭ᠎ᠠ ᠲᠠᠢ ᠠᠵᠢᠯ ᠲᠥᠷᠥᠯ ᠢ ᠪᠣᠬᠢᠷᠲᠤᠯ ᠥᠬᠡᠶ ᠲᠡᠰᠢ ᠲᠠᠰ ᠳᠡᠪᠰᠢᠭᠦᠯᠬᠦ ᠢᠨᠵᠧᠨᠧᠷᠢᠩ | ᠃ ᠪᠣᠯᠣᠳ ᠲᠡᠮᠦᠷ᠂ ᠴᠠᠬᠢᠯᠭᠠᠨ ᠵᠠᠳᠠᠯᠤᠯ ᠤᠨ ᠬᠦᠩᠭᠡᠨᠴᠠᠭᠠᠨ᠂ ᠬᠡᠦᠷᠰᠢᠭᠦᠯᠬᠦ᠂ ᠱᠦᠢᠨᠢ᠂ ᠨᠡᠭᠦᠷᠡᠰᠦ ᠪᠠᠷ | ᠴᠠᠬᠢᠯᠭᠠᠨ ᠭᠠᠷᠭᠠᠬᠤ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠪᠠ | ᠪᠣᠬᠢᠷᠲᠤᠯ ᠪᠣᠳᠠᠰ ᠢ ᠭᠦᠨᠵᠡᠭᠡᠢ ᠵᠠᠰᠠᠬᠤ ᠶᠢ ᠬᠡᠷᠡᠭᠵᠢᠭᠦᠯᠵᠦ᠂ 2025 ᠣᠨ ᠪᠣᠯᠬᠤ ᠳᠤ᠂ ᠪᠣᠯᠣᠳ ᠲᠡᠮᠦᠷ᠂ | ᠴᠠᠬᠢᠯᠭᠠᠨ ᠵᠠᠳᠠᠯᠤᠯ ᠤᠨ ᠬᠦᠩᠭᠡᠨᠴᠠᠭᠠᠨ᠂ ᠱᠦᠢᠨᠢ᠂ ᠴᠠᠬᠢᠯᠠᠭᠤᠷ ᠴᠢᠯᠠᠭᠤ ᠵᠡᠷᠭᠡ ᠭᠤᠤᠯᠳᠠᠯᠭ᠎ᠠ ᠲᠠᠢ ᠠᠵᠢᠯ | ᠲᠥᠷᠥᠯ ᠤᠨ ᠦᠢᠯᠡᠳᠪᠦᠷᠢᠯᠡᠬᠦ ᠴᠢᠳᠠᠪᠤᠷᠢ ᠶᠢᠨ ᠡᠨᠧᠷᠭᠢ ᠶᠢᠨ ᠠᠰᠢᠭᠯᠠᠮᠵᠢ ᠶᠢᠨ ᠬᠡᠪ ᠳᠠᠭᠤᠷᠢᠶᠠᠯ ᠤᠨ ᠬᠢᠷᠢ | ᠲᠦᠪᠰᠢᠨ ᠳᠤ ᠬᠦᠷᠬᠦ ᠬᠠᠷᠢᠴᠠᠯ ᠢ 30% ᠠᠴᠠ ᠳᠠᠪᠠᠭᠤᠯᠤᠨ᠂ 65 ᠠᠭᠤᠷᠰᠢᠭᠤᠯᠬᠤ ᠲᠣᠨ / ᠴᠠᠭ ᠵᠢᠴᠢ | ᠲᠡᠭᠦᠨ ᠠᠴᠠ ᠳᠡᠭᠡᠭᠰᠢᠬᠢ ᠨᠡᠭᠦᠷᠡᠰᠦ ᠰᠢᠲᠠᠭᠠᠬᠤ ᠭᠦᠸᠧᠯᠦ ᠪᠦᠬᠦᠨ ᠢᠶᠠᠷ ᠢᠶᠠᠨ ᠬᠡᠲᠦ ᠳᠣᠤᠷ᠎ᠠ ᠭᠠᠳᠠᠭᠰᠢᠯᠠᠭᠤᠯᠬᠤ | ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠪᠣᠬᠢᠷᠲᠤᠯ ᠥᠬᠡᠶ ᠦᠢᠯᠡᠳᠬᠦ ᠰᠢᠰᠲ᠋ᠧᠮᠵᠢ ᠶᠢ ᠪᠥᠲᠥᠭᠡᠨ ᠪᠠᠶᠢᠭᠤᠯᠤᠯᠲᠠ ᠶᠢ | ᠠᠬᠢᠭᠤᠯᠵᠤ᠂ ᠪᠣᠬᠢᠷᠲᠤᠯ ᠥᠬᠡᠶ ᠪᠦᠲᠦᠭᠡᠭᠳᠡᠬᠦᠨ ᠤ ᠵᠢᠷᠤᠭ ᠲᠥᠯᠥᠪᠯᠡᠭᠡ᠂ ᠪᠣᠬᠢᠷᠲᠤᠯ ᠥᠬᠡᠶ ᠬᠠᠩᠭᠠᠯᠭ᠎ᠠ ᠶᠢᠨ | ᠬᠡᠯᠬᠢᠶ᠎ᠡ ᠶᠢᠨ ᠪᠥᠲᠥᠭᠡᠨ ᠪᠠᠶᠢᠭᠤᠯᠤᠯᠲᠠ᠂ ᠪᠣᠬᠢᠷᠲᠤᠯ ᠥᠬᠡᠶ ᠦᠢᠯᠡᠳᠪᠦᠷᠢ ᠶᠢᠨ ᠡᠭᠦᠳᠦᠨ ᠪᠠᠶᠢᠭᠤᠯᠤᠯᠲᠠ ᠶᠢ | ᠬᠡᠷᠡᠭᠵᠢᠭᠦᠯᠦᠨ᠂ 2025 ᠣᠨ ᠪᠣᠯᠬᠤ ᠳᠤ ᠪᠣᠬᠢᠷᠲᠤᠯ ᠥᠬᠡᠶ ᠦᠢᠯᠡᠳᠪᠦᠷᠢ ᠶᠢ 35 ᠶᠢ ᠡᠭᠦᠳᠦᠨ ᠪᠠᠶᠢᠭᠤᠯᠤᠨ᠎ᠠ᠃ | ᠲᠡᠮᠦᠷ ᠤᠨ ᠬᠠᠶᠢᠯᠤᠰᠢ᠂ ᠴᠠᠬᠢᠯᠠᠭᠤᠷ ᠴᠢᠯᠠᠭᠤ᠂ ᠬᠡᠦᠷᠰᠢᠭᠦᠯᠬᠦ ᠵᠡᠷᠭᠡ ᠬᠦᠷᠢᠶᠡᠨ ᠤ ᠬᠤᠴᠣᠷᠤᠩᠭᠤᠶ | ᠦᠢᠯᠡᠳᠪᠦᠷᠢᠯᠡᠬᠦ ᠴᠢᠳᠠᠪᠤᠷᠢ ᠶᠢ ᠲᠣᠭᠲᠠᠭᠰᠠᠨ ᠬᠤᠭᠤᠴᠠᠭᠠᠨ ᠳᠤ ᠤᠬᠤᠷᠢᠭᠤᠯᠤᠨ ᠭᠠᠷᠭᠠᠵᠤ᠂ ᠨᠢᠭᠡ ᠪᠦᠯᠦᠭ | ᠪᠣᠬᠢᠷᠲᠤᠯ ᠥᠬᠡᠶ ᠪᠠᠭ᠎ᠠ ᠨᠡᠭᠦᠷᠡᠰᠦᠳᠦ᠋ᠷᠦᠭᠴᠢᠲᠦ ᠮᠡᠷᠭᠡᠵᠢᠯ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ | ᠬᠡᠷᠡᠭᠵᠢᠭᠦᠯᠦᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠥᠬᠡᠶ ᠪᠣᠯᠬᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠡᠨᠧᠷᠭᠢ ᠶᠢᠨ ᠭᠡᠷ᠎ᠡ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ ᠪᠣᠬᠢᠷᠲᠤᠯ ᠢ ᠭᠤᠷᠪᠠᠳᠠᠬᠢ | ᠡᠲᠡᠭᠡᠳ ᠵᠠᠰᠠᠬᠤ ᠵᠠᠭᠪᠤᠷ ᠢ ᠬᠡᠷᠡᠭᠯᠡᠬᠦ ᠶᠢ ᠵᠣᠷᠢᠭᠵᠢᠭᠤᠯᠵᠤ᠂ ᠠᠵᠤ ᠦᠢᠯᠡᠳᠪᠦᠷᠢ ᠶᠢᠨ ᠨᠦᠬᠡᠨ ᠵᠤᠤᠬ᠎ᠠ᠂ | ᠲᠣᠰᠣᠨ ᠤ ᠮᠠᠰᠢᠨ᠂ ᠠᠪᠴᠢᠭᠤᠯᠬᠤ ᠮᠠᠰᠢᠨ᠂ ᠴᠠᠬᠢᠯᠭᠠᠨ ᠮᠠᠰᠢᠨ ᠵᠡᠷᠭᠡ ᠭᠤᠤᠯᠳᠠᠯᠭ᠎ᠠ ᠲᠠᠢ ᠡᠨᠧᠷᠭᠢ ᠬᠡᠷᠡᠭᠯᠡᠬᠦ | ᠲᠥᠬᠦᠭᠡᠷᠦᠮᠵᠢ ᠶᠢᠨ ᠰᠢᠰᠲ᠋ᠧᠮ ᠲᠠᠢ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠠᠬᠢᠭᠤᠯᠤᠨ᠎ᠠ᠃ ᠰᠢᠨ᠎ᠡ | ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠶᠢ ᠠᠬᠢᠭᠤᠯᠵᠤ᠂ | ᠰᠢᠨ᠎ᠡ ᠪᠠᠷ ᠪᠠᠶᠢᠭᠤᠯᠤᠭᠰᠠᠨ ᠲᠣᠮᠣ ᠬᠡᠯᠪᠡᠷᠢ ᠶᠢᠨ᠂ ᠬᠡᠲᠦ ᠲᠣᠮᠣ ᠬᠡᠯᠪᠡᠷᠢ ᠶᠢᠨ ᠳ᠋ᠠᠶᠢᠲ᠋ᠠ ᠶᠢᠨ ᠲᠥᠪ ᠢ ᠵᠠᠷᠴᠢᠮ | ᠳᠡᠭᠡᠷ᠎ᠡ ᠪᠠᠨ ᠬᠤᠷᠢᠨᠭᠡᠷ ᠰᠢᠨ᠎ᠡ ᠲᠣᠭᠤᠷᠢᠭ ᠲᠤ ᠪᠠᠶᠢᠷᠢᠰᠢᠭᠤᠯᠵᠤ᠂ ᠴᠠᠬᠢᠯᠭᠠᠨ ᠡᠨᠧᠷᠭᠢ ᠶᠢᠨ ᠠᠰᠢᠭᠯᠠᠯᠲᠠ ᠶᠢᠨ | ᠦᠷ᠎ᠡ ᠪᠦᠲᠦᠮᠵᠢ ︵PUE ᠬᠡᠮᠵᠢᠭᠳᠡᠯ︶ ᠶᠢ 1.2 ᠠᠴᠠ ᠳᠠᠪᠠᠭᠤᠯᠬᠤ ᠥᠬᠡᠶ᠂ ᠨᠢᠭᠡᠨᠲᠡ ᠪᠠᠶᠢᠭ᠎ᠠ ᠳ᠋ᠠᠶᠢᠲ᠋ᠠ ᠶᠢᠨ | ᠲᠥᠪ ᠤᠨ ᠡᠨᠧᠷᠭᠢ ᠠᠷᠪᠢᠯᠠᠬᠤ ᠥᠭᠡᠷᠡᠴᠢᠯᠡᠯᠲᠡ᠂ ᠪᠤᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ | ᠠᠬᠢᠭᠤᠯᠤᠨ᠎ᠠ᠃ ᠡᠨᠧᠷᠭᠢ ᠶᠢᠨ ᠠᠰᠢᠭᠯᠠᠮᠵᠢ᠂ ᠤᠰᠤᠨ ᠤ ᠠᠰᠢᠭᠯᠠᠮᠵᠢ ᠶᠢᠨ ︽ᠳᠠᠭᠠᠭᠤᠯᠤᠭᠴᠢ︾ ᠶᠢᠨ | ᠠᠵᠢᠯᠯᠠᠭ᠎ᠠ ᠶᠢ ᠥᠷᠨᠢᠭᠦᠯᠵᠦ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠥᠭᠡᠭᠡᠵᠦ ᠭᠦᠶᠴᠡᠬᠦ ᠪᠠ ᠳᠠᠪᠠᠨ ᠭᠠᠷᠴᠤ | ᠂ ᠬᠦᠲᠦᠯᠦᠨ ᠳᠠᠭᠠᠭᠤᠯᠬᠤ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠢᠭᠡᠴᠢ ᠨᠡᠮᠡᠭᠳᠡᠯ ᠥᠷᠲᠡᠭ ᠤᠨ ᠡᠨᠧᠷᠭᠢ ᠶᠢᠨ | ᠬᠤᠷᠣᠭᠳᠠᠯ ᠢ 18% ᠪᠠᠷ ᠪᠠᠭᠤᠷᠠᠭᠤᠯᠵᠤ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 13.5% ᠪᠠᠷ ᠪᠠᠭᠤᠷᠠᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ | ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠲᠣᠮᠣ ᠳ᠋ᠠᠶᠢᠲ᠋ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠃ ᠳᠤᠷᠤᠭᠰᠢᠬᠢ ᠶᠢ ᠴᠥᠮ ᠡᠯ᠎ᠡ ᠬᠤᠰᠢᠭᠤ ᠰᠢᠶᠠᠨ | ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ | ᠨᠠᠶᠢᠳᠠᠪᠤᠷᠢᠵᠢᠭᠤᠯᠬᠤ ᠬᠡᠷᠡᠭᠲᠡᠢ ᠪᠤᠯᠬᠤᠷ ᠳᠠᠬᠢᠵᠤ ᠵᠢᠭᠰᠠᠭᠠᠬᠤ ᠦᠭᠡᠢ︶ | ︵ᠬᠤᠶᠠᠷ︶ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠡᠨᠧᠷᠭᠢ ᠠᠷᠪᠢᠯᠠᠵᠤ ᠣᠷᠴᠢᠨ ᠲᠣᠭᠤᠷᠢᠨ ᠢ | ᠬᠠᠮᠠᠭᠠᠯᠠᠬᠤ ᠶᠢ ᠳᠡᠭᠡᠭᠰᠢᠯᠡᠭᠦᠯᠬᠦ ᠢᠨᠵᠧᠨᠧᠷᠢᠩ᠃ ᠬᠦᠷᠢᠶᠡᠯᠡᠩ ᠲᠣᠭᠤᠷᠢᠭ ᠤᠨ ᠤᠷᠴᠢᠯ ᠬᠥᠭᠵᠢᠯᠲᠡ ᠶᠢᠨ | ᠶᠡᠷᠦᠩᠬᠡᠶᠢᠯᠡᠭᠰᠡᠨ ᠣᠨᠣᠰᠢᠯᠠᠯᠲᠠ ᠶᠢ ᠥᠷᠨᠢᠭᠦᠯᠵᠦ᠂ ᠠᠵᠤ ᠦᠢᠯᠡᠰ ᠤᠨ ᠲᠥᠪᠯᠡᠷᠡᠯ᠂ ᠡᠨᠧᠷᠭᠢ ᠶᠢᠨ ᠡᠬᠢ | ᠪᠠᠶᠠᠯᠢᠭ ᠤᠨ ᠠᠰᠢᠭᠯᠠᠯᠲᠠ᠂ ᠠᠷᠢᠭᠤᠨ ᠴᠡᠪᠡᠷ ᠦᠢᠯᠡᠳᠪᠦᠷᠢᠯᠡᠯ ᠵᠡᠷᠭᠡ ᠲᠠᠯ᠎ᠠ ᠪᠠᠷ ᠬᠦᠷᠢᠶᠡᠯᠡᠩ ᠲᠣᠭᠤᠷᠢᠭ ᠤᠨ | ᠪᠣᠬᠢᠷᠲᠤᠯ ᠥᠬᠡᠶ ᠬᠥᠭᠵᠢᠯᠲᠡ ᠶᠢᠨ ᠳᠠᠯᠳᠠ ᠬᠦᠴᠦᠨ ᠢ ᠠᠭᠤᠳᠠᠯᠵᠤ᠂ ᠡᠨᠧᠷᠭᠢ ᠶᠢᠨ ᠬᠤᠷᠤᠭᠳᠠᠯ ᠶᠡᠬᠡᠲᠡᠶ | ᠭᠠᠳᠠᠭᠰᠢᠯᠠᠭᠤᠯᠤᠯᠲᠠ ᠶᠡᠬᠡᠲᠡᠢ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠳᠤ ᠵᠠᠷᠴᠢᠮ ᠳᠡᠭᠡᠷ᠎ᠡ ᠪᠠᠨ ᠬᠦᠷᠢᠶᠡᠯᠡᠩ | ᠲᠣᠭᠤᠷᠢᠭ ᠲᠤ ᠣᠷᠣᠭᠤᠯᠵᠤ᠂ ᠡᠨᠧᠷᠭᠢ ᠶᠢᠨ ᠱᠠᠲᠤᠯᠢᠭ ᠠᠰᠢᠭᠯᠠᠯᠲᠠ ᠪᠠ ᠦᠯᠡᠳᠡᠪᠦᠷᠢ ᠢᠯᠴᠢ ᠦᠯᠡᠳᠡᠪᠦᠷᠢ | ᠳᠠᠷᠤᠯᠲᠠ ᠦᠯᠡᠳᠡᠪᠦᠷᠢ ᠬᠡᠶ ᠶᠢ ᠡᠭᠡᠭᠦᠯᠦᠨ ᠬᠤᠷᠢᠶᠠᠵᠤ ᠠᠰᠢᠭᠯᠠᠬᠤ ᠶᠢ ᠠᠬᠢᠭᠤᠯᠤᠨ᠂ ᠬᠦᠷᠢᠶᠡᠯᠡᠩ ᠲᠣᠭᠤᠷᠢᠭ ᠤᠨ | ᠳᠣᠲᠣᠷᠠᠬᠢ ᠠᠵᠤ ᠠᠬᠤᠶᠢᠯᠠᠯ ᠤᠨ ᠲᠦᠭᠦᠬᠡᠶ ᠮᠠᠲ᠋ᠧᠷᠢᠶᠠᠯ᠂ ᠦᠢᠯᠡᠳᠬᠦᠨ ᠤ ᠡᠪᠴᠡᠯᠳᠦᠯ ᠢ ᠬᠥᠲᠥᠯᠦᠨ | ᠵᠢᠯᠣᠭᠤᠳᠴᠤ᠂ ᠳᠠᠬᠢᠨ ᠡᠭᠦᠰᠴᠦ ᠪᠣᠯᠬᠤ ᠡᠨᠧᠷᠭᠢ ᠶᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠎ᠡ᠃ ᠤᠶᠤᠨᠲᠤ | ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ︽ᠢᠨᠲ᠋ᠧᠷ ᠰᠦᠯᠵᠢᠶ᠎ᠡ +︾᠂ ᠡᠭᠦᠯᠡᠨ | ᠪᠤᠳᠤᠯᠲᠠ ᠲᠣᠮᠣ ᠳ᠋ᠠᠶᠢᠲ᠋ᠠ ᠵᠡᠷᠭᠡ ᠠᠷᠭ᠎ᠠ ᠮᠠᠶ᠋ᠢᠭ ᠢ ᠠᠰᠢᠭᠯᠠᠨ ᠡᠨᠧᠷᠭᠢ ᠠᠷᠪᠢᠯᠠᠵᠤ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠠᠮᠢ ᠠᠬᠤᠶ ᠶᠢᠨ ᠡᠭᠡᠭᠦᠯᠦᠨ ᠪᠥᠭᠯᠡᠬᠦ ᠰᠠᠪᠠ ᠭᠠᠵᠠᠷ ᠢ ᠵᠠᠰᠠᠬᠤ ᠶᠢ | ᠬᠡᠷᠡᠭᠵᠢᠭᠦᠯᠦᠨ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠤᠳᠠᠰ ᠢ ᠲᠡᠮᠦᠷ ᠵᠠᠮ᠂ ᠲᠡᠯᠡᠶ ᠶᠢᠨ | ᠵᠠᠮ ᠢᠶᠠᠷ ᠬᠤᠯᠪᠣᠭᠠᠯᠠᠨ ᠲᠡᠭᠡᠭᠡᠪᠦᠷᠢᠯᠡᠵᠦ ︽ᠭᠠᠳᠠᠭᠰᠢ ᠭᠠᠷᠭᠠᠬᠤ︾ ᠶᠢ ᠳᠡᠮᠵᠢᠵᠦ᠂ ᠳᠡᠭᠳᠡᠮᠡᠬᠡᠶ ᠴᠢᠨᠠᠷᠲᠠᠶ | ᠣᠷᠭᠠᠨᠢᠭ ᠪᠣᠳᠠᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ︽ ᠪᠦᠷᠢᠨᠲᠦ︾ ᠲᠥᠷᠥᠯ ᠵᠦᠢᠯ ᠢ | ᠲᠤᠷᠰᠢᠨ ᠪᠥᠲᠥᠭᠡᠨ ᠪᠠᠶᠢᠭᠤᠯᠬᠤ ᠶᠢ ᠬᠥᠲᠥᠯᠦᠨ ᠵᠢᠯᠣᠭᠤᠳᠴᠤ᠂ ᠠᠶᠤᠯᠲᠠᠶ ᠬᠠᠶᠠᠭᠳᠠᠮᠠᠯ ᠪᠣᠳᠠᠰ ᠢ | ᠲᠥᠪᠯᠡᠷᠡᠭᠦᠯᠦᠨ ᠬᠠᠳᠠᠭᠠᠯᠠᠬᠤ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠭᠤᠷᠢ ᠪᠡᠯᠡᠳᠬᠡᠮᠵᠢ ᠨᠢ | ᠪᠦᠷᠢᠨ ᠲᠡᠭᠦᠯᠳᠡᠷ᠂ ᠴᠠᠬᠢᠯᠭᠠᠨ ᠬᠡᠷᠡᠭᠯᠡᠬᠦ ᠳᠠᠭᠠᠭᠠᠴᠠ ᠪᠠᠷ ᠨᠡᠯᠢᠶᠡᠳ ᠶᠡᠭᠡ᠂ ᠪᠡᠶ᠎ᠡ ᠪᠠᠨ ᠳᠠᠭᠠᠭᠠᠵᠤ ᠣᠷᠭᠢᠯ ᠢ | ᠳᠣᠭᠢᠷᠠᠭᠤᠯᠬᠤ ᠴᠢᠳᠠᠪᠤᠷᠢ ᠪᠠᠷ ᠨᠡᠯᠢᠶᠡᠳ ᠴᠢᠩᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ | ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠵᠢᠱᠢᠶ᠎ᠡ ᠦᠵᠡᠭᠦᠯᠬᠦ ᠪᠥᠲᠥᠭᠡᠨ ᠪᠠᠶᠢᠭᠤᠯᠤᠯᠲᠠ ᠥᠷᠨᠢᠭᠦᠯᠬᠦ ᠶᠢ | ᠵᠣᠷᠢᠭᠵᠢᠭᠤᠯᠵᠤ᠂ ᠲᠣᠭᠲᠠᠬᠤ ᠴᠢᠩ ᠱᠦᠢ ᠾᠧ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠢᠯᠢ ᠶᠢᠨ | ᠣᠲᠣ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠶ᠂ ᠶᠢᠨ ᠴᠢᠶᠣᠤ ᠨᠡᠭᠡᠭᠡᠯᠲᠡ ᠶᠢᠨ ᠲᠣᠭᠤᠷᠢᠭ ᠨᠢ | ᠤᠷᠢᠳᠠᠪᠠᠷ ᠪᠠᠭ᠎ᠠ ᠨᠡᠭᠦᠷᠡᠰᠦᠳᠦ᠋ᠷᠦᠭᠴᠢᠲᠦ ᠬᠦᠷᠢᠶᠡᠯᠡᠩ ᠲᠣᠭᠤᠷᠢᠭ ᠪᠠᠶᠢᠭᠤᠯᠬᠤ ᠪᠠᠷ ᠭᠤᠶᠤᠴᠢᠯᠠᠨ ᠮᠡᠳᠡᠭᠦᠯᠵᠦ᠂ | ᠬᠥᠲᠥᠯᠦᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠪᠠᠳᠠᠷᠠᠭᠤᠯᠬᠤ ᠶᠢ ᠠᠬᠢᠭᠤᠯᠤᠨ᠎ᠠ᠃ 2025 ᠣᠨ | ᠪᠣᠯᠬᠤ ᠳᠤ᠂ ᠬᠦᠷᠢᠶᠡᠯᠡᠩ ᠲᠣᠭᠤᠷᠢᠭ ᠤᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠷᠢᠭᠤᠨ ᠴᠡᠪᠡᠷ | ᠦᠢᠯᠡᠳᠪᠦᠷᠢᠯᠡᠯ ᠤᠨ ᠬᠢᠨᠠᠨ ᠬᠠᠷᠭᠤᠭᠤᠯᠬᠤ ᠬᠠᠷᠢᠴᠠᠯ ᠢ 95% ᠳᠤ ᠬᠦᠷᠦᠭᠦᠯᠵᠦ᠂ ᠨᠥᠬᠦᠴᠡᠯ | ᠪᠦᠷᠢᠯᠳᠦᠭᠦᠯᠦᠭᠰᠡᠨ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠬᠦᠷᠢᠶᠡᠯᠡᠩ ᠲᠣᠭᠤᠷᠢᠭ ᠲᠤ | ᠤᠷᠴᠢᠯᠲᠤ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ | ᠣᠷᠴᠢᠨ ᠲᠤᠭᠤᠷᠢᠨ ᠤ ᠲᠣᠪᠴᠢᠶ᠎ᠠ︶ | ︵ᠭᠤᠷᠪᠠ︶ ᠬᠤᠲᠠ ᠪᠠᠯᠭᠠᠰᠤ ᠶᠢᠨ ᠪᠣᠬᠢᠷᠲᠤᠯ ᠥᠬᠡᠶ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ | ᠢᠨᠵᠧᠨᠧᠷᠢᠩ᠃ ᠬᠤᠲᠠ ᠪᠠᠯᠭᠠᠰᠤᠨ ᠤ ᠪᠣᠬᠢᠷᠲᠤᠯ ᠥᠬᠡᠶ ᠲᠥᠯᠥᠪᠵᠢᠭᠦᠯᠭᠡ᠂ ᠪᠣᠬᠢᠷᠲᠤᠯ ᠥᠬᠡᠶ ᠪᠥᠲᠥᠭᠡᠨ | ᠪᠠᠶᠢᠭᠤᠯᠤᠯᠲᠠ᠂ ᠪᠣᠬᠢᠷᠲᠤᠯ ᠥᠬᠡᠶ ᠠᠵᠢᠯᠯᠠᠭᠠᠨ ᠤ ᠬᠠᠮᠢᠶᠠᠷᠤᠯᠲᠠ ᠶᠢ ᠳᠥᠯᠭᠢᠨ ᠠᠬᠢᠭᠤᠯᠵᠤ᠂ ᠬᠠᠶᠠᠭᠳᠠᠮᠠᠯ ᠪᠤᠳᠠᠰ | ᠦᠭᠡᠢ ᠬᠤᠲᠠ ᠪᠠ ᠬᠠᠶᠠᠭᠳᠠᠮᠠᠯ ᠬᠠᠭᠤᠴᠢᠨ ᠡᠳ᠋ ᠪᠣᠳᠠᠰ ᠢ ᠣᠷᠴᠢᠯᠳᠤᠭᠤᠯᠤᠨ ᠠᠰᠢᠭᠯᠠᠬᠤ ᠰᠢᠰᠲ᠋ᠧᠮᠵᠢ ᠶᠢᠨ | ᠭᠤᠤᠯᠳᠠᠯᠭ᠎ᠠ ᠲᠠᠢ ᠬᠤᠲᠠ ᠶᠢ ᠪᠥᠲᠥᠭᠡᠨ ᠪᠠᠶᠢᠭᠤᠯᠤᠨ᠎ᠠ᠃ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠬᠤ | ᠪᠠᠷᠢᠯᠭ᠎ᠠ ᠳᠤ ᠴᠥᠮ ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠵᠦ᠂ ᠤᠭᠰᠠᠷᠠᠮᠠᠯ ᠪᠠᠷᠢᠯᠭ᠎ᠠ ᠶᠢ | ᠰᠢᠨ᠎ᠡ ᠪᠠᠷᠢᠯᠭ᠎ᠠ ᠪᠠᠷᠢᠬᠤ ᠳᠤ ᠳᠡᠯᠭᠡᠷᠡᠭᠦᠯᠦᠨ ᠬᠡᠷᠡᠭᠯᠡᠬᠦ ᠶᠢ ᠵᠤᠷᠢᠭᠵᠢᠭᠤᠯᠵᠤ᠂ ᠰᠠᠨᠠᠭᠠᠴᠢᠯᠠᠭᠠᠲᠤ ᠪᠤᠰᠤ ᠮᠠᠶ᠋ᠢᠭ ᠤᠨ | ᠬᠡᠲᠦ ᠳᠣᠤᠷ᠎ᠠ ᠡᠨᠧᠷᠭᠢ ᠶᠢᠨ ᠬᠤᠷᠤᠭᠳᠠᠯ ᠲᠠᠢ ᠪᠠᠷᠢᠯᠭ᠎ᠠ᠂ ᠡᠨᠧᠷᠭᠢ ᠶᠢᠨ ᠬᠤᠷᠤᠭᠳᠠᠯ ᠪᠠᠷᠤᠭ ᠥᠬᠡᠶ ᠪᠠᠷᠢᠯᠭ᠎ᠠ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠥᠬᠡᠶ ᠪᠠᠷᠢᠯᠭ᠎ᠠ ᠶᠢᠨ ᠲᠤᠷᠰᠢᠯᠲᠠ ᠶᠢᠨ ᠴᠡᠭ ᠤᠨ ᠵᠢᠱᠢᠶ᠎ᠡ | ᠦᠵᠡᠭᠦᠯᠬᠦ ᠠᠵᠢᠯ ᠢ ᠥᠷᠨᠢᠭᠦᠯᠦᠨ᠎ᠡ᠃ ᠬᠤᠳᠠ ᠶᠢ ᠰᠢᠨᠡᠳᠬᠡᠬᠦ ᠢᠨᠵᠧᠨᠧᠷᠢᠩ ᠢ ᠡᠬᠢᠯᠡᠭᠦᠯᠵᠦ᠂ ᠬᠤᠶᠠᠳᠤᠭᠠᠷ | ᠲᠣᠭᠤᠷᠢᠯ ᠵᠠᠮ ᠤᠨ ᠳᠣᠲᠣᠷᠠᠬᠢ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠤᠯᠠᠨ | ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠯᠠᠨ ᠨᠡᠶᠢᠲᠡ ᠶᠢᠨ | ᠤᠰᠤ ᠬᠠᠩᠭᠠᠬᠤ ᠬᠤᠭᠤᠯᠠᠶ ᠶᠢᠨ ᠲᠣᠣᠷ ᠤᠨ ᠯᠡᠪᠡᠷᠡᠵᠦ ᠰᠦᠢᠳᠦᠭᠰᠡᠨ ᠢ ᠵᠠᠰᠠᠬᠤ ᠵᠠᠰᠠᠯᠲᠠ ᠶᠢ ᠬᠡᠷᠡᠭᠵᠢᠭᠦᠯᠵᠦ᠂ | ᠬᠥᠯᠳᠡᠭᠡᠬᠦ ᠮᠡᠷᠭᠡᠵᠢᠯ ᠤᠨ ᠲᠥᠬᠦᠭᠡᠷᠦᠮᠵᠢ ᠶᠢ ᠲᠡᠰ ᠳᠡᠪᠰᠢᠭᠦᠯᠵᠦ᠂ ᠳᠠᠭᠠᠭᠠᠴᠠ ᠶᠢᠨ ᠵᠣᠬᠢᠴᠠᠯᠳᠤᠯ ᠢ | ᠰᠢᠯᠢᠳᠡᠭᠵᠢᠭᠦᠯᠦᠨ᠎ᠡ᠃ 12 ᠳᠠᠪᠬᠤᠷᠭ᠎ᠠ ᠠᠴᠠ ᠳᠣᠷᠣᠭᠰᠢᠬᠢ ᠣᠷᠣᠨ ᠰᠠᠭᠤᠴᠠ ᠶᠢᠨ ᠪᠠᠷᠢᠯᠭ᠎ᠠ ᠪᠠ ᠡᠮᠨᠡᠯᠭᠡ ᠶᠢᠨ | ᠬᠤᠷᠢᠶ᠎ᠠ᠂ ᠰᠤᠷᠭᠠᠭᠤᠯᠢ᠂ ᠵᠣᠴᠢᠳ ᠤᠨ ᠪᠠᠭᠤᠳᠠᠯ᠂ ᠤᠮᠪᠠᠯᠲᠠ ᠶᠢᠨ ᠲᠠᠲᠠᠭᠠᠯ᠂ ᠣᠯᠠᠨ ᠨᠡᠶᠢᠲᠡ ᠶᠢᠨ | ᠤᠬᠢᠶᠠᠯᠭ᠎ᠠ ᠶᠢᠨ ᠭᠠᠵᠠᠷ ᠵᠡᠷᠭᠡ ᠣᠯᠠᠨ ᠨᠡᠶᠢᠲᠡ ᠶᠢᠨ ᠪᠠᠷᠢᠯᠭ᠎ᠠ ᠳᠤ ᠨᠡᠷᠡᠨ ᠡᠨᠧᠷᠭᠢ ᠶᠢᠨ ᠬᠡᠷᠡᠯ ᠢᠯᠴᠢ ᠶᠢᠨ | ᠪᠠᠷᠢᠯᠭ᠎ᠠ ᠶᠢ ᠨᠢᠭᠡ ᠴᠤᠭᠴᠠᠵᠢᠭᠤᠯᠬᠤ ᠮᠡᠷᠭᠡᠵᠢᠯ ᠢ ᠬᠡᠷᠡᠭᠯᠡᠬᠦ ᠶᠢ ᠠᠬᠢᠭᠤᠯᠵᠤ᠂ ᠣᠷᠣᠨ ᠰᠠᠭᠤᠴᠠ ᠶᠢᠨ | ᠪᠠᠷᠢᠯᠭ᠎ᠠ ᠶᠢᠨ ᠣᠯᠠᠨ ᠨᠡᠶᠢᠲᠡ ᠶᠢᠨ ᠣᠷᠣᠨ ᠵᠠᠶ᠂ ᠪᠠᠷᠢᠯᠭ᠎ᠠ ᠶᠢᠨ ᠬᠦᠷᠢᠶ᠎ᠡ ᠬᠠᠰᠢᠶ᠎ᠠ ᠳᠤ ᠨᠡᠷᠡᠨ ᠡᠨᠧᠷᠭᠢ ᠶᠢᠨ | ᠭᠡᠷᠡᠯᠲᠦᠭᠦᠯᠭᠡ ᠬᠡᠷᠡᠭᠯᠡᠬᠦ ᠶᠢ ᠬᠥᠲᠥᠯᠦᠨ ᠵᠢᠯᠣᠭᠤᠳᠴᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠬᠡᠷᠡᠭᠯᠡᠭᠡᠨ ᠤ | ᠬᠡᠪᠴᠢᠶ᠎ᠡ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ 2025 ᠣᠨ ᠪᠣᠯᠬᠤ ᠳᠤ᠂ ᠣᠳᠣᠨ ᠲᠠᠰ ᠤᠨ | ᠪᠣᠬᠢᠷᠲᠤᠯ ᠥᠬᠡᠶ ᠪᠠᠷᠢᠯᠭ᠎ᠠ ᠶᠢᠨ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠡᠵᠡᠯᠡᠬᠦ ᠬᠠᠷᠢᠴᠠᠯ ᠢ 35% ᠠᠴᠠ | ᠳᠠᠪᠠᠭᠤᠯᠵᠤ᠂ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ | 800 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠦᠭᠦᠯᠵᠦ᠂ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠳᠠᠬᠢᠨ | ᠡᠭᠦᠰᠴᠦ ᠪᠣᠯᠬᠤ ᠡᠨᠧᠷᠭᠢ ᠬᠡᠷᠡᠭᠯᠡᠬᠦ ᠬᠠᠷᠢᠴᠠᠯ ᠢ 30% ᠳᠤ ᠬᠦᠷᠦᠭᠦᠯᠦᠨ᠎ᠡ᠃ ︵ᠲᠦᠷᠦᠭᠦᠯᠡᠨ ᠬᠢᠬᠦ ᠨᠢᠭᠡᠴᠡ | ᠄ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︔ | ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ︶ | ︵ᠳᠥᠷᠪᠡ︶ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠡᠨᠧᠷᠭᠢ ᠠᠷᠪᠢᠯᠠᠵᠤ ᠪᠣᠬᠢᠷᠲᠤᠯ | ᠭᠠᠳᠠᠭᠰᠢᠯᠠᠭᠤᠯᠬᠤ ᠶᠢ ᠪᠠᠭᠠᠰᠬᠠᠬᠤ ᠢᠨᠵᠧᠨᠧᠷᠢᠩ᠃ ᠪᠣᠬᠢᠷᠲᠤᠯ ᠥᠬᠡᠶ ᠲᠡᠮᠦᠷ ᠵᠠᠮ᠂ ᠪᠣᠬᠢᠷᠲᠤᠯ ᠥᠬᠡᠶ ᠵᠠᠰᠠᠮᠠᠯ | ᠵᠠᠮ᠂ ᠪᠣᠬᠢᠷᠲᠤᠯ ᠥᠬᠡᠶ ᠨᠢᠰᠬᠡᠯ ᠤᠨ ᠪᠠᠭᠤᠳᠠᠯ ᠢᠶᠠᠷ ᠭᠤᠤᠯᠳᠠᠯᠭ᠎ᠠ ᠪᠣᠯᠭᠠᠭᠰᠠᠨ ᠪᠣᠬᠢᠷᠲᠤᠯ ᠥᠬᠡᠶ | ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠴᠠᠬᠢᠯᠭᠠᠨ | ᠴᠡᠨᠡᠭᠯᠡᠵᠦ ᠳ᠋ᠢᠶᠠᠨ ᡂᠢ ᠰᠣᠯᠢᠬᠤ᠂ ᠬᠡᠶ ᠨᠡᠮᠡᠬᠦ᠂ ᠤᠰᠤᠲᠥ᠋ᠷᠥᠭᠴᠢ ᠨᠡᠮᠡᠬᠦ᠂ ᠨᠢᠰᠬᠡᠯ ᠤᠨ ᠪᠠᠭᠤᠳᠠᠯ ᠤᠨ ᠡᠷᠭᠢ ᠶᠢᠨ | ᠴᠠᠬᠢᠯᠭᠠᠨ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠦᠨ᠎ᠡ᠃ | ᠰᠢᠨ᠎ᠡ ᠡᠨᠧᠷᠭᠢ ᠶᠢᠨ ᠮᠠᠰᠢᠨ ᠲᠡᠷᠭᠡ ᠶᠢ ᠰᠢᠨᠡᠳᠬᠡᠬᠦ ᠶᠢ ᠳᠥᠯᠭᠢᠨ ᠠᠬᠢᠭᠤᠯᠵᠤ᠂ ᠪᠠᠶᠢᠭᠤᠯᠤᠭᠰᠠᠨ ᠲᠣᠭᠤᠷᠢᠭ ᠲᠤ | ᠳᠦᠷᠢᠶᠡᠰᠦᠨ ᠮᠠᠰᠢᠨ᠂ ᠰᠢᠤᠳᠠᠨ᠂ ᠣᠷᠴᠢᠨ ᠲᠣᠭᠤᠷᠢᠨ ᠤ ᠠᠷᠢᠭᠤᠨ ᠴᠡᠪᠡᠷ᠂ ᠠᠵᠢᠯ ᠳᠤ ᠭᠠᠷᠬᠤ᠂ ᠬᠥᠩᠭᠡᠨ | ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ ᠬᠦᠷᠭᠡᠬᠦ ᠳᠤ ᠰᠢᠨ᠎ᠡ ᠪᠠᠷ ᠨᠡᠮᠡᠬᠦ ᠪᠠ ᠰᠢᠨᠡᠳᠬᠡᠬᠦ | ᠲᠡᠷᠭᠡ ᠶᠢᠨ ᠳᠣᠲᠣᠷ᠎ᠠ ᠰᠢᠨ᠎ᠡ ᠡᠨᠧᠷᠭᠢ ᠶᠢᠨ ᠲᠡᠷᠭᠡ ᠬᠥᠰᠬᠡ ᠶᠢᠨ ᠡᠵᠡᠯᠡᠬᠦ ᠬᠠᠷᠢᠴᠠᠯ ᠢ 20% ᠠᠴᠠ ᠳᠡᠭᠡᠭᠰᠢ ᠳᠤ | ᠬᠦᠷᠦᠭᠦᠯᠦᠨ᠎ᠡ᠃ ︽ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠠᠷ︾ ᠬᠦᠭᠵᠢᠭᠦᠯᠬᠦ ᠪᠠᠶᠢᠯᠳᠤᠬᠤ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ︽ᠲᠡᠮᠦᠷ ᠵᠠᠮ + ᠨᠡᠶᠢᠲᠡ ᠶᠢᠨ ᠵᠠᠮ ᠬᠠᠷᠢᠯᠴᠠᠭ᠎ᠠ + ᠤᠳᠠᠭᠠᠨ ᠶᠠᠪᠤᠬᠤ︾ ᠳᠥᠭᠦᠮ | ᠳᠥᠲᠡ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠂ ︽ᠲᠠᠰᠤᠷᠬᠠᠢ ᠵᠠᠮ︾ ᠢ ᠠᠷᠢᠯᠭᠠᠵᠤ᠂ | ︽ᠪᠢᠴᠢᠯ ᠡᠷᠭᠢᠯᠲᠡ︾ ᠶᠢ ᠰᠠᠭᠠᠳ ᠥᠬᠡᠶ ᠨᠡᠪᠲᠡᠷᠡᠭᠦᠯᠵᠦ᠂ ᠣᠯᠠᠨ ᠨᠡᠶᠢᠲᠡ ᠶᠢᠨ ᠪᠣᠬᠢᠷᠲᠤᠯ ᠥᠬᠡᠶ ᠪᠠᠭ᠎ᠠ | ᠨᠡᠭᠦᠷᠡᠰᠦᠳᠦ᠋ᠷᠦᠭᠴᠢᠲᠦ ᠶᠠᠪᠤᠵᠤ ᠰᠠᠭᠤᠬᠤ ᠠᠷᠭ᠎ᠠ ᠮᠠᠶ᠋ᠢᠭ ᠢ ᠤᠷᠢᠳᠠᠪᠠᠷ ᠰᠤᠩᠭᠤᠬᠤ ᠶᠢ ᠨᠢ ᠬᠦᠲᠦᠯᠦᠨ | ᠵᠢᠯᠤᠭᠤᠳᠴᠤ᠂ 2025 ᠣᠨ ᠪᠣᠯᠬᠤ ᠳᠤ᠂ ᠪᠥᠬᠦ ᠬᠤᠲᠠ ᠶᠢᠨ ᠰᠢᠨ᠎ᠡ ᠡᠨᠧᠷᠭᠢ ᠵᠢᠴᠢ ᠴᠡᠪᠡᠷ ᠡᠨᠧᠷᠭᠢ ᠶᠢᠨ | ᠨᠡᠶᠢᠲᠡ ᠶᠢᠨ ᠮᠠᠰᠢᠨ ᠲᠡᠷᠭᠡᠨ ᠤ ᠬᠠᠷᠢᠴᠠᠯ ᠢ 100% ᠳᠤ ᠬᠦᠷᠦᠭᠦᠯᠵᠦ᠂ ᠬᠤᠲᠠ ᠶᠢᠨ ᠳᠥᠷᠪᠡᠨ ᠲᠣᠭᠤᠷᠢᠭ ᠤᠨ | ᠨᠡᠶᠢᠲᠡ ᠶᠢᠨ ᠵᠠᠮ ᠬᠠᠷᠢᠯᠴᠠᠭᠠᠨ ᠤ ᠮᠠᠰᠢᠨᠲᠤ ᠠᠶᠠᠯᠠᠯ ᠳᠤ ᠬᠤᠪᠢᠶᠠᠨ ᠡᠭᠦᠷᠭᠡᠯᠡᠬᠦ ᠨᠣᠷᠮ᠎ᠠ ᠶᠢ 40% ᠠᠴᠠ | ᠳᠣᠤᠷ᠎ᠠ ᠪᠠᠶᠢᠯᠭᠠᠬᠤ ᠥᠬᠡᠶ᠂ ᠪᠣᠬᠢᠷᠲᠤᠯ ᠥᠬᠡᠶ ᠠᠶᠠᠯᠠᠯ ᠤᠨ ᠬᠠᠷᠢᠴᠠᠯ ᠢ 70% ᠳᠤ ᠬᠦᠷᠦᠭᠦᠯᠦᠨ᠎ᠡ᠃ ᠦᠷᠭᠡᠨ | ᠬᠡᠷᠡᠭᠴᠡᠭᠡᠨ ᠤ ᠡᠳ᠋ ᠪᠠᠷᠠᠭ᠎ᠠ ᠪᠠ ᠳᠤᠮᠳᠠ ᠬᠤᠯᠠ ᠵᠠᠶ ᠶᠢᠨ ᠲᠡᠭᠡᠭᠡᠪᠦᠷᠢ ᠶᠢ ︽ᠵᠠᠰᠠᠮᠠᠯ ᠵᠠᠮ ᠠᠴᠠ ᠲᠡᠮᠦᠷ ᠵᠠᠮ︾ | ᠪᠤᠯᠭᠠᠬᠤ ᠶᠢ ᠠᠬᠢᠭᠤᠯᠵᠤ᠂ ᠲᠡᠮᠦᠷ ᠵᠠᠮ ᠤᠨ ᠲᠤᠰᠬᠠᠶ ᠱᠤᠭᠤᠮ ᠲᠠᠢ ᠨᠡᠭᠦᠷᠡᠰᠦ᠂ ᠪᠣᠯᠣᠳ ᠲᠡᠮᠦᠷ᠂ ᠴᠠᠬᠢᠯᠭᠠᠨ | ᠵᠠᠳᠠᠯᠤᠯ ᠤᠨ ᠬᠦᠩᠭᠡᠨᠴᠠᠭᠠᠨ᠂ ᠴᠠᠬᠢᠯᠭᠠᠨ ᠬᠦᠴᠦ᠂ ᠬᠡᠦᠷᠰᠢᠭᠦᠯᠬᠦ ᠵᠡᠷᠭᠡ ᠲᠣᠮᠣ ᠬᠡᠯᠪᠡᠷᠢ ᠶᠢᠨ ᠠᠵᠤ | ᠦᠢᠯᠡᠳᠪᠦᠷᠢ ᠶᠢᠨ ᠠᠵᠤ ᠠᠬᠤᠶᠢᠯᠠᠯ ᠪᠠ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠦᠷᠭᠡᠨ ᠬᠡᠷᠡᠭᠴᠡᠭᠡᠨ ᠤ ᠡᠳ᠋ | ᠪᠠᠷᠠᠭ᠎ᠠ ᠳᠤ ᠲᠡᠮᠦᠷ ᠵᠠᠮ ᠤᠨ ᠲᠡᠭᠡᠭᠡᠪᠦᠷᠢ ᠶᠢ ᠬᠡᠷᠡᠭᠵᠢᠭᠦᠯᠦᠨ᠎ᠡ᠃ ᠬᠥᠩᠭᠡᠨ ᠬᠡᠯᠪᠡᠷᠢ ᠶᠢᠨ ᠲᠡᠷᠭᠡ ᠪᠣᠯᠤᠨ ᠬᠦᠨᠳᠦ | ᠬᠡᠯᠪᠡᠷᠢ ᠶᠢᠨ ᠲᠡᠷᠭᠡ ᠶᠢᠨ ᠤᠯᠤᠰ ᠤᠨⅥᠭᠠᠳᠠᠭᠰᠢᠯᠠᠭᠤᠯᠬᠤ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠮ | ᠬᠠᠷᠢᠯᠴᠠᠭᠠᠨ ᠤ ᠪᠤᠰᠤ ᠰᠢᠯᠵᠢᠮᠡᠯ ᠴᠠᠶᠢᠶ᠋ᠢᠦ ᠲᠣᠰᠣᠨ ᠤ ᠮᠠᠰᠢᠨ ᠤ Ⅳᠳ᠋ᠤᠭᠡᠷ ᠱᠠᠲᠤᠨ ᠤ ᠭᠠᠳᠠᠭᠰᠢᠯᠠᠭᠤᠯᠬᠤ | ᠪᠠᠷᠢᠮᠵᠢᠶ᠎ᠠ ᠶᠢ ᠬᠡᠷᠡᠭᠵᠢᠭᠦᠯᠦᠨ᠂ ᠬᠠᠷ᠎ᠠ ᠣᠲᠤᠭ᠎ᠠ ᠪᠠᠭᠠᠬᠢᠬᠤ ᠢᠨᠵᠧᠨᠧᠷᠢᠩ ᠤᠨ ᠮᠠᠰᠢᠨ ᠢ ᠦᠨᠳᠦᠰᠦᠨ ᠳᠡᠭᠡᠨ | ᠠᠷᠢᠯᠭᠠᠵᠤ᠂ ᠬᠠᠭᠤᠴᠢᠷᠬᠠᠰᠠᠨ ᠲᠡᠷᠭᠡ ᠬᠥᠰᠬᠡ ᠶᠢ ᠤᠷᠢᠳᠴᠢᠯᠠᠨ ᠰᠢᠭᠰᠢᠭᠳᠡᠭᠦᠯᠵᠦ ᠰᠢᠨᠡᠳᠭᠡᠬᠦ ᠶᠢ ᠬᠦᠲᠦᠯᠦᠨ | ᠵᠢᠯᠤᠭᠤᠳᠤᠨ᠎ᠠ᠃ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ | ᠭᠦᠢᠯᠭᠡᠭᠡᠨ ᠤ ᠵᠠᠩᠭᠢᠯᠠᠭ᠎ᠠ ᠶᠢᠨ ᠰᠠᠭᠤᠷᠢ ᠪᠡᠯᠡᠳᠬᠡᠮᠵᠢ ᠪᠠ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠶᠢ | ᠠᠬᠢᠭᠤᠯᠵᠤ᠂ ᠲᠡᠭᠡᠭᠡᠪᠦᠷᠢ ᠶᠢᠨ ᠬᠦᠴᠦᠨ ᠢ ᠨᠡᠶᠢᠳᠭᠡᠬᠦ᠂ ᠲᠡᠷᠭᠡ ᠪᠠᠷᠠᠭ᠎ᠠ ᠶᠢ ᠵᠤᠬᠢᠴᠠᠭᠤᠯᠬᠤ ᠵᠢᠴᠢ | ᠬᠠᠩᠭᠠᠯᠭ᠎ᠠ ᠶᠢᠨ ᠬᠡᠯᠬᠢᠶ᠎ᠡ ᠬᠢᠭᠡᠳ ᠪᠠᠷᠠᠭᠠᠨ ᠤ ᠭᠦᠢᠯᠭᠡᠭᠡᠨ ᠤ ᠬᠡᠯᠬᠢᠶ᠎ᠡ ᠶᠢ ᠠᠭᠤᠰᠤᠯᠴᠠᠭᠤᠯᠬᠤ ᠶᠢ ᠴᠢᠩᠭᠠᠳᠬᠠᠵᠤ᠂ | ᠪᠠᠷᠠᠭᠠᠨ ᠤ ᠲᠡᠭᠡᠭᠡᠪᠦᠷᠢ ᠶᠢ ᠵᠤᠬᠢᠶᠠᠨ ᠪᠠᠶᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ | ᠨᠢᠭᠡᠴᠡ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ︶ | ︵ᠲᠠᠪᠤ︶ ᠲᠠᠷᠢᠶᠠᠯᠠᠩ ᠮᠠᠯ ᠠᠵᠤ ᠠᠬᠤᠶ ᠶᠢᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ | ᠪᠠᠭᠠᠰᠬᠠᠬᠤ ᠢᠨᠵᠧᠨᠧᠷᠢᠩ᠃ ᠲᠤᠰᠤ ᠠᠷᠪᠢᠯᠠᠬᠤ᠂ ᠣᠷᠴᠢᠨ ᠲᠤᠭᠤᠷᠢᠨ ᠢ ᠬᠠᠮᠠᠭᠠᠯᠠᠬᠤ ᠲᠠᠷᠢᠶᠠᠯᠠᠩ ᠤᠨ ᠮᠠᠰᠢᠨ | ᠪᠠ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ᠂ ᠡᠨᠧᠷᠭᠢ ᠠᠷᠪᠢᠯᠠᠬᠤ ᠲᠠᠷᠢᠶᠠᠯᠠᠩ ᠤᠨ ᠬᠦᠯᠡᠮᠵᠢ ᠪᠠ ᠪᠣᠬᠢᠷᠲᠤᠯ | ᠦᠭᠡᠢ ᠬᠦᠳᠡᠭᠡ ᠶᠢᠨ ᠭᠡᠷ ᠪᠠᠶᠢᠰᠢᠩ ᠢ ᠬᠥᠭᠵᠢᠭᠦᠯᠵᠦ᠂ ᠬᠥᠳᠡᠭᠡ ᠲᠣᠰᠬᠤᠨ ᠤ ᠤᠯᠠᠨ ᠨᠡᠶᠢᠲᠡ ᠶᠢᠨ ᠪᠠᠷᠢᠯᠭ᠎ᠠ᠂ | ᠡᠯ᠎ᠡ ᠲᠦᠷᠦᠯ ᠤᠨ ᠵᠢᠱᠢᠶ᠎ᠡ ᠦᠵᠡᠭᠦᠯᠬᠦ ᠭᠠᠴᠠᠭ᠎ᠠ ᠪᠠᠯᠭᠠᠰᠤᠨ ᠤ ᠭᠡᠷ ᠪᠠᠶᠢᠰᠢᠩ ᠤᠨ ᠪᠦᠳᠦᠭᠡᠨ ᠪᠠᠶᠢᠭᠤᠯᠤᠯᠲᠠ ᠶᠢᠨ | ᠲᠦᠷᠦᠯ ᠵᠦᠢᠯ ᠢ ᠬᠦᠲᠦᠯᠦᠨ ᠵᠢᠯᠤᠭᠤᠳᠴᠤ ᠡᠨᠧᠷᠭᠢ ᠠᠷᠪᠢᠯᠠᠬᠤ ᠵᠢᠴᠢ ᠪᠣᠬᠢᠷᠲᠤᠯ ᠦᠭᠡᠢ ᠪᠦᠳᠦᠭᠡᠨ | ᠪᠠᠶᠢᠭᠤᠯᠤᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠰᠡᠷᠭᠡᠶᠢᠯᠡᠨ | ᠵᠠᠰᠠᠬᠤ ᠠᠵᠢᠯ ᠢ ᠴᠢᠩᠭᠠᠳᠬᠠᠵᠤ᠂ ᠪᠤᠷᠳᠤᠭᠤᠷ ᠢ ᠬᠢᠵᠠᠭᠠᠷᠯᠠᠬᠤ᠂ ᠡᠮ ᠢ ᠬᠢᠵᠠᠭᠠᠷᠯᠠᠬᠤ᠂ ᠰᠦᠯᠢᠶᠣᠣ | ᠪᠦᠷᠬᠦᠪᠴᠢ ᠶᠢ ᠬᠢᠵᠠᠭᠠᠷᠯᠠᠬᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠵᠡᠷᠭᠡ ᠪᠣᠬᠢᠷᠲᠤᠯ ᠦᠭᠡᠢ ᠮᠡᠷᠭᠡᠵᠢᠯ ᠢ | ᠳᠡᠯᠭᠡᠷᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠡᠰᠢ | ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠰᠦᠯᠢᠶᠣᠣ ᠪᠦᠷᠬᠦᠪᠴᠢ ᠪᠠ | ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠠᠵᠢᠯ ᠢ | ᠴᠢᠩᠭᠠᠳᠬᠠᠨ᠎ᠠ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ | ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠪᠣᠬᠢᠷ ᠤᠰᠤ ᠬᠤᠭ ᠨᠣᠪᠰᠢ ᠶᠢ | ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠣᠬᠢᠷᠲᠤᠯ ᠢ | ᠵᠠᠰᠠᠬᠤ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠨᠡᠯᠢᠶᠡᠳ ᠶᠡᠭᠡ ᠲᠠᠯᠠᠪᠠᠢ ᠲᠠᠢ ᠬᠥᠳᠡᠭᠡ ᠲᠣᠰᠬᠤᠨ ᠤ ᠪᠣᠬᠢᠷ | ᠦᠮᠡᠬᠡᠶ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠨ᠎ᠠ᠃ 2025 ᠣᠨ ᠪᠣᠯᠬᠤ ᠳᠤ᠂ ᠬᠥᠳᠡᠭᠡ | ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠨᠣᠷᠮ᠎ᠠ ᠶᠢ 50% ᠣᠷᠴᠢᠮ ᠳᠤ ᠬᠦᠷᠦᠭᠦᠯᠵᠦ᠂ ᠡᠰᠢ | ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ ᠮᠠᠯ ᠵᠢᠭᠦᠷᠲᠡᠨ ᠤ | ᠢᠯᠭᠠᠳᠠᠰᠤ ᠶᠢᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 90% ᠠᠴᠠ ᠳᠡᠭᠡᠭᠰᠢ ᠳᠤ | ᠲᠣᠭᠲᠠᠪᠤᠷᠢᠵᠢᠭᠤᠯᠤᠨ᠎ᠠ︔ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ᠂ ᠨᠢᠭᠡᠳᠦᠯᠲᠡᠶ ᠰᠡᠷᠭᠡᠶᠢᠯᠡᠨ ᠨᠢᠭᠡᠲᠦᠯᠲᠡᠢ | ᠵᠠᠰᠠᠬᠤ ᠪᠦᠷᠬᠦᠴᠡ ᠶᠢᠨ ᠨᠣᠷᠮ᠎ᠠ ᠶᠢ ᠲᠣᠰ ᠲᠣᠰ 55%᠂ 45% ᠳᠤ ᠬᠦᠷᠦᠭᠦᠯᠦᠨ᠎ᠡ᠃ ︵ᠲᠦᠷᠦᠭᠦᠯᠡᠨ ᠬᠢᠬᠦ | ᠨᠢᠭᠡᠴᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ | ᠤᠰᠤᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠵᠢᠷᠭᠤᠭ᠎ᠠ︶ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ | ᠢᠨᠵᠧᠨᠧᠷᠢᠩ᠃ ᠣᠯᠠᠨ ᠨᠡᠶᠢᠲᠡ ᠶᠢᠨ ᠪᠠᠶᠢᠭᠤᠯᠤᠮᠵᠢ ᠶᠢᠨ ᠨᠢᠭᠡᠨᠲᠡ ᠪᠠᠶᠢᠭ᠎ᠠ ᠪᠠᠷᠢᠯᠭ᠎ᠠ ᠶᠢ ᠬᠦᠷᠢᠶᠡᠯᠡᠨ ᠬᠠᠮᠠᠭᠠᠯᠠᠬᠤ | ᠪᠦᠲᠦᠴᠡ᠂ ᠢᠯᠴᠢ ᠬᠠᠩᠭᠠᠬᠤ᠂ ᠬᠥᠯᠳᠡᠭᠡᠬᠦ᠂ ᠭᠡᠷᠡᠯᠲᠦᠭᠦᠯᠬᠦ᠂ ᠴᠠᠬᠢᠯᠭᠠᠨ ᠱᠠᠲᠤ ᠵᠡᠷᠭᠡ ᠶᠡᠷᠦᠩᠬᠡᠶᠢᠯᠡᠭᠰᠡᠨ | ᠬᠡᠯᠪᠡᠷᠢ ᠶᠢᠨ ᠡᠨᠧᠷᠭᠢ ᠬᠡᠷᠡᠭᠯᠡᠬᠦ ᠰᠢᠰᠲ᠋ᠧᠮ ᠪᠠ ᠪᠡᠯᠡᠳᠭᠡᠮᠵᠢ ᠲᠥᠬᠦᠭᠡᠷᠦᠮᠵᠢ ᠶᠢᠨ ᠡᠨᠧᠷᠭᠢ ᠠᠷᠪᠢᠯᠠᠬᠤ | ᠦᠭᠡᠷᠡᠴᠢᠯᠡᠯᠲᠡ ᠶᠢ ᠲᠦᠷᠭᠡᠳᠭᠡᠵᠦ᠂ ᠡᠨᠧᠷᠭᠢ ᠠᠷᠪᠢᠯᠠᠬᠤ ᠰᠢᠨ᠎ᠡ ᠦᠢᠯᠡᠳᠬᠦᠨ ᠰᠢᠨ᠎ᠡ ᠮᠡᠷᠭᠡᠵᠢᠯ ᠢ ᠳᠡᠯᠭᠡᠷᠡᠭᠦᠯᠵᠦ | ᠬᠡᠷᠡᠭᠯᠡᠨ᠎ᠡ᠃ ᠪᠣᠬᠢᠷᠲᠤᠯ ᠥᠬᠡᠶ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠬᠡᠷᠡᠭᠯᠡᠭᠡᠨ ᠤ | ᠵᠢᠱᠢᠶ᠎ᠡ ᠦᠵᠡᠭᠦᠯᠦᠭᠰᠡᠨ ᠬᠡᠷᠡᠭ ᠤᠨ ᠵᠢᠱᠢᠶ᠎ᠡ ᠶᠢᠨ ᠤᠬᠠᠭᠤᠯᠭ᠎ᠠ ᠶᠢ ᠥᠷᠨᠢᠭᠦᠯᠵᠦ᠂ ᠡᠨᠧᠷᠭᠢ ᠶᠢᠨ ᠵᠠᠷᠤᠳᠠᠯ ᠢ | ᠨᠠᠶᠢᠳᠠᠨ ᠬᠠᠮᠢᠶᠠᠷᠤᠭᠤᠯᠬᠤ ᠵᠡᠷᠭᠡ ᠭᠡᠷᠡᠲᠦ ᠡᠨᠧᠷᠭᠢ ᠶᠢᠨ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠬᠦ ᠶᠢ | ᠵᠣᠷᠢᠭᠵᠢᠭᠤᠯᠤᠨ᠂ ᠨᠡᠷᠡᠨ ᠡᠨᠧᠷᠭᠢ᠂ ᠰᠠᠯᠬᠢᠨ ᠡᠨᠧᠷᠭᠢ ᠵᠡᠷᠭᠡ ᠴᠡᠪᠡᠷ ᠡᠨᠧᠷᠭᠢ ᠶᠢ ᠳᠡᠯᠭᠡᠷᠡᠭᠦᠯᠦᠨ ᠬᠡᠷᠡᠭᠯᠡᠵᠦ᠂ | ᠪᠣᠬᠢᠷᠲᠤᠯ ᠥᠬᠡᠶ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠤᠨ᠎ᠠ᠃ | ᠣᠯᠠᠨ ᠨᠡᠶᠢᠲᠡ ᠶᠢᠨ ᠪᠠᠶᠢᠭᠤᠯᠤᠮᠵᠢ ᠶᠢᠨ ᠰᠢᠨ᠎ᠡ ᠪᠠᠷ ᠪᠠᠶᠢᠭᠤᠯᠬᠤ ᠲᠡᠷᠭᠡᠨ ᠵᠣᠭᠰᠣᠭᠠᠯ ᠳᠤ 30% ᠠᠴᠠ ᠳᠣᠤᠷ᠎ᠠ | ᠥᠬᠡᠶ ᠬᠠᠷᠢᠴᠠᠯ ᠢᠶᠠᠷ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠡᠯᠡᠳᠬᠡᠮᠵᠢ ᠶᠢ | ᠳᠣᠭᠢᠷᠠᠭᠤᠯᠤᠨ ᠪᠠᠶᠢᠭᠤᠯᠵᠤ᠂ ᠨᠢᠭᠡᠨᠲᠡ ᠪᠠᠶᠢᠭ᠎ᠠ ᠲᠡᠷᠭᠡᠨ ᠵᠣᠭᠰᠣᠭᠠᠯ ᠳᠤ 10% ᠠᠴᠠ ᠳᠣᠤᠷ᠎ᠠ ᠥᠬᠡᠶ | ᠬᠠᠷᠢᠴᠠᠯ ᠢᠶᠠᠷ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠡᠯᠡᠳᠬᠡᠮᠵᠢ ᠶᠢ ᠳᠣᠭᠢᠷᠠᠭᠤᠯᠤᠨ | ᠪᠠᠶᠢᠭᠤᠯᠤᠨ᠎ᠠ᠃ ᠡᠨᠧᠷᠭᠢ ᠶᠢᠨ ᠬᠤᠷᠣᠭᠳᠠᠯ ᠤᠨ ᠨᠤᠷᠮ᠎ᠠ ᠶᠢᠨ ᠬᠠᠮᠢᠶᠠᠷᠤᠯᠲᠠ᠂ ᠠᠷᠪᠢᠯᠠᠨ ᠭᠠᠮᠨᠠᠬᠤ ᠬᠡᠯᠪᠡᠷᠢ ᠶᠢᠨ | ᠪᠠᠶᠢᠭᠤᠯᠭ᠎ᠠ ᠪᠣᠯᠤᠨ ᠡᠨᠧᠷᠭᠢ ᠶᠢᠨ ᠠᠰᠢᠭᠯᠠᠮᠵᠢ ᠶᠢᠨ ᠲᠠᠭᠠᠭᠤᠯᠤᠭᠴᠢ ᠶᠢ ᠡᠭᠦᠳᠦᠨ ᠪᠠᠶᠢᠭᠤᠯᠬᠤ ᠶᠢ ᠦᠷᠨᠢᠭᠦᠯᠵᠦ᠂ | 2025 ᠣᠨ ᠪᠣᠯᠬᠤ ᠳᠤ᠂ ᠪᠦᠬᠦ ᠬᠤᠳᠠ ᠶᠢᠨ 80% ᠠᠴᠠ ᠳᠡᠭᠡᠭᠰᠢᠬᠢ ᠨᠠᠮ ᠵᠠᠰᠠᠭ ᠤᠨ ᠪᠠᠶᠢᠭᠤᠯᠭ᠎ᠠ ᠶᠢ | ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠪᠣᠯᠭᠠᠨ ᠪᠠᠶᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ | ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ︶ | ︵ᠲᠤᠯᠤᠭ᠎ᠠ︶ ᠭᠤᠣᠯᠳᠠᠯᠭ᠎ᠠ ᠲᠠᠢ ᠣᠷᠣᠨ ᠪᠦᠰᠡ ᠶᠢᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ | ᠢᠨᠵᠧᠨᠧᠷᠢᠩ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠣᠷᠣᠨ ᠪᠦᠰᠡ ᠶᠢᠨ | ᠨᠠᠮᠤᠷ ᠡᠪᠦᠯ ᠤᠨ ᠤᠯᠠᠷᠢᠯ ᠤᠨ ᠪᠤᠭᠤᠮᠲᠠ ᠰᠢᠪᠲᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠭᠤᠣᠯᠳᠠᠯᠭ᠎ᠠ ᠲᠠᠢ ᠠᠵᠢᠯ ᠲᠦᠷᠦᠯ ᠤᠨ ᠪᠦᠲᠦᠴᠡ ᠶᠢ ᠲᠣᠬᠢᠷᠠᠭᠤᠯᠬᠤ ᠪᠠ ᠪᠣᠬᠢᠷᠲᠤᠯ ᠢ ᠵᠠᠰᠠᠬᠤ ᠡᠷᠴᠢᠮ ᠢ | ᠴᠢᠩᠭᠠᠷᠠᠭᠤᠯᠤᠨ᠎ᠠ᠃ ᠳᠡᠭᠳᠡᠮᠡᠬᠡᠢ ᠴᠢᠨᠠᠷᠲᠠᠶ ᠣᠷᠭᠠᠨᠢᠭ ᠪᠣᠳᠠᠰ ᠪᠠ ᠠᠽᠣᠲ ᠤᠨ ᠢᠰᠦᠮᠡᠭ ᠢ ᠬᠠᠮᠵᠢᠯᠴᠠᠨ | ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠠᠬᠢᠭᠤᠯᠵᠤ᠂ ᠨᠠᠷᠢᠨ ᠮᠥᠬᠦᠯᠢᠭᠲᠦ ᠪᠣᠳᠠᠰ ᠪᠠ ᠣᠽᠣᠨ ᠢ ᠬᠠᠮᠵᠢᠯᠴᠠᠨ | ᠡᠵᠡᠮᠳᠡᠬᠦ ᠶᠢ ᠴᠢᠩᠭᠠᠳᠬᠠᠵᠤ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠬᠢᠮᠢ ᠶᠢᠨ ᠠᠵᠤ ᠦᠢᠯᠡᠳᠪᠦᠷᠢ | ᠂ ᠪᠣᠭᠤᠳᠠᠯ ᠳᠠᠷᠤᠮᠠᠯᠯᠠᠯ᠂ ᠠᠵᠤ ᠦᠢᠯᠡᠳᠪᠦᠷᠢ ᠶᠢᠨ ᠰᠢᠷ ᠪᠤᠳᠤᠭ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ | ᠲᠣᠭᠤᠷᠢᠨ ᠳᠤ᠂ ᠲᠣᠰ ᠭᠠᠵᠠᠷ ᠣᠷᠣᠨ ᠤ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠡᠵᠡᠮᠳᠡᠬᠦ ᠭᠤᠤᠯᠳᠠᠯᠭ᠎ᠠ ᠲᠠᠢ | ᠠᠵᠢᠯ ᠲᠥᠷᠥᠯ ᠪᠠ ᠭᠤᠤᠯᠳᠠᠯᠭ᠎ᠠ ᠲᠠᠢ ᠠᠵᠤ ᠠᠬᠤᠶᠢᠯᠠᠯ ᠤᠨ ᠨᠠᠷᠢᠨ ᠬᠠᠭᠤᠳᠠᠰᠤ ᠶᠢ ᠲᠣᠭᠲᠠᠭᠠᠵᠤ᠂ ᠠᠵᠤ | ᠠᠬᠤᠶᠢᠯᠠᠯ ᠤᠨ ᠡᠬᠢ ᠡᠭᠦᠰᠦᠯ ᠠᠴᠠ ᠨᠢ ᠰᠣᠯᠢᠬᠤ᠂ ᠶᠠᠪᠤᠴᠠ ᠶᠢ ᠡᠵᠡᠮᠳᠡᠬᠦ ᠪᠠ ᠦᠵᠦᠭᠦᠷ ᠤᠨ ᠬᠡᠰᠡᠭ ᠲᠤ ᠵᠠᠰᠠᠬᠤ | ᠪᠥᠬᠦ ᠶᠠᠪᠤᠴᠠ ᠶᠢᠨ ᠬᠠᠮᠢᠶᠠᠷᠤᠯᠲᠠ ᠡᠵᠡᠮᠳᠡᠯ ᠢ ᠰᠢᠮᠳᠠᠭᠤᠯᠤᠨ᠎ᠠ᠃ ᠱᠦᠢᠨᠢ᠂ ᠬᠡᠦᠷᠰᠢᠭᠦᠯᠬᠦ ᠵᠡᠷᠭᠡ ᠠᠵᠢᠯ ᠲᠦᠷᠦᠯ | ᠵᠢᠴᠢ ᠠᠵᠤ ᠦᠢᠯᠡᠳᠪᠦᠷᠢ ᠶᠢᠨ ᠭᠦᠸᠧᠯᠦ᠂ ᠨᠦᠬᠡᠨ ᠵᠤᠤᠬ᠎ᠠ ᠪᠠ ᠰᠢᠯᠵᠢᠮᠡᠯ ᠪᠤᠬᠢᠷᠲᠤᠯ ᠤᠨ ᠡᠬᠢ ᠡᠭᠦᠰᠦᠯ ᠢᠶᠠᠷ | ᠭᠤᠣᠯᠳᠠᠯᠭ᠎ᠠ ᠪᠣᠯᠭᠠᠨ᠂ ᠦᠢᠯᠡᠳᠪᠦᠷᠢᠯᠡᠯ ᠤᠨ ᠲᠤᠨᠤᠭ ᠲᠥᠬᠦᠭᠡᠷᠦᠮᠵᠢ᠂ ᠠᠵᠤ ᠦᠢᠯᠡᠳᠪᠦᠷᠢ ᠪᠠ ᠵᠠᠰᠠᠬᠤ ᠬᠢᠷᠢ | ᠲᠦᠪᠰᠢᠨ ᠢ ᠳᠡᠭᠡᠭᠰᠢᠯᠡᠭᠦᠯᠵᠦ᠂ ᠠᠽᠣᠲ ᠤᠨ ᠢᠰᠦᠮᠡᠭ ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ | ᠪᠠᠭᠤᠷᠠᠭᠤᠯᠤᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ | ᠬᠥᠭᠵᠢᠯᠲᠡ ᠶᠢ ᠳᠥᠯᠭᠢᠨ ᠠᠬᠢᠭᠤᠯᠵᠤ᠂ ᠬᠤᠲᠠ ᠪᠠᠯᠭᠠᠰᠤ ᠶᠢᠨ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ | ᠪᠠ ᠠᠵᠤ ᠦᠢᠯᠡᠳᠪᠦᠷᠢ᠂ ᠲᠠᠷᠢᠶᠠᠯᠠᠩ ᠤᠨ ᠣᠯᠠᠨ ᠡᠬᠢᠳᠤ᠂ ᠬᠦᠳᠡᠷ ᠤᠨ ᠰᠢᠭᠠᠷᠤ ᠶᠢᠨ ᠬᠥᠮᠥᠷᠭᠡ ᠵᠡᠷᠭᠡ ᠶᠢᠨ | ᠪᠣᠬᠢᠷᠲᠤᠯ ᠢ ᠵᠠᠰᠠᠬᠤ ᠢᠨᠵᠧᠨᠧᠷᠢᠩ ᠢ ᠲᠦᠷᠭᠡᠳᠬᠡᠨ᠂ ᠤᠰᠤ ᠠᠷᠪᠢᠯᠠᠵᠤ ᠤᠰᠤ ᠡᠵᠡᠮᠳᠡᠬᠦ ᠬᠦᠨᠴᠡ ᠲᠠᠢ | ᠠᠵᠢᠯᠯᠠᠭᠠᠨ ᠢ ᠬᠡᠷᠡᠭᠵᠢᠭᠦᠯᠵᠦ᠂ ᠴᠢᠬᠤᠯᠠ ᠰᠠᠯᠪᠤᠷᠢ ᠤᠷᠤᠰᠬᠠᠯ ᠤᠨ ᠪᠣᠬᠢᠷᠲᠤᠯ ᠢ ᠵᠠᠰᠠᠬᠤ ᠶᠢ ᠴᠢᠩᠭᠠᠳᠬᠠᠨ᠂ | ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠥᠷᠨᠢᠭᠦᠯᠦᠨ᠎ᠡ᠃ 2025 ᠣᠨ ᠪᠣᠯᠬᠤ ᠳᠤ᠂ ᠬᠠᠲᠤᠨ ᠭᠤᠤᠯ ᠤᠨ ᠭᠤᠤᠯ ᠤᠷᠤᠰᠬᠠᠯ ᠤᠨ ᠤᠰᠤᠨ ᠤ ᠴᠢᠨᠠᠷ ᠢ | Ⅱᠲᠥᠷᠥᠯ ᠳᠤ ᠬᠦᠷᠦᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠦᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︶ | ︵ᠨᠠᠢᠮᠠ︶ ᠨᠡᠭᠦᠷᠡᠰᠦ ᠶᠢ ᠠᠷᠢᠭᠤᠨ ᠴᠡᠪᠡᠷ ᠥᠨᠳᠥᠷ ᠦᠷ᠎ᠡ ᠪᠦᠲᠦᠮᠵᠢᠲᠡᠶ ᠠᠰᠢᠭᠯᠠᠬᠤ ᠢᠨᠵᠧᠨᠧᠷᠢᠩ᠃ | ᠨᠡᠭᠦᠷᠡᠰᠦ ᠪᠠᠷ ᠭᠤᠣᠯ ᠪᠣᠯᠭᠠᠭᠰᠠᠨ ᠦᠨᠳᠦᠰᠦᠨ ᠪᠠᠶᠢᠳᠠᠯ ᠳᠤ ᠰᠠᠭᠤᠷᠢᠯᠠᠨ᠂ ᠤᠷᠢᠳᠠᠪᠠᠷ ᠪᠠᠶᠢᠭᠤᠯᠵᠤ ᠳᠠᠷᠠᠭ᠎ᠠ ᠨᠢ | ᠡᠪᠳᠡᠬᠦ ᠶᠢ ᠪᠠᠷᠢᠮᠲᠠᠯᠠᠵᠤ᠂ ᠨᠡᠭᠦᠷᠡᠰᠦᠨ ᠤ ᠬᠡᠷᠡᠭᠯᠡᠭᠡᠨ ᠤ ᠨᠡᠮᠡᠭᠳᠡᠯ ᠢ ᠵᠦᠢ ᠵᠣᠬᠢᠰᠲᠠᠶ ᠬᠢᠵᠠᠭᠠᠷᠯᠠᠵᠤ᠂ ᠨᠡᠭᠦᠷᠡᠰᠦ ᠶᠢ | ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠰᠢᠨ᠎ᠡ ᠪᠠᠷ ᠪᠠᠶᠢᠭᠤᠯᠬᠤ | ᠮᠠᠰᠢᠨ ᠴᠣᠭᠴᠠᠯᠠᠪᠤᠷᠢ ᠶᠢᠨ ᠨᠡᠭᠦᠷᠡᠰᠦᠨ ᠤ ᠬᠤᠷᠣᠭᠳᠠᠯ ᠤᠨ ᠪᠠᠷᠢᠮᠵᠢᠶ᠎ᠠ ᠶᠢ ᠳᠡᠯᠡᠬᠡᠶ ᠶᠢᠨ ᠲᠡᠷᠢᠭᠦᠨ ᠤ ᠬᠢᠷᠢ | ᠲᠦᠪᠰᠢᠨ ᠳᠤ ᠬᠦᠷᠭᠡᠵᠦ᠂ ᠤᠳᠤ ᠬᠡᠷᠡᠭᠯᠡᠵᠦ ᠪᠠᠶᠢᠭ᠎ᠠ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ | ᠴᠣᠭᠴᠠᠯᠠᠪᠤᠷᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ᠂ ᠢᠯᠴᠢ ᠬᠠᠩᠭᠠᠬᠤ ᠥᠭᠡᠷᠡᠴᠢᠯᠡᠯᠲᠡ᠂ ᠠᠮᠢᠳᠤᠯᠢᠭ | ᠴᠢᠨᠠᠷᠲᠠᠶ ᠥᠭᠡᠷᠡᠴᠢᠯᠡᠯᠲᠡ ︽ᠭᠤᠷᠪᠠᠨ ᠥᠭᠡᠷᠡᠴᠢᠯᠡᠯᠲᠡ ᠬᠤᠯᠪᠣᠭᠠᠯᠠᠨ ᠬᠥᠳᠡᠯᠦᠯᠴᠡᠬᠦ︾ ᠶᠢ ᠳᠥᠯᠭᠢᠨ | ᠠᠬᠢᠭᠤᠯᠵᠤ᠂ 2025 ᠣᠨ ᠪᠣᠯᠬᠤ ᠳᠤ᠂ ᠪᠥᠬᠦ ᠬᠤᠲᠠ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ | ᠴᠣᠭᠴᠠᠯᠠᠪᠤᠷᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ 500 ᠲᠦᠮᠡᠨ ᠺᠢᠯᠣᠸᠠᠲ᠂ ᠠᠮᠢᠳᠤᠯᠢᠭ ᠴᠢᠨᠠᠷᠲᠠᠶ | ᠥᠭᠡᠷᠡᠴᠢᠯᠡᠯᠲᠡ ᠶᠢ 1176 ᠲᠦᠮᠡᠨ ᠺᠢᠯᠣᠸᠠᠲ ᠪᠡᠶᠡᠯᠡᠭᠦᠯᠦᠨ᠎ᠡ᠃ ᠴᠡᠪᠡᠷ ᠳᠤᠯᠠᠭᠠᠯᠠᠭ᠎ᠠ ᠶᠢ ᠪᠥᠬᠦ ᠲᠠᠯ᠎ᠠ ᠪᠠᠷ | ᠳᠥᠯᠭᠢᠨ ᠠᠬᠢᠭᠤᠯᠵᠤ᠂ ᠳ᠋ᠠ ᠲᠠᠩ ᠤᠨ ᠲᠣᠭᠲᠠᠬᠤ ᠰᠢᠶᠠᠨ ᠤ ᠴᠠᠬᠢᠯᠭᠠᠨ ᠤ ᠦᠢᠯᠡᠳᠪᠦᠷᠢ ᠶᠢᠨ ᠢᠯᠴᠢ ᠶᠢ ᠤᠷᠲᠤ | ᠬᠤᠭᠤᠯᠠᠢ ᠪᠠᠷ ᠬᠦᠬᠡᠬᠤᠲᠠ ᠳᠤ ᠣᠷᠣᠭᠤᠯᠬᠤ᠂ ᠶᠢᠨ ᠱᠠᠨ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ | ᠬᠤᠭᠤᠴᠠᠭᠠᠨ ᠤ ᠢᠯᠴᠢ ᠶᠢ ᠲᠠᠲᠠᠵᠤ ᠬᠥᠬᠡᠬᠤᠲᠠ ᠳᠤ ᠣᠷᠣᠭᠤᠯᠬᠤ ᠵᠡᠷᠭᠡ ᠢᠯᠴᠢ ᠴᠠᠬᠢᠯᠭᠠᠨ ᠢ ᠬᠠᠮᠲᠤᠷᠠᠨ | ᠦᠢᠯᠡᠳᠪᠦᠷᠢᠯᠡᠬᠦ ᠲᠥᠷᠥᠯ ᠵᠦᠢᠯ ᠢ ᠬᠡᠷᠡᠭᠵᠢᠭᠦᠯᠵᠦ᠂ ᠪᠣᠬᠢᠷᠲᠤᠯ ᠶᠡᠬᠡᠲᠡᠶ ᠲᠦᠯᠡᠰᠢ ᠰᠢᠲᠠᠭᠠᠬᠤ ᠶᠢ ᠴᠠᠭᠠᠵᠠᠯᠠᠬᠤ | ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠳᠤᠯᠠᠭᠠᠯᠠᠭ᠎ᠠ ᠳᠤ ᠨᠡᠭᠦᠷᠡᠰᠦ ᠬᠡᠷᠡᠭᠯᠡᠬᠦ ᠶᠢ ︽ᠠᠷᠢᠯᠠᠭᠠᠬᠤ︾ | ᠠᠵᠢᠯᠯᠠᠭ᠎ᠠ ᠶᠢ ᠥᠷᠨᠢᠭᠦᠯᠵᠦ᠂ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ | ᠬᠤᠲᠠ ᠶᠢᠨ ᠲᠤᠷᠰᠢᠯᠲᠠ ᠶᠢᠨ ᠴᠡᠭ ᠢ ᠡᠭᠦᠳᠦᠨ ᠪᠠᠶᠢᠭᠤᠯᠤᠨ᠎ᠠ᠃ ᠪᠠᠶᠢᠭᠠᠯᠢ ᠶᠢᠨ ᠰᠢᠲᠠᠮᠠᠬᠠᠶ ᠬᠡᠶ ᠶᠢᠨ ᠬᠡᠷᠡᠭᠯᠡᠭᠡ ᠶᠢ | ᠲᠣᠭᠲᠠᠭᠤᠨ ᠢᠶᠠᠷ ᠠᠬᠢᠭᠤᠯᠵᠤ᠂ ᠬᠤᠰᠢᠭᠤ ᠰᠢᠶᠠᠨ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠰᠠᠯᠪᠤᠷᠢ ᠱᠤᠭᠤᠮ ᠤᠨ ᠢᠨᠵᠧᠨᠧᠷᠢᠩ ᠢ ᠬᠡᠷᠡᠭᠵᠢᠭᠦᠯᠦᠨ᠂ ᠪᠠᠶᠢᠭᠠᠯᠢ ᠶᠢᠨ ᠰᠢᠲᠠᠮᠠᠬᠠᠶ ᠬᠡᠶ ᠶᠢᠨ | ᠬᠠᠮᠤᠷᠬᠤ ᠬᠡᠪᠴᠢᠶ᠎ᠡ ᠶᠢ ᠥᠷᠭᠡᠳᠬᠡᠵᠦ᠂ ︽ᠱᠠᠨᠰᠢ ᠪᠡᠭᠡᠵᠢᠩ ᠤᠨ ᠳᠥᠷᠪᠡᠳᠦᠭᠡᠷ ᠱᠤᠭᠤᠮ︾ ︽ᠳ᠋ᠠ ᠯᠦ | ᠬᠤᠷᠢᠨᠬᠡᠷ ᠤᠨ ᠱᠤᠭᠤᠮ︾ ᠤᠨ ᠰᠢᠲᠠᠮᠠᠬᠠᠶ ᠬᠡᠶ ᠶᠢ ᠬᠥᠬᠡᠬᠤᠲᠠ ᠳᠤ ᠣᠷᠣᠭᠤᠯᠬᠤ ᠢᠨᠵᠧᠨᠧᠷᠢᠩ ᠢ ᠠᠬᠢᠭᠤᠯᠵᠤ᠂ | ᠣᠯᠠᠨ ᠰᠢᠲᠠᠮᠠᠬᠠᠶ ᠬᠡᠶ ᠶᠢᠨ ᠢᠷᠡᠯᠲᠡ ᠲᠠᠢ ᠬᠠᠩᠭᠠᠯᠭ᠎ᠠ ᠶᠢᠨ ᠪᠠᠶᠢᠷᠢᠰᠢᠯ ᠢ ᠪᠠᠶᠢᠭᠤᠯᠤᠨ᠎ᠠ᠃ 2025 ᠣᠨ | ᠪᠣᠯᠬᠤ ᠳᠤ᠂ ᠪᠥᠬᠦ ᠬᠤᠲᠠ ᠶᠢᠨ ᠨᠡᠭᠦᠷᠡᠰᠦᠨ ᠤ ᠬᠡᠷᠡᠭᠯᠡᠭᠡᠨ ᠤ ᠬᠤᠪᠢ ᠶᠢᠨ ᠵᠢᠩ ᠢ 75% ᠣᠷᠴᠢᠮ ᠪᠣᠯᠲᠠᠯ᠎ᠠ | ᠪᠠᠭᠤᠷᠠᠭᠤᠯᠵᠤ᠂ ᠴᠢᠯᠠᠭᠤᠵᠢᠮᠠᠯ ᠤᠨ ᠪᠤᠰᠤ ᠡᠨᠧᠷᠭᠢ ᠶᠢᠨ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠳᠤ | ᠡᠵᠡᠯᠡᠬᠦ ᠬᠤᠪᠢ ᠶᠢᠨ ᠵᠢᠩ ᠢ 18% ᠳᠤ ᠬᠦᠷᠦᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︔ | ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ | ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠶᠢᠰᠦ︶ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠶᠡᠷᠦᠩᠬᠡᠶᠢᠯᠡᠨ ᠴᠡᠭᠴᠡᠯᠡᠨ ᠵᠠᠰᠠᠬᠤ ᠢᠨᠵᠧᠨᠧᠷᠢᠩ᠃ | ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠬᠢᠮᠢ ᠶᠢᠨ ᠠᠵᠤ ᠦᠢᠯᠡᠳᠪᠦᠷᠢ᠂ ᠪᠣᠳᠣᠵᠤ ᠲᠦᠷᠬᠢᠵᠦ | ᠤᠭᠰᠠᠷᠠᠬᠤ᠂ ᠡᠮ ᠡᠮᠨᠡᠯᠭᠡ᠂ ᠪᠣᠭᠤᠳᠠᠯᠯᠠᠵᠤ ᠳᠠᠷᠤᠮᠠᠯᠯᠠᠬᠤ ᠪᠠ ᠲᠣᠰᠣᠨ ᠤ ᠵᠦᠢᠯ ᠢ ᠬᠠᠳᠠᠭᠠᠯᠠᠵᠤ ᠲᠡᠭᠡᠭᠡᠪᠦᠷᠢᠯᠡᠨ | ᠪᠣᠷᠣᠯᠠᠭᠤᠯᠬᠤ ᠵᠡᠷᠭᠡ ᠠᠵᠢᠯ ᠲᠥᠷᠥᠯ ᠤᠨ ᠬᠦᠷᠢᠶ᠎ᠡ ᠴᠠᠷᠠᠭ᠎ᠠ ᠪᠠᠷ ᠭᠤᠤᠯᠳᠠᠯᠭ᠎ᠠ ᠪᠣᠯᠭᠠᠵᠤ᠂ ᠳᠡᠭᠳᠡᠮᠡᠬᠡᠶ ᠴᠢᠨᠠᠷ ᠢᠶᠠᠷ | ᠳᠣᠤᠷ᠎ᠠ ᠣᠷᠭᠠᠨᠢᠭ ᠪᠣᠳᠠᠰ ᠤᠨ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠪᠠ ᠦᠢᠯᠡᠳᠬᠦᠨ ᠤ ᠡᠬᠢ | ᠡᠭᠦᠰᠦᠯ ᠤᠨ ᠣᠷᠣᠯᠠᠭᠤᠯᠤᠯᠲᠠ ᠶᠢ ᠨᠡᠮᠡᠭᠳᠡᠭᠦᠯᠦᠨ᠂ ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠬᠤ ᠨᠣᠷᠮ᠎ᠠ᠂ | ᠵᠠᠰᠠᠬᠤ ᠪᠡᠯᠡᠳᠬᠡᠮᠵᠢ ᠶᠢ ᠵᠡᠷᠭᠡ ᠳᠤᠨᠢ ᠠᠵᠢᠯᠯᠠᠭᠤᠯᠬᠤ ᠨᠣᠷᠮ᠎ᠠ ᠪᠠ ᠲᠠᠶᠠᠭᠳᠠᠬᠤ ᠨᠣᠷᠮ᠎ᠠ ᠶᠢ ᠳᠡᠭᠡᠭᠰᠢᠯᠡᠭᠦᠯᠵᠦ᠂ | ᠳᠡᠭᠳᠡᠮᠡᠬᠡᠶ ᠴᠢᠨᠠᠷ ᠲᠠᠢ ᠣᠷᠭᠠᠨᠢᠭ ᠪᠣᠳᠠᠰ ᠢ ᠶᠡᠷᠦᠩᠬᠡᠶᠢᠯᠡᠨ ᠵᠠᠰᠠᠬᠤ ᠶᠢ ᠠᠬᠢᠭᠤᠯᠤᠨ᠎ᠠ᠃ ᠵᠣᠬᠢᠶᠠᠨ ᠪᠠᠶᠢᠭᠤᠯᠤᠯᠲᠠ | ᠥᠬᠡᠶ ᠪᠠᠷ ᠭᠠᠳᠠᠭᠰᠢᠯᠠᠭᠤᠯᠬᠤ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠵᠦ᠂ ᠠᠮᠠᠷᠬᠠᠨ | ᠳᠡᠭᠳᠡᠳᠡᠭ ᠣᠷᠭᠠᠨᠢᠭ ᠰᠢᠩᠭᠡᠨ ᠪᠡᠶᠡᠲᠦ ᠬᠠᠳᠠᠭᠠᠯᠠᠬᠤ ᠰᠠᠪᠠ ᠶᠢ ᠦᠭᠡᠷᠡᠴᠢᠯᠡᠵᠦ᠂ ᠬᠥᠪᠦᠮᠡᠯ ᠳᠡᠭᠡᠪᠦᠷ ᠲᠠᠢ | ᠰᠠᠪᠠ ᠳᠤ ᠰᠢᠩᠭᠡᠨ ᠪᠡᠶ᠎ᠡ ᠳᠤ ᠪᠦᠷᠢᠨ ᠬᠦᠷᠦᠯᠴᠡᠬᠦ ᠲᠠᠪᠠᠭ ᠪᠠ ᠥᠨᠳᠥᠷ ᠪᠦᠲᠦᠮᠵᠢᠲᠡᠶ ᠳᠠᠪᠬᠤᠷ ᠪᠢᠲᠡᠭᠦᠮᠵᠢᠯᠡᠬᠦ | ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠬᠠᠶᠠᠭᠳᠠᠮᠠᠯ ᠤᠰᠤᠨ ᠤ ᠰᠢᠰᠲ᠋ᠧᠮ᠂ ᠥᠨᠳᠥᠷ ᠥᠳᠬᠡᠴᠡ ᠲᠠᠢ | ᠬᠠᠶᠠᠭᠳᠠᠮᠠᠯ ᠬᠡᠶ ᠶᠢ ᠲᠤᠰᠠᠭᠠᠷ ᠬᠤᠷᠢᠶᠠᠨ ᠴᠤᠭᠯᠠᠭᠤᠯᠵᠤ ᠰᠢᠢᠳᠪᠦᠷᠢᠯᠡᠨ᠎ᠡ᠃ ᠳᠡᠭᠳᠡᠮᠡᠬᠡᠶ ᠴᠢᠨᠠᠷᠲᠠᠶ ᠣᠷᠭᠠᠨᠢᠭ | ᠰᠢᠩᠭᠡᠨ ᠪᠡᠶᠡᠲᠦ ᠬᠠᠳᠠᠭᠠᠯᠠᠬᠤ ᠰᠠᠪᠠ᠂ ᠠᠴᠢᠶᠠᠯᠠᠵᠤ ᠪᠠᠭᠤᠯᠭᠠᠬᠤ᠂ ᠰᠢᠩᠭᠡᠨ ᠤ ᠭᠠᠳᠠᠷᠭᠤ ᠶᠢ ᠨᠡᠭᠡᠭᠡᠬᠦ᠂ | ᠯᠡᠪᠡᠷᠡᠬᠦ ᠶᠢ ᠪᠠᠶᠢᠴᠠᠭᠠᠨ ᠬᠡᠮᠵᠢᠬᠦ ᠪᠠ ᠰᠡᠯᠪᠢᠨ ᠵᠠᠰᠠᠬᠤ᠂ ᠬᠠᠶᠠᠭᠳᠠᠮᠠᠯ ᠬᠡᠶ ᠶᠢ ᠴᠤᠭᠯᠠᠭᠤᠯᠬᠤ᠂ ᠬᠠᠶᠠᠭᠳᠠᠮᠠᠯ | ᠬᠠᠵᠠᠭᠤ ᠵᠠᠮ᠂ ᠵᠠᠰᠠᠬᠤ ᠪᠡᠯᠡᠳᠭᠡᠮᠵᠢ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠪᠦᠬᠦ ᠲᠠᠯ᠎ᠠ ᠪᠠᠷ ᠵᠢᠭᠰᠠᠭᠠᠨ | ᠪᠠᠶᠢᠴᠠᠭᠠᠵᠤ᠂ ︽ᠨᠢᠭᠡ ᠦᠢᠯᠡᠳᠪᠦᠷᠢ ᠳᠤ ᠨᠢᠭᠡ ᠠᠷᠭ᠎ᠠ ᠪᠤᠳᠤᠯᠭ᠎ᠠ︾ ᠪᠠᠷ ᠪᠠᠷᠢᠮᠵᠢᠶ᠎ᠠ ᠳᠤ ᠬᠦᠷᠭᠡᠬᠦ ᠲᠥᠰᠦᠯ ᠢ | ᠲᠤᠭᠲᠠᠭᠠᠨ᠎ᠠ᠃ ᠠᠵᠢᠯ ᠡᠬᠢᠯᠡᠭᠦᠯᠬᠦ ᠵᠣᠭᠰᠣᠭᠠᠬᠤ ᠪᠠ ᠪᠠᠶᠢᠴᠠᠭᠠᠨ ᠵᠠᠰᠠᠬᠤ ᠰᠡᠯᠪᠢᠨ ᠵᠠᠰᠠᠬᠤ ᠬᠤᠭᠤᠴᠠᠭ᠎ᠠ ᠵᠡᠷᠭᠡ | ᠬᠡᠪ ᠤᠨ ᠪᠤᠰᠤ ᠠᠵᠢᠯ ᠤᠨ ᠪᠠᠶᠢᠳᠠᠯ ᠠᠴᠠ ᠡᠭᠦᠰᠦᠭᠰᠡᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ | ᠭᠠᠳᠠᠭᠰᠢᠯᠠᠭᠤᠯᠤᠯᠲᠠ ᠶᠢ ᠡᠵᠡᠮᠳᠡᠬᠦ ᠶᠢ ᠴᠢᠩᠭᠠᠳᠬᠠᠵᠤ᠂ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠬᠠᠶᠠᠭᠳᠠᠮᠠᠯ | ᠬᠡᠶ ᠶᠢᠨ ᠬᠠᠵᠠᠭᠤ ᠵᠠᠮ ᠳᠤ ᠬᠤᠯᠪᠣᠭᠳᠠᠭᠰᠠᠨ ᠬᠢᠨᠠᠨ ᠬᠠᠮᠢᠶᠠᠷᠤᠯᠲᠠ ᠵᠢᠭᠰᠠᠭᠠᠨ ᠪᠠᠶᠢᠴᠠᠭᠠᠯᠲᠠ ᠶᠢ ᠬᠡᠷᠡᠭᠵᠢᠭᠦᠯᠦᠨ᠎ᠡ | ᠃ 2025 ᠣᠨ ᠪᠣᠯᠬᠤ ᠳᠤ᠂ ᠠᠭᠤᠰᠬᠠᠭᠴᠢ ᠬᠡᠯᠪᠡᠷᠢ ᠶᠢᠨ ᠠᠵᠤ ᠦᠢᠯᠡᠳᠪᠦᠷᠢ ᠶᠢᠨ ᠰᠢᠷ ᠪᠤᠳᠤᠭ᠂ ᠲᠣᠰᠣᠨ | ᠪᠡᠭᠡ ᠶᠢ ᠬᠡᠷᠡᠭᠯᠡᠬᠦ ᠬᠠᠷᠢᠴᠠᠯ ᠢ ᠲᠣᠰ ᠲᠣᠰ 20%᠂ 10% ᠪᠠᠷ ᠪᠠᠭᠤᠷᠠᠭᠤᠯᠵᠤ᠂ ᠠᠭᠤᠰᠬᠠᠭᠴᠢ ᠬᠡᠯᠪᠡᠷᠢ ᠶᠢᠨ | ᠨᠠᠭᠠᠯᠳᠤᠭᠤᠯᠤᠭᠴᠢ ᠡᠳ᠋ ᠢ ᠬᠡᠷᠡᠭᠯᠡᠬᠦ ᠬᠡᠮᠵᠢᠶ᠎ᠡ ᠶᠢ 20% ᠪᠠᠷ ᠪᠠᠭᠤᠷᠠᠭᠤᠯᠤᠨ᠎ᠠ᠃ ︵ᠲᠦᠷᠦᠭᠦᠯᠡᠨ ᠬᠢᠬᠦ ᠨᠢᠭᠡᠴᠡ | ᠄ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ︶ | ︵ᠠᠷᠪᠠ︶ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ | ᠢᠨᠵᠧᠨᠧᠷᠢᠩ᠃ ᠬᠤᠲᠠ ᠪᠠᠯᠭᠠᠰᠤ ᠶᠢᠨ ᠤᠰᠤ ᠵᠠᠯᠠᠬᠤ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢ | ᠲᠡᠭᠦᠯᠳᠡᠷᠵᠢᠭᠦᠯᠵᠦ᠂ ᠬᠤᠯᠢᠯᠳᠤᠭᠤᠯᠤᠨ ᠵᠠᠯᠭᠠᠭᠰᠠᠨ᠂ ᠣᠷᠬᠢᠭᠳᠠᠭᠤᠯᠤᠨ ᠵᠠᠯᠭᠠᠭᠰᠠᠨ᠂ ᠬᠠᠭᠤᠴᠢᠷᠠᠵᠤ ᠡᠪᠳᠡᠷᠡᠭᠰᠡᠨ | ᠬᠤᠭᠤᠯᠠᠶ ᠶᠢᠨ ᠲᠣᠤᠷ ᠢ ᠰᠢᠨᠡᠳᠬᠡᠨ ᠵᠠᠰᠠᠬᠤ ᠢᠨᠵᠧᠨᠧᠷᠢᠩ ᠢ ᠬᠡᠷᠡᠭᠵᠢᠭᠦᠯᠦᠨ᠂ ᠪᠣᠷᠣᠭᠠᠨ ᠤ ᠤᠰᠤ ᠪᠠ ᠪᠤᠬᠢᠷ | ᠤᠰᠤ ᠶᠢ ᠰᠠᠯᠭᠠᠬᠤ ᠦᠭᠡᠷᠡᠴᠢᠯᠡᠯᠲᠡ ᠶᠢ ᠠᠬᠢᠭᠤᠯᠵᠤ᠂ ᠪᠣᠬᠢᠷ ᠰᠢᠪᠠᠷ ᠢ ᠰᠢᠢᠳᠪᠦᠷᠢᠯᠡᠬᠦ ᠪᠡᠯᠡᠳᠬᠡᠮᠵᠢ ᠶᠢᠨ | ᠳᠤᠲᠠᠭᠤᠳᠠᠯ ᠢ ᠨᠥᠬᠦᠪᠥᠷᠢᠯᠡᠵᠦ᠂ ᠤᠯᠤᠰ ᠤᠨ ᠬᠠᠶᠢᠮᠢᠶᠠᠨ ᠬᠤᠲᠠ ᠶᠢ ᠴᠢᠷᠮᠠᠶᠢᠨ ᠪᠠᠶᠢᠭᠤᠯᠤᠨ᠎ᠠ᠃ 2025 ᠣᠨ | ᠪᠣᠯᠬᠤ ᠳᠤ᠂ ᠬᠤᠲᠠ ᠶᠢᠨ ᠪᠣᠬᠢᠷ ᠰᠢᠪᠠᠷ ᠢ ᠰᠢᠢᠳᠪᠦᠷᠢᠯᠡᠬᠦ ᠴᠢᠳᠠᠪᠤᠷᠢ ᠶᠢ ᠡᠳᠦᠷ ᠪᠦᠷᠢ 800 ᠲᠣᠨ ᠣᠷᠴᠢᠮ ᠳᠤ | ᠬᠦᠷᠦᠭᠦᠯᠦᠨ᠎ᠡ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠡᠮᠵᠢᠶ᠎ᠡ ᠶᠢ ᠪᠠᠭᠠᠰᠬᠠᠬᠤ᠂ | ᠬᠤᠣᠷ ᠦᠭᠡᠶᠢᠳᠡᠭᠦᠯᠬᠦ᠂ ᠡᠬᠢ ᠪᠠᠶᠠᠯᠢᠭᠵᠢᠭᠤᠯᠬᠤ ᠪᠠ ᠲᠠᠬᠢᠨ ᠠᠰᠢᠭᠯᠠᠬᠤ ᠶᠢ ᠲᠦᠯᠬᠢᠨ ᠠᠬᠢᠭᠤᠯᠵᠤ᠂ ᠨᠡᠭᠦᠷᠡᠰᠦᠨ | ᠴᠢᠯᠠᠭᠤ᠂ ᠨᠤᠨᠲᠠᠭ ᠨᠡᠭᠦᠷᠡᠰᠦᠨ ᠤ ᠦᠨᠡᠰᠦ᠂ ᠬᠦᠬᠦᠷ ᠥᠬᠡᠶᠢᠳᠡᠭᠦᠯᠦᠭᠰᠡᠨ ᠵᠤᠭᠠᠩ᠂ ᠵᠤᠤᠬᠠᠨ ᠤ ᠰᠢᠭᠠᠷᠤ ᠵᠡᠷᠭᠡ | ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠱᠦᠢᠨᠢ ᠶᠢᠨ ᠬᠤᠯᠢᠮᠠᠭ ᠮᠠᠲ᠋ᠧᠷᠢᠶᠠᠯ᠂ ᠰᠢᠨ᠎ᠡ | ᠬᠡᠯᠪᠡᠷᠢ ᠶᠢᠨ ᠬᠡᠷᠡᠮ ᠤᠨ ᠮᠠᠲ᠋ᠧᠷᠢᠶᠠᠯ᠂ ᠬᠥᠷᠥᠰᠥ ᠰᠢᠷᠣᠶ ᠶᠢ ᠰᠠᠶᠢᠵᠢᠷᠠᠭᠤᠯᠬᠤ ᠡᠳ᠋ ᠵᠡᠷᠭᠡ ᠬᠦᠷᠢᠶᠡᠨ ᠳᠤ | ᠬᠡᠷᠡᠭᠯᠡᠬᠦ ᠶᠢ ᠵᠣᠷᠢᠭᠵᠢᠭᠤᠯᠤᠨ᠎ᠠ᠃ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ | ᠠᠬᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢᠨ ᠳᠠᠬᠢᠨ ᠡᠭᠦᠰᠬᠦ ᠶᠠᠰᠤᠨ ᠮᠠᠲ᠋ᠧᠷᠢᠶᠠᠯ᠂ ᠪᠦᠲᠦᠭᠡᠭᠳᠡᠬᠦᠨ ᠵᠡᠷᠭᠡ ᠶᠢ | ᠪᠠᠷᠢᠯᠭ᠎ᠠ ᠶᠢᠨ ᠠᠵᠢᠯ ᠪᠠ ᠵᠠᠮ ᠤᠨ ᠪᠠᠷᠢᠯᠭ᠎ᠠ ᠳᠤ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ᠃ ᠶᠡᠷᠦᠩᠬᠡᠶᠢᠯᠡᠨ | ᠠᠰᠢᠭᠯᠠᠬᠤ ᠨᠢᠷᠤᠭᠤᠪᠴᠢ ᠠᠵᠤ ᠠᠬᠤᠶᠢᠯᠠᠯ ᠢ ᠪᠤᠶᠢᠵᠢᠭᠤᠯᠤᠨ᠂ ᠲᠣᠭᠲᠠᠬᠤ ᠰᠢᠶᠠᠨ ᠤ ᠠᠵᠤ ᠦᠢᠯᠡᠳᠪᠦᠷᠢ ᠶᠢᠨ | ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠬᠤᠷᠢᠨᠭᠡᠷ ᠰᠢᠶᠠᠨ ᠤ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠶᠡᠷᠦᠩᠬᠡᠶᠢᠯᠡᠨ ᠠᠰᠢᠭᠯᠠᠬᠤ ᠠᠵᠤ ᠦᠢᠯᠡᠰ ᠲᠥᠪᠯᠡᠷᠡᠭᠰᠡᠨ ᠣᠷᠣᠨ ᠢ ᠪᠥᠲᠥᠭᠡᠨ ᠪᠠᠶᠢᠭᠤᠯᠵᠤ᠂ ᠴᠢᠩ ᠱᠦᠶ ᠾᠧ | ᠰᠢᠶᠠᠨ ᠤ ᠤᠯᠤᠰ ᠤᠨ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠶᠢ ᠳᠡᠮᠵᠢᠨ᠎ᠡ᠃ ᠲᠥᠷᠥᠯ ᠬᠤᠪᠢᠶᠠᠨ ᠬᠠᠶᠠᠬᠤ᠂ | ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠥᠯ ᠬᠤᠪᠢᠶᠠᠨ ᠰᠢᠢᠳᠪᠦᠷᠢᠯᠡᠬᠦ | ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠰᠢᠰᠲ᠋ᠧᠮ ᠢ ᠪᠦᠷᠢᠨᠰᠢᠬᠦᠯᠵᠦ᠂ ᠬᠤᠭᠤᠯᠠᠨ ᠬᠡᠷ ᠲᠣᠭᠤᠭᠠᠨ | ᠬᠡᠷ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠂ ᠲᠥᠪᠯᠡᠷᠡᠩᠭᠦᠶ ᠮᠠᠶ᠋ᠢᠭ ᠪᠠ | ᠲᠠᠷᠬᠠᠮᠠᠯ ᠮᠠᠶ᠋ᠢᠭ ᠢ ᠬᠠᠷᠢᠯᠴᠠᠨ ᠤᠶᠠᠯᠳᠤᠭᠤᠯᠤᠭᠰᠠᠨ ᠲᠣᠭᠤᠭᠠᠨ ᠬᠡᠷ ᠤᠨ ᠬᠤᠭ ᠨᠣᠪᠰᠢ ᠶᠢ ᠰᠢᠢᠳᠪᠦᠷᠢᠯᠡᠬᠦ | ᠪᠠᠶᠢᠷᠢᠯᠠᠭᠤᠯᠤᠯᠲᠠ ᠶᠢ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠂ 2023 ᠣᠨ ᠪᠣᠯᠬᠤ ᠳᠤ ᠬᠤᠲᠠ ᠶᠢᠨ ᠠᠮᠢᠳᠤᠷᠠᠯ ᠤᠨ ᠤᠭ ᠡᠬᠢ ᠬᠤᠭ ᠨᠣᠪᠰᠢ ᠶᠢ ︽ | ᠪᠤᠯᠠᠬᠤ ᠥᠬᠡᠶ︾ ᠪᠤᠯᠭᠠᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠬᠤᠲᠠ ᠶᠢᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠤᠭᠤᠷᠢᠨ ᠤ ᠲᠣᠪᠴᠢᠶ᠎ᠠ᠂ ᠬᠤᠳᠠ ᠶᠢᠨ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ︶ | ᠭᠤᠷᠪᠠ᠂ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠲᠦᠷᠦ ᠶᠢᠨ ᠪᠣᠳᠣᠯᠭ᠎ᠠ ᠶᠢᠨ | ᠲᠣᠭᠲᠠᠴᠠ ᠶᠢ ᠪᠦᠷᠢᠨᠰᠢᠭᠦᠯᠦᠨ᠎ᠡ | ︵ᠨᠢᠭᠡ︶ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠳᠦᠷᠢᠮ ᠢ ᠰᠢᠯᠢᠳᠡᠭᠵᠢᠭᠦᠯᠦᠨ | ᠲᠡᠭᠦᠯᠳᠡᠷᠵᠢᠭᠦᠯᠦᠨ᠎ᠡ᠃ ᠡᠨᠧᠷᠭᠢ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠡᠨᠧᠷᠭᠢ ᠶᠢᠨ | ᠬᠤᠷᠤᠭᠳᠠᠯ ᠤᠨ ᠬᠦᠴᠦᠯᠡᠴᠡ ᠶᠢᠨ ᠬᠢᠵᠠᠭᠠᠷᠯᠠᠯ ᠤᠨ ᠴᠢᠨᠠᠷᠲᠠᠢ ᠭᠦᠢᠴᠡᠳᠬᠡᠯ ᠲᠤᠭ᠎ᠠ ᠶᠢᠨ ᠬᠠᠮᠢᠶᠠᠷᠤᠯᠲᠠ ᠶᠢ | ᠴᠢᠩᠭᠠᠳᠬᠠᠵᠤ᠂ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠶᠢᠨ ᠬᠠᠷᠢᠮᠠᠬᠠᠢ ᠴᠢᠨᠠᠷᠲᠠᠢ ᠬᠠᠮᠢᠶᠠᠷᠤᠯᠲᠠ ᠶᠢ | ᠴᠢᠩᠭᠠᠳᠬᠠᠵᠤ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠲᠥᠷᠥ ᠶᠢᠨ ᠪᠣᠳᠤᠯᠭ᠎ᠠ ᠶᠢ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠬᠠᠷᠠᠯᠲᠠ ᠡᠭᠦᠷᠭᠡ ᠯᠦᠭᠡ ᠵᠣᠯᠭᠠᠯᠳᠤᠭᠤᠯᠬᠤ ᠶᠢ ᠴᠢᠩᠭᠠᠳᠬᠠᠨ᠎ᠠ᠃ ᠡᠨᠧᠷᠭᠢ ᠶᠢᠨ ᠬᠦᠴᠦᠨ | ᠵᠦᠢᠯ ᠤᠨ ᠵᠦᠢ ᠵᠣᠬᠢᠰᠲᠠᠢ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠪᠠᠭᠤᠯᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠡᠨᠧᠷᠭᠢ ᠶᠢᠨ | ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ ᠶᠢ ᠦᠨᠳᠦᠰᠦᠯᠡᠨ᠂ ᠡᠯ᠎ᠡ ᠭᠠᠵᠠᠷ ᠣᠷᠣᠨ ᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠦᠴᠦᠯᠡᠴᠡ ᠶᠢᠨ ᠬᠠᠷᠠᠯᠲᠠ ᠡᠭᠦᠷᠭᠡ ᠶᠢ ᠵᠦᠢ ᠵᠣᠬᠢᠰᠲᠠᠢ ᠰᠠᠯᠭᠠᠵᠤ | ᠪᠠᠭᠤᠯᠭᠠᠨ᠎ᠠ᠂ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠᠷ ᠵᠢᠱᠢᠭᠰᠡᠨ ᠴᠢᠨᠠᠷᠲᠠᠢ ᠭᠦᠢᠴᠡᠳᠬᠡᠯ ᠲᠤᠭ᠎ᠠ | ᠪᠣᠯᠭᠠᠵᠤ᠂ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠵᠢᠱᠢᠭᠰᠡᠨ ᠬᠠᠷᠠᠯᠲᠠ ᠠᠴᠠ ᠳᠠᠪᠠᠭᠰᠠᠨ ᠭᠠᠵᠠᠷ | ᠣᠷᠣᠨ ᠨᠤᠭᠤᠳ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠶᠢᠨ ᠬᠠᠷᠠᠯᠲᠠ ᠳᠤ ᠪᠠᠨ ᠵᠣᠬᠢᠴᠠᠩᠭᠤᠢ | ᠲᠣᠬᠢᠷᠠᠭᠤᠯᠤᠯᠲᠠ ᠬᠢᠵᠦ ᠪᠣᠯᠣᠨ᠎ᠠ᠃ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ | ᠤᠷᠮᠠᠰᠢᠭᠤᠯᠬᠤ ᠬᠠᠷᠠᠯᠲᠠ ᠶᠢ ᠪᠡᠶᠡᠯᠡᠭᠦᠯᠦᠭᠰᠡᠨ ᠭᠠᠵᠠᠷ ᠣᠷᠣᠨ ᠢ ᠡᠨᠧᠷᠭᠢ ᠶᠢᠨ ᠶᠢᠨ ᠬᠡᠷᠡᠭᠯᠡᠭᠡᠨ ᠤ ᠶᠡᠷᠦᠩᠬᠡᠢ | ᠬᠡᠮᠵᠢᠶ᠎ᠡ ᠶᠢ ᠬᠢᠨᠠᠨ ᠰᠢᠯᠭᠠᠬᠤ ᠠᠴᠠ ᠬᠡᠯᠲᠦᠷᠢᠭᠦᠯᠦᠨ᠎ᠡ᠃ ᠡᠯ᠎ᠡ ᠭᠠᠵᠠᠷ ᠣᠷᠣᠨ ᠤ ︽ᠠᠷᠪᠠᠨ ᠳᠦᠷᠪᠡᠳᠦᠭᠡᠷ ᠲᠠᠪᠤᠨ | ᠵᠢᠯ︾ ᠤᠨ ᠬᠤᠭᠤᠴᠠᠭᠠᠨ ᠳᠤ ᠰᠢᠨ᠎ᠡ ᠪᠠᠷ ᠨᠡᠮᠡᠭᠳᠡᠭᠰᠡᠨ ᠳᠠᠬᠢᠨ ᠡᠭᠦᠰᠴᠦ ᠪᠣᠯᠬᠤ ᠡᠨᠧᠷᠭᠢ ᠶᠢᠨ ᠴᠠᠬᠢᠯᠭᠠᠨ | ᠬᠦᠴᠦᠨ ᠤ ᠬᠡᠷᠡᠭᠯᠡᠭᠡᠨ ᠤ ᠬᠡᠮᠵᠢᠶ᠎ᠡ ᠶᠢ ᠡᠨᠧᠷᠭᠢ ᠶᠢᠨ ᠬᠤᠷᠤᠭᠳᠠᠯ ᠤᠨ ᠶᠡᠷᠦᠩᠬᠡᠢ ᠬᠡᠮᠵᠢᠶ᠎ᠡ ᠶᠢᠨ ᠬᠢᠨᠠᠨ | ᠰᠢᠯᠭᠠᠯᠲᠠ ᠳᠤ ᠣᠷᠣᠭᠤᠯᠬᠤ ᠦᠭᠡᠢ᠂ ᠲᠦᠭᠦᠬᠡᠢ ᠮᠠᠲ᠋ᠧᠷᠢᠶᠠᠯ ᠢᠶᠠᠷ ᠬᠡᠷᠡᠭᠯᠡᠬᠦ ᠡᠨᠧᠷᠭᠢ ᠶᠢ ᠡᠨᠧᠷᠭᠢ ᠶᠢᠨ | ᠬᠤᠷᠣᠭᠳᠠᠯ ᠤᠨ ᠬᠦᠴᠦᠯᠡᠴᠡ ᠪᠠ ᠶᠡᠷᠦᠩᠬᠡᠢ ᠬᠡᠮᠵᠢᠶ᠎ᠡ ᠶᠢᠨ ᠬᠤᠣᠰ ᠡᠵᠡᠮᠳᠡᠯ ᠤᠨ ᠬᠢᠨᠠᠨ ᠰᠢᠯᠭᠠᠯᠲᠠ ᠳᠤ | ᠣᠷᠣᠭᠤᠯᠬᠤ ᠦᠭᠡᠢ᠂ ᠤᠯᠤᠰ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠳᠤ ᠨᠡᠶᠢᠴᠡᠬᠦ ᠭᠤᠣᠯᠳᠠᠯᠭ᠎ᠠ ᠲᠠᠢ | ᠲᠥᠷᠥᠯ ᠵᠦᠢᠯ ᠳᠤ ᠡᠨᠧᠷᠭᠢ ᠶᠢᠨ ᠬᠤᠷᠤᠭᠳᠠᠯ ᠤᠨ ᠭᠦᠢᠴᠡᠳᠬᠡᠯ ᠲᠤᠭ᠎ᠠ ᠶᠢᠨ ᠲᠤᠰᠬᠠᠢ ᠵᠢᠭᠰᠠᠭᠠᠯᠲᠠ ᠭᠠᠷᠭᠠᠵᠤ | ᠥᠭᠬᠦ ᠪᠠᠷ ᠢᠳᠡᠪᠬᠢᠲᠡᠢ ᠭᠤᠶᠤᠴᠢᠯᠠᠵᠤ᠂ ᠡᠨᠧᠷᠭᠢ ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢᠨ ᠳᠦᠷᠢᠮ ᠢ | ᠲᠡᠭᠦᠯᠳᠡᠷᠵᠢᠭᠦᠯᠵᠦ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠢ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ | ᠬᠡᠪ ᠳᠠᠭᠤᠷᠢᠶᠠᠯ ᠢᠶᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠳᠣᠣᠷ᠎ᠠ ᠬᠦᠴᠦᠯᠡᠴᠡ ᠲᠠᠢ ᠴᠢᠨᠠᠷ ᠰᠠᠶᠢᠲᠠᠢ | ᠲᠦᠷᠦᠯ ᠵᠦᠢᠯ ᠤᠨ ᠡᠨᠧᠷᠭᠢ ᠬᠡᠷᠡᠭᠯᠡᠬᠦ ᠬᠡᠷᠡᠭᠴᠡᠭᠡ ᠶᠢ ᠵᠦᠢ ᠵᠣᠬᠢᠰᠲᠠᠢ ᠪᠠᠲᠤᠯᠠᠵᠤ᠂ ᠥᠨᠳᠥᠷ ᠬᠦᠴᠦᠯᠡᠴᠡ ᠲᠠᠢ | ᠲᠦᠷᠦᠯ ᠵᠦᠢᠯ ᠤᠨ ᠨᠥᠯᠥᠭᠡ ᠶᠢ ᠪᠦᠲᠦᠮᠵᠢᠲᠡᠶ ᠠᠷᠢᠯᠭᠠᠨ᠎ᠠ᠃ ᠡᠨᠧᠷᠭᠢ ᠶᠢᠨ ᠬᠤᠷᠣᠭᠳᠠᠯ ᠤᠨ ᠬᠤᠣᠰ | ᠡᠵᠡᠮᠳᠡᠯ ᠤᠨ ᠬᠢᠨᠠᠨ ᠰᠢᠯᠭᠠᠬᠤ ᠤᠳᠠᠭ᠎ᠠ ᠳᠠᠪᠳᠠᠮᠵᠢ ᠶᠢ ᠰᠢᠯᠢᠳᠡᠭᠵᠢᠭᠦᠯᠵᠦ᠂ ︽ᠣᠨ ᠤ ᠦᠨᠡᠯᠡᠯᠲᠡ᠂ ᠳᠤᠮᠳᠠ | ᠬᠤᠭᠤᠴᠠᠭᠠᠨ ᠤ ᠦᠨᠡᠯᠡᠨ ᠵᠢᠱᠢᠯᠲᠡ᠂ ᠲᠠᠪᠤᠨ ᠵᠢᠯ ᠤᠨ ᠬᠢᠨᠠᠨ ᠰᠢᠯᠭᠠᠯᠲᠠ︾ ᠶᠢ ᠬᠡᠷᠡᠭᠵᠢᠭᠦᠯᠵᠦ᠂ ᠡᠨᠧᠷᠭᠢ ᠶᠢᠨ | ᠬᠤᠷᠣᠭᠳᠠᠯ ᠤᠨ ᠬᠦᠴᠦᠯᠡᠴᠡ ᠶᠢᠨ ᠬᠠᠷᠠᠯᠲᠠ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠬᠤᠭᠤᠴᠠᠭᠠᠨ ᠳᠤ ᠨᠢᠭᠡᠳᠦᠯᠲᠡᠢ ᠲᠥᠯᠥᠪᠯᠡᠨ ᠬᠢᠨᠠᠨ ᠰᠢᠯᠭᠠᠨ᠎ᠠ᠃ ︵ᠲᠦᠷᠦᠭᠦᠯᠡᠨ ᠬᠢᠬᠦ | ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ | ︶ | ︵ᠬᠤᠶᠠᠷ︶ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠳᠦᠷᠢᠮ ᠢ | ᠪᠦᠷᠢᠨᠰᠢᠭᠦᠯᠦᠨ᠎ᠡ᠃ ᠨᠠᠷᠢᠯᠢᠭ ᠣᠨᠣᠴᠠᠲᠠᠢ ᠪᠠᠷ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ | ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ | ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠳᠦᠷᠢᠮ ᠢ ᠪᠣᠬᠢᠷᠲᠤᠯ ᠦᠭᠡᠢ ᠪᠠᠭ᠎ᠠ ᠨᠡᠭᠦᠷᠡᠰᠦᠳᠦ᠋ᠷᠦᠭᠴᠢᠲᠦ ᠬᠥᠭᠵᠢᠯᠲᠡ ᠶᠢ | ᠲᠦᠷᠭᠡᠳᠬᠡᠬᠦ᠂ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠲᠦᠯᠬᠢᠨ ᠠᠬᠢᠭᠤᠯᠬᠤ᠂ ᠣᠷᠴᠢᠨ ᠲᠣᠭᠤᠷᠢᠨ | ᠢ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠵᠤ᠂ ᠪᠣᠬᠢᠷᠲᠤᠯ ᠭᠠᠳᠠᠭᠰᠢᠯᠠᠭᠤᠯᠬᠤ ᠶᠢ | ᠪᠠᠭᠠᠰᠬᠠᠬᠤ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠪᠣᠬᠢᠷᠲᠤᠯ | ᠭᠠᠳᠠᠭᠰᠢᠯᠠᠭᠤᠯᠬᠤ ᠶᠢ ᠪᠠᠭᠠᠰᠬᠠᠬᠤ ᠪᠦᠲᠦᠮᠵᠢᠲᠡᠶ ᠴᠢᠳᠠᠪᠤᠷᠢ ᠶᠢ ᠪᠤᠢ ᠪᠣᠯᠭᠠᠨ᠎ᠠ᠃ ᠪᠣᠬᠢᠷᠳᠣᠯ ᠭᠠᠳᠠᠭᠰᠢᠯᠠᠭᠤᠯᠬᠤ | ᠶᠡᠷᠦᠩᠬᠡᠢ ᠬᠡᠮᠵᠢᠶ᠎ᠡ ᠶᠢ ᠪᠠᠭᠠᠰᠬᠠᠬᠤ ᠭᠦᠢᠴᠡᠳᠬᠡᠯ ᠲᠤᠭ᠎ᠠ ᠶᠢ ᠵᠠᠳᠠᠯᠬᠤ ᠠᠷᠭ᠎ᠠ ᠮᠠᠶ᠋ᠢᠭ ᠢ ᠰᠢᠯᠢᠳᠡᠭᠵᠢᠭᠦᠯᠵᠦ᠂ | ᠬᠢᠨᠠᠨ ᠬᠡᠮᠵᠢᠵᠦ ᠪᠣᠯᠬᠤ᠂ ᠬᠢᠨᠠᠨ ᠪᠠᠶᠢᠴᠠᠭᠠᠵᠤ ᠪᠣᠯᠬᠤ᠂ ᠬᠢᠨᠠᠨ ᠰᠢᠯᠭᠠᠵᠤ ᠪᠣᠯᠬᠤ ᠵᠠᠷᠴᠢᠮ ᠶᠣᠰᠣᠭᠠᠷ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠭᠤᠣᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠶᠡᠷᠦᠩᠬᠡᠢ | ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢᠨ ᠲᠥᠰᠥᠯ ᠢ ᠨᠠᠶᠢᠷᠠᠭᠤᠯᠤᠨ ᠵᠣᠬᠢᠶᠠᠵᠤ᠂ ᠭᠤᠣᠯᠳᠠᠯᠭ᠎ᠠ ᠲᠠᠢ | ᠢᠨᠵᠧᠨᠧᠷᠢᠩ ᠤᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠬᠡᠮᠵᠢᠶ᠎ᠡ ᠶᠢ ᠰᠠᠯᠭᠠᠨ ᠪᠠᠭᠤᠯᠭᠠᠵᠤ᠂ ᠪᠣᠬᠢᠷᠲᠤᠯ ᠢ | ᠵᠠᠰᠠᠬᠤ ᠡᠭᠦᠷᠭᠡ ᠨᠡᠯᠢᠶᠡᠳ ᠬᠦᠨᠳᠦ ᠪᠠᠶᠢᠭ᠎ᠠ ᠭᠠᠵᠠᠷ ᠣᠷᠣᠨ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ | ᠡᠭᠦᠷᠭᠡ ᠶᠢ ᠬᠠᠷᠢᠴᠠᠩᠭᠤᠢ ᠪᠠᠷ ᠢᠯᠡᠭᠦᠦ ᠰᠢᠭ ᠡᠭᠦᠷᠭᠡᠯᠡᠨ᠎ᠡ᠃ ᠬᠤᠰᠢᠭᠤ ᠰᠢᠶᠠᠨ ᠲᠣᠭᠤᠷᠢᠭ ᠪᠣᠬᠢᠷᠳᠤᠯ | ᠭᠠᠳᠠᠭᠰᠢᠯᠠᠭᠤᠯᠬᠤ ᠶᠢ ᠪᠠᠭᠠᠰᠬᠠᠬᠤ ᠢᠨᠵᠧᠨᠧᠷᠢᠩ ᠢ ᠣᠨ ᠵᠢᠯ ᠢᠶᠠᠷ ᠨᠠᠶᠢᠳᠠᠪᠤᠷᠢᠵᠢᠭᠤᠯᠬᠤ ᠶᠢ ᠵᠢᠯᠤᠭᠤᠳᠤᠨ᠂ | ᠶᠡᠷᠦᠩᠬᠡᠢ ᠬᠡᠮᠵᠢᠶ᠎ᠡ ᠶᠢ ᠬᠢᠨᠠᠨ ᠪᠣᠳᠤᠬᠤ ᠶᠢ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠂ ᠣᠷᠴᠢᠨ ᠲᠣᠭᠤᠷᠢᠨ ᠤ | ᠨᠥᠯᠥᠭᠡᠯᠡᠯ ᠤᠨ ᠦᠨᠡᠯᠡᠯᠲᠡ ᠬᠢᠨᠠᠨ ᠵᠦᠪᠰᠢᠶᠡᠷᠡᠯᠲᠡ ᠵᠡᠷᠭᠡ ᠳᠥᠷᠢᠮ ᠯᠦᠭᠡ ᠵᠣᠯᠭᠠᠭᠤᠯᠬᠤ ᠶᠢ ᠴᠢᠩᠭᠠᠳᠬᠠᠵᠤ᠂ | ᠪᠣᠬᠢᠷᠲᠤᠯ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠪᠠᠭᠠᠰᠬᠠᠬᠤ ᠬᠢᠨᠠᠯᠲᠠ ᠬᠠᠮᠢᠶᠠᠷᠤᠯᠲᠠ ᠪᠠ ᠬᠠᠷᠠᠯᠲᠠᠲᠤ ᠬᠢᠨᠠᠨ | ᠰᠢᠯᠭᠠᠯᠲᠠ ᠶᠢ ᠴᠢᠩᠭᠠᠳᠬᠠᠵᠤ᠂ ᠤᠷᠮᠠᠰᠢᠭᠤᠯᠬᠤ ᠪᠠ ᠬᠢᠵᠠᠭᠠᠷᠯᠠᠬᠤ ᠲᠤᠭᠲᠠᠴᠠ ᠶᠢ ᠪᠦᠷᠢᠨᠰᠢᠭᠦᠯᠦᠨ᠎ᠡ᠃ ︵ | ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︔ ᠬᠠᠷᠢᠭᠤᠴᠠᠯᠭᠠᠲᠤ | ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ︶ | ︵ᠭᠤᠷᠪᠠ︶ ᠡᠨᠧᠷᠭᠢ ᠶᠢᠨ ᠬᠤᠷᠣᠭᠳ᠋ᠯ ᠶᠡᠬᠡᠲᠡᠢ ᠭᠠᠳᠠᠭᠰᠢᠯᠠᠭᠤᠯᠤᠯᠲᠠ ᠶᠡᠬᠡᠲᠡᠢ ᠳᠣᠣᠷ᠎ᠠ ᠬᠢᠷᠢ ᠲᠦᠪᠰᠢᠨ | ᠲᠠᠢ ᠲᠦᠷᠦᠯ ᠵᠦᠢᠯ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠨ᠎ᠠ᠃ ᠥᠪᠡᠷᠲᠡᠭᠡᠨ ᠵᠠᠰᠠᠬᠤ | ᠣᠷᠣᠨ ᠤ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ | ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠲᠤᠬᠠᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠨᠦᠭᠦᠳ︾ ︽ | ︿ᠬᠤᠶᠠᠷ ᠶᠡᠬᠡᠲᠡᠢ﹀ ᠲᠥᠷᠥᠯ ᠵᠦᠢᠯ ᠢ ᠳᠣᠣᠷ᠎ᠠ ᠬᠢᠷᠢ ᠲᠦᠪᠰᠢᠨ ᠢᠶᠠᠷ ᠰᠣᠬᠤᠷ ᠪᠠᠯᠠᠢ ᠪᠠᠷ ᠬᠦᠭᠵᠢᠬᠦᠯᠬᠦ ᠶᠢ ᠡᠷᠡᠰ | ᠬᠤᠷᠢᠭᠯᠠᠬᠤ ᠬᠠᠮᠢᠶᠠᠷᠤᠨ ᠡᠵᠡᠮᠳᠡᠬᠦ ᠭᠠᠷᠴᠠᠭ︾ ᠵᠡᠷᠭᠡ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠴᠢᠯᠠᠭᠤᠨ ᠲᠣᠰᠣ | ᠬᠢᠮᠢ ᠶᠢᠨ ᠠᠵᠤ ᠦᠢᠯᠡᠳᠪᠦᠷᠢ᠂ ᠬᠡᠦᠷᠰᠢᠭᠦᠯᠬᠦ᠂ ᠬᠢᠮᠢ ᠶᠢᠨ ᠠᠵᠤ ᠦᠢᠯᠡᠳᠪᠦᠷᠢ᠂ ᠨᠡᠭᠦᠷᠡᠰᠦ ᠬᠢᠮᠢ ᠶᠢᠨ ᠠᠵᠤ | ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠪᠣᠯᠣᠳ ᠲᠡᠮᠦᠷ᠂ ᠥᠩᠭᠡᠲᠦ ᠲᠡᠮᠦᠷᠯᠢᠭ᠂ ᠨᠡᠭᠦᠷᠡᠰᠦ ᠪᠠᠷ ᠴᠠᠬᠢᠯᠭᠠᠨ | ᠭᠠᠷᠭᠠᠬᠤ ᠨᠠᠢᠮᠠᠨ ᠶᠡᠭᠡ ᠠᠵᠢᠯ ᠲᠥᠷᠥᠯ ᠤᠨ ᠡᠨᠧᠷᠭᠢ ᠶᠢᠨ ᠬᠤᠷᠤᠭᠳᠠᠯ ᠢ 5 ᠲᠦᠮᠡᠨ ᠲᠣᠨ ᠪᠠᠷᠢᠮᠵᠢᠶᠠᠲᠤ | ᠨᠡᠭᠦᠷᠡᠰᠦ ᠠᠴᠠ ᠳᠡᠭᠡᠭᠰᠢ ︵ᠠᠳᠠᠯᠢ ᠥᠷᠲᠡᠭ ᠤᠨ︶ ᠪᠠᠷ ᠵᠢᠷᠤᠵᠤ ᠲᠦᠯᠦᠪᠯᠡᠭᠰᠡᠨ ᠲᠥᠷᠥᠯ ᠵᠦᠢᠯ ᠢᠶᠠᠷ | ᠭᠤᠣᠯᠳᠠᠯᠭ᠎ᠠ ᠪᠣᠯᠭᠠᠵᠤ᠂ ᠪᠠᠶᠢᠭᠤᠯᠵᠤ ᠪᠠᠶᠢᠭ᠎ᠠ᠂ ᠪᠠᠶᠢᠭᠤᠯᠬᠤ ᠪᠠᠷ ᠪᠠᠶᠢᠭ᠎ᠠ᠂ ᠦᠯᠡᠳᠡᠭᠡᠯ ︽ᠬᠤᠶᠠᠷ ᠶᠡᠬᠡᠲᠡᠢ︾ | ᠲᠥᠷᠥᠯ ᠵᠦᠢᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠨᠠᠷᠢᠨ ᠬᠠᠭᠤᠳᠠᠰᠤ ᠶᠢᠨ ᠬᠠᠮᠢᠶᠠᠷᠤᠯᠲᠠ᠂ ᠲᠥᠷᠥᠯ | ᠬᠤᠪᠢᠶᠠᠨ ᠰᠢᠢᠳᠪᠦᠷᠢᠯᠡᠬᠦ᠂ ᠬᠥᠳᠡᠯᠦᠩᠭᠦᠢ ᠪᠠᠷ ᠬᠢᠨᠠᠨ ᠡᠵᠡᠮᠳᠡᠬᠦ ᠶᠢ ᠬᠡᠷᠡᠭᠵᠢᠭᠦᠯᠦᠨ᠎ᠡ᠃ ︽ ᠡᠨᠧᠷᠭᠢ ᠶᠢᠨ | ᠠᠰᠢᠭᠯᠠᠮᠵᠢ ᠶᠢᠨ ᠬᠢᠵᠠᠭᠠᠷᠯᠠᠯ ᠢ ᠴᠢᠩᠳᠠᠯᠠᠵᠤ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠵᠢᠯ ᠢ ᠲᠦᠯᠬᠢᠨ ᠠᠬᠢᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠥᠯ︾ ᠢ ᠨᠠᠶᠢᠳᠠᠪᠤᠷᠢᠵᠢᠭᠤᠯᠤᠨ᠂ ᠠᠵᠤ | ᠠᠬᠤᠶᠢᠯᠠᠯ ᠤᠨ ᠡᠨᠧᠷᠭᠢ ᠶᠢᠨ ᠠᠰᠢᠭᠯᠠᠮᠵᠢ ᠶᠢᠨ ᠨᠠᠷᠢᠨ ᠬᠠᠭᠤᠳᠠᠰᠤ ᠶᠢ ᠪᠠᠶᠢᠭᠤᠯᠵᠤ᠂ ᠠᠵᠢᠯ ᠲᠥᠷᠥᠯ ᠤᠨ | ᠡᠨᠧᠷᠭᠢ ᠶᠢᠨ ᠠᠰᠢᠭᠯᠠᠮᠵᠢ ᠶᠢᠨ ᠰᠠᠭᠤᠷᠢ ᠪᠠᠷᠢᠮᠵᠢᠶ᠎ᠠ ᠶᠢᠨ ᠬᠢᠷᠢ ᠲᠦᠪᠰᠢᠨ ᠠᠴᠠ ᠳᠣᠣᠷ᠎ᠠ ᠪᠠᠶᠢᠭ᠎ᠠ ᠦᠯᠡᠳᠡᠭᠡᠯ | ᠲᠥᠷᠥᠯ ᠵᠦᠢᠯ ᠢ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠪᠠᠷ ᠳᠠᠮᠵᠢᠭᠤᠯᠤᠨ ᠤᠯᠤᠰ ᠤᠨ ᠰᠠᠭᠤᠷᠢ | ᠪᠠᠷᠢᠮᠵᠢᠶ᠎ᠠ ᠶᠢᠨ ᠬᠢᠷᠢ ᠬᠡᠮᠵᠢᠶ᠎ᠡ ᠳᠤ ᠬᠦᠷᠭᠡᠨ᠎ᠡ︔ ᠡᠨᠧᠷᠭᠢ ᠶᠢᠨ ᠠᠰᠢᠭᠯᠠᠮᠵᠢ ᠨᠢ ᠬᠡᠪ ᠳᠠᠭᠤᠷᠢᠶᠠᠯ ᠤᠨ ᠬᠢᠷᠢ | ᠲᠦᠪᠰᠢᠨ ᠪᠠ ᠰᠠᠭᠤᠷᠢ ᠪᠠᠷᠢᠮᠵᠢᠶ᠎ᠠ ᠶᠢᠨ ᠬᠢᠷᠢ ᠲᠦᠪᠰᠢᠨ ᠤ ᠬᠤᠭᠤᠷᠣᠨᠳᠤ ᠪᠠᠶᠢᠬᠤ ᠲᠥᠷᠥᠯ ᠵᠦᠢᠯ ᠳᠤ᠂ | ᠤᠯᠤᠰ ᠤᠨ ᠬᠡᠪ ᠳᠠᠭᠤᠷᠢᠶᠠᠯ ᠤᠨ ᠬᠢᠷᠢ ᠲᠦᠪᠰᠢᠨ ᠢᠶᠠᠷ ᠯᠠᠪᠯᠠᠯᠲᠠ ᠪᠣᠯᠭᠠᠵᠤ ᠥᠭᠡᠷᠡᠴᠢᠯᠡᠨ ᠲᠠᠰ ᠳᠡᠪᠰᠢᠭᠦᠯᠬᠦ ᠶᠢ | ᠵᠣᠷᠢᠭᠵᠢᠭᠤᠯᠵᠤ᠂ ᠠᠵᠢᠯ ᠲᠥᠷᠥᠯ ᠤᠨ ᠡᠨᠧᠷᠭᠢ ᠶᠢᠨ ᠠᠰᠢᠭᠯᠠᠮᠵᠢ ᠶᠢᠨ ︽ᠳᠠᠭᠠᠭᠤᠯᠤᠭᠴᠢ︾ ᠶᠢᠨ ᠨᠡᠷᠡᠰ ᠲᠤ | ᠣᠷᠤᠭᠤᠯᠬᠤ ᠪᠠᠷ ᠴᠢᠷᠮᠠᠶᠢᠨ᠎ᠠ︔ ᠰᠢᠨ᠎ᠡ ᠪᠠᠷ ᠪᠠᠶᠢᠭᠤᠯᠬᠤ ᠲᠦᠷᠦᠯ ᠵᠦᠢᠯ ᠢ ᠪᠦᠬᠦᠨ ᠢ ᠤᠯᠤᠰ ᠤᠨ ᠡᠨᠧᠷᠭᠢ ᠶᠢᠨ | ᠠᠰᠢᠭᠯᠠᠮᠵᠢ ᠶᠢᠨ ᠬᠡᠪ ᠳᠠᠭᠤᠷᠢᠶᠠᠯ ᠤᠨ ᠬᠢᠷᠢ ᠲᠦᠪᠰᠢᠨ ᠢᠶᠠᠷ ᠵᠢᠷᠤᠵᠤ ᠲᠦᠯᠦᠪᠯᠡᠨ ᠪᠦᠲᠦᠭᠡᠨ ᠪᠠᠶᠢᠭᠤᠯᠤᠨ᠎ᠠ︔ | ᠥᠭᠡᠷᠡᠴᠢᠯᠡᠯᠲᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠵᠦ ᠳᠡᠶᠢᠯᠬᠦ ᠦᠭᠡᠢ ᠲᠥᠷᠥᠯ ᠵᠦᠢᠯ ᠢ ᠡᠷᠡᠰ ᠰᠢᠭᠰᠢᠵᠦ᠂ | ᠰᠢᠭᠰᠢᠭᠳᠡᠭᠦᠯᠬᠦ ᠴᠠᠭ ᠤᠨ ᠬᠢᠵᠠᠭᠠᠷ ᠢ 3 ᠵᠢᠯ ᠠᠴᠠ ᠬᠡᠳᠦᠷᠡᠭᠦᠯᠬᠦ ᠦᠭᠡᠢ᠃ ︽ᠬᠤᠶᠠᠷ ᠶᠡᠬᠡᠳᠡᠢ︾ ᠲᠦᠷᠦᠯ | ᠵᠦᠢᠯ ᠤᠨ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠪᠠᠷ ᠠᠰᠢᠭᠯᠠᠯᠲᠠ ᠳᠤ | ᠣᠷᠣᠭᠤᠯᠤᠭᠰᠠᠨ ︽ᠬᠤᠶᠠᠷ ᠶᠡᠬᠡᠳᠡᠢ︾ ᠲᠦᠷᠦᠯ ᠵᠦᠢᠯ ᠢ ᠪᠦᠬᠦᠨ ᠢ ᠡᠨᠧᠷᠭᠢ ᠶᠢᠨ ᠬᠤᠷᠣᠭᠳᠠᠯ ᠢ ᠰᠦᠯᠵᠢᠶᠡᠨ | ᠳᠡᠭᠡᠷ᠎ᠡ ᠬᠢᠨᠠᠨ ᠬᠡᠮᠵᠢᠬᠦ ᠰᠢᠰᠲ᠋ᠧᠮ ᠳᠤ ᠣᠷᠣᠭᠤᠯᠵᠤ᠂ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ | ᠦᠭᠡᠢ᠂ ᠲᠣᠭᠲᠠᠭᠠᠯ ᠢ ᠵᠥᠷᠢᠴᠡᠨ ᠬᠢᠨᠠᠨ ᠵᠥᠪᠰᠢᠶᠡᠷᠡᠭᠰᠡᠨ᠂ ᠵᠥᠪᠰᠢᠶᠡᠷᠡᠭᠦᠯᠦᠭᠡᠳᠦᠢ ᠪᠠᠷ ᠤᠷᠢᠳᠠᠪᠠᠷ | ᠪᠠᠶᠢᠭᠤᠯᠤᠭᠰᠠᠨ᠂ ᠵᠦᠪᠰᠢᠶᠡᠷᠡᠭᠰᠡᠨ ᠪᠠ ᠪᠠᠶᠢᠭᠤᠯᠤᠭᠰᠠᠨ ᠨᠢ ᠨᠡᠶᠢᠴᠡᠬᠦ ᠦᠭᠡᠢ᠂ ᠴᠤᠬᠤᠯᠠᠪᠤᠷᠢᠯᠠᠭᠰᠠᠨ ᠠᠴᠠ | ᠳᠠᠪᠠᠭᠤᠯᠤᠨ ᠡᠨᠧᠷᠬᠢ ᠬᠡᠷᠡᠭᠯᠡᠭᠰᠡᠨ᠂ ᠪᠠᠷᠢᠮᠵᠢᠶ᠎ᠠ ᠠᠴᠠ ᠬᠡᠳᠦᠷᠡᠭᠦᠯᠦᠨ ᠪᠣᠬᠢᠷᠳᠤᠯ ᠭᠠᠳᠠᠭᠰᠢᠯᠠᠭᠤᠯᠤᠭᠰᠠᠨ ︽ | ᠬᠤᠶᠠᠷ ᠶᠡᠬᠡᠳᠡᠢ︾ ᠲᠦᠷᠦᠯ ᠵᠦᠢᠯ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︶ | ︵ᠳᠥᠷᠪᠡ︶ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ᠡᠨᠧᠷᠭᠢ ᠠᠷᠪᠢᠯᠠᠵᠤ | ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠳᠤ ᠡᠳ᠋ ᠤᠨ ᠵᠠᠰᠠᠭ ᠤᠨ ᠳᠡᠮᠵᠢᠯᠭᠡ ᠦᠵᠡᠭᠦᠯᠬᠦ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠵᠢᠯ ᠪᠦᠷᠢ ᠵᠣᠬᠢᠬᠤ ᠲᠤᠰᠬᠠᠢ ᠵᠦᠢᠯ ᠤᠨ ᠪᠡᠯᠡ ᠮᠥᠩᠭᠦ ᠶᠢ ᠵᠣᠬᠢᠰᠲᠠᠢ | ᠲᠣᠬᠢᠷᠠᠭᠤᠯᠵᠤ᠂ ᠭᠤᠣᠯᠳᠠᠯᠭ᠎ᠠ ᠲᠠᠢ ᠪᠠᠷ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ | ᠪᠠᠭᠠᠰᠬᠠᠬᠤ ᠥᠭᠡᠷᠡᠴᠢᠯᠡᠯᠲᠡ᠂ ᠶᠡᠷᠦᠩᠬᠡᠶᠢᠯᠡᠭᠰᠡᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ᠂ ᠴᠢᠬᠤᠯᠠ ᠶᠡᠭᠡ | ᠡᠨᠧᠷᠭᠢ ᠠᠷᠪᠢᠯᠠᠬᠤ ᠮᠡᠷᠭᠡᠵᠢᠯ ᠢ ᠰᠤᠳᠤᠯᠤᠨ ᠨᠡᠭᠡᠭᠡᠬᠦ ᠪᠠ ᠠᠵᠤ ᠦᠢᠯᠡᠰᠵᠢᠭᠦᠯᠦᠨ ᠵᠢᠱᠢᠶ᠎ᠡ ᠦᠵᠡᠭᠦᠯᠬᠦ ᠵᠡᠷᠭᠡ | ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠭᠤᠣᠯᠳᠠᠯᠭ᠎ᠠ ᠲᠠᠢ ᠢᠨᠵᠧᠨᠧᠷᠢᠩ ᠳᠤ ᠳᠡᠮᠵᠢᠯᠭᠡ | ᠦᠵᠡᠭᠦᠯᠬᠦ ᠪᠠ ᠢᠵᠢ ᠪᠦᠷᠢᠳᠦᠭᠦᠯᠵᠦ᠂ ᠡᠨᠧᠷᠭᠢ ᠠᠷᠪᠢᠯᠠᠬᠤ ᠬᠠᠷᠠᠯᠲᠠᠲᠤ ᠬᠠᠷᠢᠭᠤᠴᠠᠯᠭ᠎ᠠ ᠶᠢ ᠦᠨᠡᠯᠡᠵᠦ ᠬᠢᠨᠠᠨ | ᠰᠢᠯᠭᠠᠭᠰᠠᠨ ᠦᠷ᠎ᠡ ᠳ᠋ᠦᠩ ᠨᠢ ᠳᠠᠪᠠᠭᠤᠯᠤᠨ ᠪᠡᠶᠡᠯᠡᠭᠦᠯᠦᠭᠰᠡᠨ ᠵᠡᠷᠭᠡ ᠳᠡᠰ ᠲᠠᠢ ᠭᠠᠵᠠᠷ ᠣᠷᠣᠨ ᠢ ᠱᠠᠩᠨᠠᠨ᠎ᠠ᠃ | ᠡᠨᠧᠷᠭᠢ ᠶᠢᠨ ᠬᠤᠷᠣᠭᠳᠠᠯ ᠶᠡᠬᠡᠲᠡᠢ ᠠᠵᠢᠯ ᠲᠦᠷᠦᠯ ᠤᠨ ᠴᠠᠬᠢᠯᠭᠠᠨ ᠤ ᠱᠠᠲᠤᠯᠢᠭ ᠦᠨ᠎ᠡ ᠶᠢᠨ ᠲᠦᠷᠦ ᠶᠢᠨ | ᠪᠣᠳᠣᠯᠭ᠎ᠠ᠂ ᠵᠠᠯᠬᠠᠭᠠᠬᠤ ᠴᠢᠨᠠᠷᠲᠠᠢ ᠠᠷᠠᠯᠵᠢᠶᠠᠨ ᠤ ᠴᠠᠬᠢᠯᠭᠠᠨ ᠤ ᠦᠨ᠎ᠡ ᠪᠠ ᠴᠠᠬᠢᠯᠭᠠᠨ ᠤ ᠵᠠᠬ᠎ᠠ ᠳᠡᠯᠭᠡᠭᠦᠷ ᠤᠨ | ᠠᠷᠠᠯᠵᠢᠶᠠᠨ ᠤ ᠲᠦᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠣᠷᠴᠢᠨ ᠲᠣᠭᠤᠷᠢᠨ ᠢ ᠬᠠᠮᠠᠭᠠᠯᠠᠬᠤ᠂ | ᠡᠨᠧᠷᠭᠢ ᠠᠷᠪᠢᠯᠠᠵᠤ ᠤᠰᠤ ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠭᠠᠶᠢᠯᠢ ᠲᠠᠲᠠᠪᠤᠷᠢ ᠶᠢᠨ | ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠨᠧᠷᠭᠢ ᠶᠢᠨ ᠰᠤᠷᠪᠤᠯᠵᠢ ᠶᠢᠨ | ᠬᠦᠴᠦᠨ ᠵᠦᠢᠯ ᠢ ᠨᠢᠭᠡᠴᠢ ᠡᠨᠧᠷᠭᠢ ᠶᠢᠨ ᠬᠤᠷᠣᠭᠳᠠᠯ ᠠᠴᠠ ᠭᠠᠷᠤᠭᠰᠠᠨ ᠦᠷ᠎ᠡ ᠠᠰᠢᠭ ᠢᠶᠠᠷ ᠥᠨᠳᠥᠷ ᠠᠵᠤ | ᠦᠢᠯᠡᠰ ᠪᠠ ᠲᠦᠷᠦᠯ ᠵᠦᠢᠯ ᠲᠡᠰᠢ ᠬᠡᠯᠪᠡᠶᠢᠯᠭᠡᠬᠦ ᠶᠢ ᠲᠦᠯᠬᠢᠨ ᠠᠬᠢᠭᠤᠯᠤᠨ᠎ᠠ᠃ ︽ᠪᠣᠬᠢᠷᠳᠤᠯ ᠦᠭᠡᠢ ᠮᠦᠩᠭᠦᠨ | ᠬᠦᠢᠯᠭᠡᠭᠡ︾ ᠶᠢᠨ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠶᠢ ᠥᠷᠨᠢᠭᠦᠯᠵᠦ᠂ ᠨᠥᠬᠦᠴᠡᠯ ᠳᠤ | ᠨᠡᠶᠢᠴᠡᠬᠦ ᠠᠵᠤ ᠠᠬᠤᠶᠢᠯᠠᠯ ᠤᠨ ᠬᠦᠷᠦᠩᠭᠡ ᠶᠢᠨ ᠵᠠᠬ᠎ᠠ ᠳᠡᠯᠭᠡᠭᠦᠷ ᠲᠤ ᠭᠠᠷᠴᠤ ᠪᠡᠯᠡ ᠲᠣᠬᠢᠷᠠᠭᠤᠯᠬᠤ ᠪᠠ ᠳᠠᠬᠢᠨ | ᠪᠡᠯᠡ ᠲᠣᠬᠢᠷᠠᠭᠤᠯᠬᠤ ᠶᠢ ᠳᠡᠮᠵᠢᠵᠦ᠂ ᠨᠥᠬᠦᠴᠡᠯ ᠳᠤ ᠨᠡᠶᠢᠴᠡᠬᠦ ᠪᠣᠬᠢᠷᠲᠤᠯ ᠦᠭᠡᠢ ᠠᠵᠤ ᠠᠬᠤᠶᠢᠯᠠᠯ ᠪᠤᠶᠤ ᠲᠥᠷᠥᠯ | ᠵᠦᠢᠯ ᠤᠨ ᠪᠣᠬᠢᠷᠳᠤᠯ ᠦᠭᠡᠢ ᠵᠢᠭᠡᠯᠡᠯᠭᠡ ᠶᠢᠨ ᠲᠡᠮᠳᠡᠭᠲᠦ ᠪᠤᠶᠤ ᠵᠢᠭᠡᠯᠡᠯᠭᠡ ᠶᠢᠨ ᠲᠡᠮᠳᠡᠭᠲᠦ ᠲᠠᠷᠬᠠᠭᠠᠵᠤ ᠪᠡᠯᠡ | ᠲᠣᠬᠢᠷᠠᠭᠤᠯᠬᠤ ᠪᠠᠭᠠᠵᠢ ᠪᠠᠷ ᠳᠡᠮᠵᠢᠨ ᠪᠡᠯᠡ ᠮᠥᠩᠭᠦ ᠴᠤᠭᠯᠠᠭᠤᠯᠬᠤ ᠶᠢ ᠵᠣᠷᠢᠭᠵᠢᠭᠤᠯᠤᠨ᠎ᠠ᠃ ᠬᠤᠲᠠ | ᠪᠠᠯᠭᠠᠰᠤ ᠶᠢᠨ ᠳᠤᠯᠠᠭᠠᠯᠠᠭ᠎ᠠ ᠶᠢᠨ ᠦᠨ᠎ᠡ ᠬᠠᠩᠰᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ ᠪᠠᠯᠭᠠᠰᠤ ᠶᠢᠨ | ᠪᠣᠬᠢᠷ ᠤᠰᠤ ᠶᠢ ᠰᠢᠢᠳᠪᠦᠷᠢᠯᠡᠬᠦ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠳᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ | ᠭᠠᠶᠢᠯᠢ ᠶᠢᠨ ᠶᠠᠪᠤᠳᠠᠯ ᠤᠨ ᠲᠣᠪᠴᠢᠶ᠎ᠠ︶ | ︵ᠲᠠᠪᠤ︶ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠵᠠᠬ᠎ᠠ ᠳᠡᠯᠭᠡᠭᠦᠷᠴᠢᠯᠡᠭᠰᠡᠨ | ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠨᠧᠷᠭᠢ ᠬᠡᠷᠡᠭᠯᠡᠬᠦ ᠡᠷᠬᠡ ᠶᠢᠨ ᠠᠷᠠᠯᠵᠢᠶᠠᠨ ᠤ ᠳᠦᠷᠢᠮ ᠢ | ᠨᠠᠶᠢᠳᠠᠪᠤᠷᠢᠵᠢᠭᠤᠯᠵᠤ᠂ ᠠᠷᠪᠢᠯᠠᠭᠰᠠᠨ ᠡᠨᠧᠷᠭᠢ ᠶᠢᠨ ᠠᠷᠠᠯᠵᠢᠶᠠᠨ ᠤ ᠲᠣᠭᠲᠠᠴᠠ ᠶᠢ ᠬᠠᠶᠢᠨ ᠰᠦᠪᠡᠭᠴᠢᠯᠡᠵᠦ᠂ | ᠡᠨᠧᠷᠭᠢ ᠬᠡᠷᠡᠭᠯᠡᠬᠦ ᠬᠦᠴᠦᠨ ᠵᠦᠢᠯ ᠢ ᠴᠢᠨᠠᠷ ᠰᠠᠶᠢᠲᠠᠢ ᠬᠥᠭᠵᠢᠯᠲᠡ ᠶᠢᠨ ᠲᠥᠷᠥᠯ ᠵᠦᠢᠯ ᠳᠠᠰᠢ ᠬᠡᠯᠪᠡᠶᠢᠯᠭᠡᠬᠦ ᠶᠢ | ᠠᠬᠢᠭᠤᠯᠤᠨ᠎ᠠ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠠᠷᠠᠯᠵᠢᠶᠠᠨ ᠤ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠴᠠᠬᠢᠯᠭᠠᠨ ᠭᠠᠷᠭᠠᠬᠤ ᠠᠵᠢᠯ ᠲᠦᠷᠦᠯ ᠤᠨ ᠨᠡᠭᠦᠷᠡᠰᠦᠳᠦ᠋ᠷᠦᠭᠴᠢ ᠭᠠᠳᠠᠭᠰᠢᠯᠠᠭᠤᠯᠤᠭᠰᠠᠨ | ᠬᠡᠮᠵᠢᠶ᠎ᠡ ᠪᠠᠷ ᠮᠦᠩᠭᠦ ᠲᠤᠰᠢᠶᠠᠵᠤ ᠭᠡᠷ᠎ᠡ ᠪᠠᠨ ᠭᠦᠢᠴᠡᠳᠬᠡᠬᠦ ᠶᠢ ᠭᠦᠨᠵᠡᠭᠡᠶᠢᠷᠡᠭᠦᠯᠵᠦ᠂ ᠪᠦᠬᠦ ᠤᠯᠤᠰ ᠤᠨ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠲᠤ ᠢᠳᠡᠪᠬᠢᠲᠡᠢ ᠪᠠᠷ | ᠠᠭᠤᠰᠤᠯᠴᠠᠨ᠎ᠠ᠃ ᠪᠣᠬᠢᠷᠲᠤᠯ ᠦᠭᠡᠢ ᠴᠠᠬᠢᠯᠭᠠᠨ ᠬᠦᠴᠦᠨ ᠤ ᠦᠨᠡᠮᠯᠡᠯ ᠤᠨ ᠠᠷᠠᠯᠵᠢᠶ᠎ᠠ ᠶᠢ ᠳᠡᠯᠭᠡᠷᠡᠭᠦᠯᠵᠦ᠂ ᠵᠠᠬ᠎ᠠ | ᠳᠡᠯᠭᠡᠭᠦᠷ ᠤᠨ ᠭᠤᠣᠯ ᠴᠣᠭᠴᠠ ᠪᠣᠬᠢᠷᠲᠤᠯ ᠦᠭᠡᠢ ᠴᠠᠬᠢᠯᠭᠠᠨ ᠬᠦᠴᠦᠨ ᠤ ᠦᠨᠡᠮᠯᠡᠯ ᠤᠨ ᠠᠷᠠᠯᠵᠢᠶ᠎ᠠ ᠶᠢᠨ ᠠᠷᠭ᠎ᠠ | ᠮᠠᠶ᠋ᠢᠭ ᠢᠶᠠᠷ ᠳᠠᠮᠵᠢᠭᠤᠯᠤᠨ ᠳᠠᠬᠢᠨ ᠡᠭᠦᠰᠴᠦ ᠪᠣᠯᠬᠤ ᠡᠨᠧᠷᠭᠢ ᠶᠢᠨ ᠴᠠᠬᠢᠯᠭᠠᠨ ᠬᠦᠴᠦᠨ ᠢ ᠰᠢᠩᠭᠡᠭᠡᠬᠦ ᠶᠢ | ᠵᠣᠷᠢᠭᠵᠢᠭᠤᠯᠤᠨ᠎ᠠ᠃ ᠡᠨᠧᠷᠭᠢ ᠠᠷᠪᠢᠯᠠᠬᠤ ᠦᠢᠯᠡᠴᠢᠯᠡᠭᠡᠨ ᠤ ᠠᠵᠤ ᠦᠢᠯᠡᠰ ᠢ ᠬᠥᠭᠵᠢᠭᠦᠯᠵᠦ᠂ ᠡᠨᠧᠷᠭᠢ | ᠠᠷᠪᠢᠯᠠᠬᠤ ᠤᠰᠤ ᠠᠷᠪᠢᠯᠠᠬᠤ ᠵᠥᠪᠯᠡᠯᠭᠡ ᠥᠭᠬᠦ᠂ ᠣᠨᠣᠰᠢᠯᠠᠬᠤ᠂ ᠵᠢᠷᠤᠵᠤ ᠲᠥᠯᠥᠪᠯᠡᠬᠦ᠂ ᠪᠡᠯᠡ ᠲᠣᠬᠢᠷᠠᠭᠤᠯᠬᠤ᠂ | ᠥᠭᠡᠷᠡᠴᠢᠯᠡᠬᠦ᠂ ᠨᠠᠶᠢᠳᠠᠨ ᠬᠠᠮᠢᠶᠠᠷᠤᠭᠤᠯᠬᠤ ᠵᠡᠷᠭᠡ ᠶᠢ ︽ᠨᠢᠭᠡ ᠥᠷᠲᠡᠭᠡᠴᠢᠯᠡᠭᠰᠡᠨ ᠮᠠᠶ᠋ᠢᠭ︾ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠵᠠᠭᠪᠤᠷ ᠢ ᠳᠡᠯᠭᠡᠷᠡᠭᠦᠯᠦᠨ᠎ᠡ᠃ ᠣᠷᠴᠢᠨ ᠲᠣᠭᠤᠷᠢᠨ ᠢ ᠵᠠᠰᠠᠬᠤ ᠵᠠᠬ᠎ᠠ | ᠳᠡᠯᠭᠡᠭᠦᠷ ᠢ ᠵᠢᠷᠤᠮᠵᠢᠭᠤᠯᠤᠨ ᠨᠡᠭᠡᠭᠡᠵᠦ᠂ ᠣᠷᠴᠢᠨ ᠲᠣᠭᠤᠷᠢᠨ ᠤ ᠪᠣᠬᠢᠷᠲᠤᠯ ᠢ ᠭᠤᠷᠪᠠᠳᠠᠭᠢ ᠡᠲᠡᠭᠡᠳ ᠵᠠᠰᠠᠬᠤ ᠶᠢ | ᠬᠡᠷᠡᠭᠵᠢᠭᠦᠯᠵᠦ᠂ ᠣᠷᠣᠨ ᠪᠦᠰᠡ ᠶᠢᠨ ᠪᠣᠬᠢᠷᠲᠤᠯ ᠢ ᠵᠠᠰᠠᠬᠤ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ | ᠵᠠᠭᠪᠤᠷ ᠢ ᠳᠡᠯᠭᠡᠷᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | ︵ᠵᠢᠷᠭᠤᠭ᠎ᠠ︶ ᠪᠦᠷᠢᠳᠬᠡᠵᠦ ᠬᠢᠨᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠡᠨᠧᠷᠭᠢ ᠶᠢ ᠬᠡᠮᠵᠢᠬᠦ ᠪᠠ ᠪᠦᠷᠢᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ᠂ ᠥᠪᠡᠷᠲᠡᠭᠡᠨ | ᠵᠠᠰᠠᠬᠤ ᠣᠷᠣᠨ ᠤ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠠᠷᠢᠭᠤᠨ ᠴᠡᠪᠡᠷ ᠦᠢᠯᠡᠳᠪᠦᠷᠢᠯᠡᠯ᠂ | ᠴᠡᠪᠡᠷ ᠡᠨᠧᠷᠭᠢ ᠵᠡᠷᠭᠡ ᠬᠦᠷᠢᠶ᠎ᠡ ᠴᠠᠷᠠᠭ᠎ᠠ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠪᠠ | ᠪᠠᠷᠢᠮᠵᠢᠶ᠎ᠠ ᠶᠢ ᠴᠢᠩᠭ᠎ᠠ ᠬᠡᠷᠡᠭᠵᠢᠬᠦᠯᠦᠨ᠎ᠡ᠃ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ | ᠬᠡᠮᠵᠢᠶ᠎ᠡ ᠶᠢᠨ ᠬᠢᠨᠠᠨ ᠪᠠᠶᠢᠴᠠᠭᠠᠯᠲᠠ ᠶᠢ ᠥᠷᠨᠢᠭᠦᠯᠵᠦ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ | ᠡᠨᠧᠷᠭᠢ ᠶᠢᠨ ᠠᠰᠢᠭᠯᠠᠯᠲᠠ ᠶᠢᠨ ᠪᠠᠶᠢᠳᠠᠯ ᠢ ᠮᠡᠳᠡᠭᠦᠯᠬᠦ ᠳᠦᠷᠢᠮ ᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ | ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ ᠬᠤᠷᠤᠭᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠰᠢᠰᠲ᠋ᠧᠮ ᠤᠨ | ᠬᠡᠷᠡᠭᠯᠡᠯᠲᠡ ᠶᠢ ᠴᠢᠩᠭᠠᠳᠬᠠᠨ᠎ᠠ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠵᠡᠷᠭᠡ ᠬᠦᠯᠡᠮᠵᠢ ᠶᠢᠨ ᠬᠡᠢ | ᠪᠡᠶᠡᠲᠦ ᠶᠢᠨ ᠭᠠᠳᠠᠭᠰᠢᠯᠠᠭᠤᠯᠤᠯᠲᠠ ᠶᠢ ᠪᠦᠷᠢᠳᠬᠡᠨ ᠬᠢᠨᠠᠨ ᠪᠣᠳᠤᠬᠤ ᠪᠠ ᠬᠡᠮᠵᠢᠬᠦ ᠰᠢᠰᠲ᠋ᠧᠮᠵᠢ ᠶᠢ | ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠬᠡᠨ ᠠᠪᠤᠭᠰᠠᠨ ᠢ ᠬᠢᠨᠠᠨ ᠬᠡᠮᠵᠢᠵᠦ ᠬᠢᠨᠠᠨ | ᠪᠣᠳᠤᠬᠤ ᠰᠢᠰᠲ᠋ᠧᠮᠵᠢ ᠶᠢ ᠪᠠᠶᠢᠭᠤᠯᠵᠤ᠂ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠢ ᠰᠢᠩᠭᠡᠬᠡᠨ ᠠᠪᠤᠭᠰᠠᠨ ᠰᠠᠭᠤᠷᠢ ᠪᠠᠶᠢᠳᠠᠯ ᠤᠨ ᠪᠠᠶᠢᠴᠠᠭᠠᠯᠲᠠ ᠪᠠ ᠨᠥᠭᠡᠴᠡ ᠶᠢ ᠦᠨᠡᠯᠡᠨ ᠵᠢᠱᠢᠬᠦ ᠠᠵᠢᠯ | ᠥᠷᠨᠢᠭᠦᠯᠵᠦ᠂ ᠣᠷᠴᠢᠨ ᠲᠣᠭᠤᠷᠢᠨ ᠤ ᠶᠠᠰᠤ ᠴᠢᠨᠠᠷ᠂ ᠠᠮᠢ ᠠᠬᠤᠢ ᠶᠢᠨ ᠶᠠᠰᠤ ᠴᠢᠨᠠᠷ᠂ ᠪᠣᠬᠢᠷᠲᠤᠯ ᠤᠨ ᠡᠬᠢ ᠶᠢ | ᠬᠢᠨᠠᠨ ᠬᠡᠮᠵᠢᠬᠦ ᠶᠢ ᠨᠡᠶᠢᠳᠡᠮ ᠬᠠᠮᠤᠷᠤᠭᠰᠠᠨ ᠴᠢᠨᠠᠷ ᠰᠠᠶᠢᠲᠠᠢ ᠤᠶᠤᠨᠲᠤ ᠮᠡᠳᠡᠷᠡᠮᠵᠢ ᠲᠠᠢ ᠠᠮᠢ ᠠᠬᠤᠢ ᠣᠷᠴᠢᠨ | ᠲᠣᠭᠤᠷᠢᠨ ᠢ ᠬᠢᠨᠠᠨ ᠬᠡᠮᠵᠢᠬᠦ ᠰᠦᠯᠵᠢᠶ᠎ᠡ ᠶᠢ ᠪᠦᠲᠦᠭᠡᠨ ᠪᠠᠶᠢᠭᠤᠯᠵᠤ᠂ ᠪᠣᠬᠢᠷᠲᠤᠯ ᠭᠠᠳᠠᠭᠰᠢᠯᠠᠭᠤᠯᠬᠤ ᠨᠢᠭᠡᠴᠡ ᠪᠠ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠤᠨ ᠡᠬᠢ ᠶᠢ ᠥᠪᠡᠰᠦᠪᠡᠨ ᠬᠢᠨᠠᠨ ᠬᠡᠮᠵᠢᠵᠦ | ᠬᠢᠨᠠᠨ ᠡᠵᠡᠮᠳᠡᠬᠦ ᠶᠢ ᠵᠢᠷᠤᠮᠵᠢᠭᠤᠯᠤᠨ᠂ ᠪᠣᠬᠢᠷᠲᠤᠯ ᠤᠨ ᠡᠬᠢ ᠶᠢ ᠬᠠᠤᠯᠢ ᠬᠡᠷᠡᠭᠵᠢᠭᠦᠯᠵᠦ ᠬᠢᠨᠠᠨ ᠬᠡᠮᠵᠢᠬᠦ ᠶᠢ | ᠲᠡᠭᠦᠯᠳᠡᠷᠵᠢᠭᠦᠯᠦᠨ᠎ᠡ᠃ ᠲᠤᠭ᠎ᠠ ᠪᠦᠷᠢᠳᠬᠡᠯ ᠤᠨ ᠠᠵᠢᠯ ᠤᠨ ᠦᠨᠳᠦᠰᠦᠨ ᠱᠠᠲᠤᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠪᠦᠷᠢᠳᠬᠡᠯ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠶᠢ | ᠴᠢᠩᠭᠠᠷᠠᠭᠤᠯᠤᠨ᠂ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ᠂ ᠬᠤᠳᠠᠯ ᠬᠠᠭᠤᠷᠮᠠᠭ ᠢᠶᠠᠷ ᠬᠢᠬᠦ ᠶᠢ | ᠰᠡᠷᠭᠡᠶᠢᠯᠡᠵᠦ᠂ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ | ︶ | ︵ᠳᠣᠯᠤᠭ᠎ᠠ︶ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠴᠢᠳᠠᠪᠤᠷᠢᠲᠠᠨ ᠤ | ᠡᠩᠨᠡᠭᠡ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ᠂ ᠲᠤᠰᠢᠶᠠᠯ | ᠬᠠᠷᠢᠭᠤᠴᠠᠯᠭ᠎ᠠ ᠨᠢ ᠲᠣᠳᠣᠷᠬᠠᠢ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠡᠩᠨᠡᠭᠡ ᠶᠢ ᠪᠠᠶᠢᠭᠤᠯᠵᠤ᠂ ᠬᠤᠲᠠ᠂ | ᠰᠢᠶᠠᠨ ᠬᠤᠶᠠᠷ ᠱᠠᠲᠤᠨ ᠤ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ | ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠳᠤ ᠡᠨᠧᠷᠭᠢ ᠶᠢᠨ ᠬᠠᠮᠢᠶᠠᠷᠤᠯᠲᠠ ᠶᠢᠨ ᠠᠵᠢᠯ ᠤᠨ ᠪᠠᠶᠢᠷᠢ ᠭᠠᠷᠭᠠᠵᠤ | ᠬᠠᠷᠢᠭᠤᠴᠠᠯᠭᠠᠲᠠᠨ ᠲᠣᠬᠢᠷᠠᠭᠤᠯᠬᠤ ᠶᠢ ᠴᠢᠩᠭ᠎ᠠ ᠭᠡᠷᠡᠭᠵᠢᠬᠦᠯᠦᠨ᠎ᠡ᠃ ᠬᠤᠰᠢᠭᠤ ᠰᠢᠶᠠᠨ ᠲᠣᠭᠤᠷᠢᠭ᠂ ᠰᠢᠶᠠᠩ | ᠪᠠᠯᠭᠠᠰᠤ ᠶᠢᠨ ᠦᠨᠳᠦᠰᠦᠨ ᠱᠠᠲᠤᠨ ᠤ ᠠᠮᠢ ᠠᠬᠤᠢ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠡ ᠳᠤ | ᠲᠤᠰᠬᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠢ ᠠᠵᠢᠯᠲᠠᠨ ᠲᠣᠬᠢᠷᠠᠭᠤᠯᠤᠨ᠎ᠠ᠃ ᠡᠯ᠎ᠡ ᠱᠠᠲᠤᠨ ᠤ | ᠵᠠᠰᠠᠭ ᠤᠨ ᠣᠷᠳᠣᠨ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ᠂ ᠬᠠᠤᠯᠢ ᠬᠡᠷᠡᠭᠵᠢᠬᠦᠯᠵᠦ ᠬᠢᠨᠠᠨ | ᠪᠠᠶᠢᠴᠠᠭᠠᠬᠤ ᠵᠡᠷᠭᠡ ᠲᠠᠯ᠎ᠠ ᠶᠢᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠬᠠᠮᠢᠶᠠᠷᠤᠯᠲᠠ ᠶᠢᠨ | ᠠᠵᠢᠯᠲᠠᠨ ᠤ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠲᠤᠬᠠᠶᠢᠯᠠᠭᠰᠠᠨ ᠠᠵᠢᠯ ᠤᠨ ᠬᠢᠷᠢ ᠲᠥᠪᠰᠢᠨ ᠢ | ᠨᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︶ | ︵ᠨᠠᠢᠮᠠ︶ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠲᠡᠷᠢᠭᠦᠨ ᠤ ᠮᠡᠷᠭᠡᠵᠢᠯ ᠤᠨ | ᠰᠢᠪᠳᠤᠯᠤᠯᠲᠠ ᠪᠠ ᠳᠡᠯᠭᠡᠷᠡᠭᠦᠯᠦᠨ ᠬᠡᠷᠡᠭᠯᠡᠬᠦ ᠡᠷᠴᠢᠮ ᠢ ᠴᠢᠩᠭᠠᠷᠠᠭᠤᠯᠤᠨ᠎ᠠ᠃ ᠢᠯᠴᠢ ᠶᠢᠨ ᠴᠠᠬᠢᠯᠭᠠᠨ᠂ ᠴᠢᠯᠠᠭᠤᠨ | ᠲᠣᠰᠣ ᠬᠢᠮᠢ ᠶᠢᠨ ᠠᠵᠤ ᠦᠢᠯᠡᠳᠪᠦᠷᠢ᠂ ᠬᠡᠦᠷᠰᠢᠭᠦᠯᠬᠦ᠂ ᠱᠦᠢᠨᠢ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ | ᠵᠡᠷᠭᠡ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠦᠨ᠂ ᠨᠡᠭᠦᠷᠡᠰᠦᠲᠥ᠋ᠷᠥᠭᠴᠢ ᠶᠢ ᠴᠤᠭᠯᠠᠭᠤᠯᠤᠨ ᠠᠰᠢᠭᠯᠠᠬᠤ | ᠪᠠ ᠪᠢᠲᠡᠭᠦᠮᠵᠢᠯᠡᠨ ᠬᠠᠳᠠᠭᠠᠯᠠᠬᠤ ︵CCUS︶ ᠮᠡᠷᠭᠡᠵᠢᠯ ᠢ ᠰᠤᠳᠤᠯᠤᠨ ᠨᠡᠭᠡᠭᠡᠬᠦ ᠠᠵᠢᠯ ᠢ ᠥᠷᠨᠢᠭᠦᠯᠵᠦ᠂ | ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠶᠡᠭᠡ ᠪᠠᠭᠲᠠᠭᠠᠮᠵᠢᠲᠤ ᠰᠠᠯᠬᠢᠨ | ᠬᠦᠴᠦᠨ ᠤ ᠴᠠᠬᠢᠯᠭᠠᠨ᠂ ᠥᠨᠳᠥᠷ ᠦᠷ᠎ᠡ ᠠᠰᠢᠭ ᠲᠠᠢ ᠬᠡᠷᠡᠯ ᠸᠣᠯᠲ᠂ ᠳᠣᠣᠷ᠎ᠠ ᠥᠪᠡᠷ ᠤᠨ ᠥᠷᠲᠡᠭ ᠢᠶᠠᠷ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠴᠤᠭᠯᠠᠭᠤᠯᠤᠨ ᠠᠰᠢᠭᠯᠠᠬᠤ ᠪᠠ ᠪᠢᠲᠡᠭᠦᠮᠵᠢᠯᠡᠨ ᠬᠠᠳᠠᠭᠠᠯᠠᠬᠤ ᠵᠡᠷᠭᠡ | ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠡᠩ ᠲᠡᠷᠢᠭᠦᠨ ᠳᠤ ᠭᠤᠣᠯᠳᠠᠯᠭ᠎ᠠ ᠲᠠᠢ ᠠᠵᠢᠯ ᠲᠥᠷᠥᠯ | ᠪᠠ ᠨᠥᠬᠦᠴᠡᠯ ᠳᠤ ᠲᠣᠬᠢᠷᠠᠬᠤ ᠭᠠᠵᠠᠷ ᠣᠷᠣᠨ ᠳᠤ ᠪᠠᠷᠤᠭ ᠨᠡᠭᠦᠷᠡᠰᠦᠲᠥ᠋ᠷᠥᠭᠴᠢ ᠦᠭᠡᠢ᠂ ᠨᠡᠭᠦᠷᠡᠰᠦᠲᠥ᠋ᠷᠥᠭᠴᠢ | ᠦᠭᠡᠢ ᠲᠤᠷᠰᠢᠯᠲᠠ ᠶᠢᠨ ᠴᠡᠭ ᠢ ᠬᠡᠷᠡᠭᠵᠢᠭᠦᠯᠦᠨ᠎ᠡ᠃ ᠳᠠᠬᠢᠨ ᠡᠭᠦᠰᠴᠦ ᠪᠣᠯᠬᠤ ᠡᠨᠧᠷᠭᠢ ᠶᠢ ᠨᠡᠭᠡᠭᠡᠨ ᠬᠥᠭᠵᠢᠭᠦᠯᠬᠦ᠂ | ᠪᠣᠬᠢᠷᠳᠤᠯ ᠦᠭᠡᠢ ᠤᠰᠤᠲᠥ᠋ᠷᠥᠭᠴᠢ ᠶᠢ ᠦᠢᠯᠡᠳᠴᠦ ᠭᠠᠷᠭᠠᠨ ᠠᠪᠬᠤ ᠮᠡᠷᠭᠡᠵᠢᠯ᠂ ᠪᠣᠬᠢᠷᠳᠤᠯ ᠦᠭᠡᠢ | ᠤᠰᠤᠲᠥ᠋ᠷᠥᠭᠴᠢ ᠬᠢᠭᠡᠳ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠠᠰᠢᠭᠯᠠᠵᠤ ᠤᠯᠠᠷᠢᠭᠤᠯᠬᠤ ᠡᠪᠴᠡᠯᠳᠦᠯ ᠤᠨ | ᠮᠡᠷᠭᠡᠵᠢᠯ ᠤᠨ ᠰᠤᠳᠤᠯᠭᠠᠨ ᠢ ᠨᠡᠭᠡᠭᠡᠨ ᠬᠥᠭᠵᠢᠭᠦᠯᠵᠦ᠂ ᠪᠠᠭ᠎ᠠ ᠨᠡᠭᠦᠷᠡᠰᠦᠳᠦ᠋ᠷᠦᠭᠴᠢᠲᠦ᠂ ᠨᠡᠭᠦᠷᠡᠰᠦᠲᠥ᠋ᠷᠥᠭᠴᠢ | ᠦᠭᠡᠢ᠂ ᠰᠥᠭᠡᠷᠭᠦ ᠨᠡᠭᠦᠷᠡᠰᠦᠲᠥ᠋ᠷᠥᠭᠴᠢ ᠶᠢᠨ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠬᠦ | ᠲᠠᠯ᠎ᠠ ᠪᠠᠷ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠭᠠᠬᠤ ᠶᠢ ᠲᠦᠯᠬᠢᠨ ᠠᠬᠢᠭᠤᠯᠤᠨ᠎ᠠ᠃ ᠡᠨᠧᠷᠭᠢ ᠶᠢᠨ | ᠤᠶᠤᠨᠲᠤ ᠬᠠᠮᠢᠶᠠᠷᠤᠯᠲᠠ ᠶᠢ ᠬᠡᠷᠡᠭᠵᠢᠭᠦᠯᠵᠦ᠂ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠬᠦᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︶ | ᠳᠥᠷᠪᠡ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠨᠤᠭᠤᠳ | ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠤᠨ ᠴᠢᠬᠤᠯᠠ ᠴᠢᠨᠠᠷ᠂ ᠲᠤᠯᠭᠠᠮ᠎ᠠ | ᠴᠢᠨᠠᠷ ᠪᠣᠯᠣᠨ ᠪᠤᠳᠤᠯᠢᠶᠠᠨᠲᠤ ᠴᠢᠨᠠᠷ ᠢ ᠭᠦᠨᠵᠡᠭᠡᠢ ᠲᠠᠨᠢᠵᠤ᠂ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ | ᠪᠠᠭᠠᠰᠬᠠᠬᠤ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ | ᠦᠨᠡᠨᠬᠦ ᠴᠢᠩᠭᠠᠳᠬᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠲᠤᠰ ᠵᠠᠰᠠᠭ ᠵᠠᠬᠢᠷᠭᠠᠨ ᠤ | ᠣᠷᠣᠨ ᠤ ᠪᠠᠨ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠤᠨ ᠶᠡᠷᠦᠩᠬᠡᠢ | ᠬᠠᠷᠢᠭᠤᠴᠠᠯᠭ᠎ᠠ ᠶᠢ ᠡᠭᠦᠷᠭᠡᠯᠡᠵᠦ᠂ ᠭᠤᠣᠯ ᠬᠠᠷᠢᠭᠤᠴᠠᠯᠭᠠᠲᠠᠨ ᠨᠢ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠃ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠭᠠᠵᠠᠷ ᠣᠷᠣᠨ᠂ ᠭᠤᠣᠯᠳᠠᠯᠭ᠎ᠠ ᠲᠠᠢ | ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠶᠢ | ᠪᠠᠭᠠᠰᠬᠠᠬᠤ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠲᠣᠬᠢᠷᠠᠭᠤᠯᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ | ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠴᠢᠬᠤᠯᠠ ᠶᠡᠭᠡ ᠪᠠᠶᠢᠳᠠᠯ ᠢ ᠴᠠᠭ ᠲᠤᠬᠠᠢ ᠳᠤᠨᠢ | ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠢ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︔ | ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠬᠢᠨᠠᠯᠲᠠ ᠲᠠᠯᠪᠢᠵᠤ ᠬᠢᠨᠠᠨ ᠰᠢᠯᠭᠠᠬᠤ ᠶᠢ ᠴᠢᠩᠭᠠᠷᠠᠭᠤᠯᠤᠨ᠎ᠠ᠃ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠᠲᠤ | ᠬᠠᠷᠢᠭᠤᠴᠠᠯᠭ᠎ᠠ ᠶᠢ ᠦᠨᠡᠯᠡᠵᠦ ᠬᠢᠨᠠᠨ ᠰᠢᠯᠭᠠᠬᠤ ᠶᠢ ᠴᠢᠩᠳᠠᠯᠠᠵᠤ᠂ ᠬᠢᠨᠠᠨ ᠰᠢᠯᠭᠠᠭᠰᠠᠨ ᠦᠷ᠎ᠡ ᠳ᠋ᠦᠩ ᠢ | ᠬᠤᠳᠠ ᠶᠢᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠲᠠᠷᠠᠭ᠎ᠠ᠂ ᠬᠤᠳᠠ ᠶᠢᠨ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤ ᠲᠤᠰᠢᠶᠠᠨ ᠥᠭᠴᠦ ᠬᠤᠰᠢᠭᠤ ᠰᠢᠶᠠᠨ ᠲᠣᠭᠤᠷᠢᠭ ᠤᠨ | ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠢ ᠶᠡᠷᠦᠩᠬᠡᠶᠢᠯᠡᠨ ᠬᠢᠨᠠᠨ ᠰᠢᠯᠭᠠᠵᠤ ᠦᠨᠡᠯᠡᠬᠦ ᠴᠢᠬᠤᠯᠠ | ᠦᠨᠳᠦᠰᠦᠯᠡᠯ ᠪᠣᠯᠭᠠᠨ᠎ᠠ᠃ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠬᠢᠨᠠᠨ ᠰᠢᠯᠭᠠᠬᠤ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠵᠦ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠪᠠᠭᠤᠷᠠᠭᠤᠯᠬᠤ | ᠬᠢᠵᠠᠭᠠᠷᠯᠠᠯ ᠤᠨ ᠴᠢᠨᠠᠷᠲᠠᠢ ᠬᠦᠢᠴᠡᠳᠭᠡᠯ ᠲᠤᠭ᠎ᠠ ᠶᠢᠨ ᠬᠢᠨᠠᠨ ᠰᠢᠯᠭᠠᠯᠲᠠ ᠳᠤ ᠡᠵᠡᠯᠡᠬᠦ ᠬᠦᠨᠳᠦᠴᠡ ᠶᠢ | ᠨᠡᠮᠡᠭᠳᠡᠭᠦᠯᠵᠦ᠂ ︽ᠬᠤᠶᠠᠷ ᠶᠡᠬᠡᠲᠡᠢ︾ ᠲᠦᠷᠦᠯ ᠵᠦᠢᠯ ᠢ ᠳᠣᠣᠷ᠎ᠠ ᠬᠢᠷᠢ ᠲᠦᠪᠰᠢᠨ ᠢᠶᠠᠷ ᠰᠣᠬᠤᠷ ᠪᠠᠯᠠᠢ ᠪᠠᠷ | ᠬᠦᠭᠵᠢᠬᠦᠯᠬᠦ ᠶᠢ ᠡᠷᠡᠰ ᠬᠤᠷᠢᠭᠯᠠᠬᠤ᠂ ᠡᠨᠧᠷᠭᠢ ᠶᠢᠨ ᠰᠤᠷᠪᠤᠯᠵᠢ ᠶᠢᠨ ᠡᠬᠢ ᠪᠠᠶᠠᠯᠢᠭ ᠢ ᠰᠢᠯᠢᠳᠡᠭᠵᠢᠭᠦᠯᠦᠨ | ᠲᠣᠬᠢᠷᠠᠭᠤᠯᠬᠤ ᠶᠢ ᠲᠦᠯᠬᠢᠨ ᠠᠬᠢᠭᠤᠯᠬᠤ ᠠᠷᠭ᠎ᠠ ᠬᠡᠮᠵᠢᠶ᠎ᠡ᠂ ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ | ᠠᠷᠪᠢᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠰᠢᠯᠭᠠᠬᠤ ᠬᠦᠴᠦᠯᠡᠴᠡ ᠶᠢ | ᠨᠡᠮᠡᠭᠳᠡᠭᠦᠯᠦᠨ᠎ᠡ᠃ ᠪᠤᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠠᠵᠢᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ | ᠪᠦᠲᠦᠮᠵᠢ ᠶᠢ ᠬᠢᠨᠠᠨ ᠰᠢᠯᠭᠠᠬᠤ ᠶᠢ ᠭᠦᠨᠵᠡᠭᠡᠶᠢᠷᠡᠭᠦᠯᠵᠦ᠂ ᠪᠣᠬᠢᠷᠲᠤᠯ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ | ᠪᠠᠭᠠᠰᠬᠠᠬᠤ ᠬᠠᠷᠠᠯᠲᠠ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠬᠢᠨᠠᠨ ᠰᠢᠯᠭᠠᠬᠤ ᠴᠢᠬᠤᠯᠠ ᠠᠭᠤᠯᠭ᠎ᠠ ᠪᠣᠯᠭᠠᠨ᠎ᠠ᠃ | ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠥᠪᠡᠷᠲᠡᠭᠡᠨ | ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ | ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ | ᠠᠬᠤᠢ ᠣᠷᠴᠢᠨ ᠲᠣᠭᠤᠷᠢᠨ ᠤ ᠲᠣᠪᠴᠢᠶ᠎ᠠ︶ | ︵ᠭᠤᠷᠪᠠ︶ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠠᠷᠪᠢᠯᠠᠨ ᠭᠠᠮᠨᠠᠬᠤ ᠮᠠᠶ᠋ᠢᠭ ᠤᠨ | ᠪᠠᠶᠢᠭᠤᠯᠭ᠎ᠠ᠂ ᠪᠣᠬᠢᠷᠲᠤᠯ ᠦᠭᠡᠢ ᠭᠡᠷ ᠪᠦᠯᠢ᠂ ᠪᠣᠬᠢᠷᠲᠤᠯ ᠦᠭᠡᠢ ᠨᠡᠶᠢᠭᠡᠮ ᠲᠣᠭᠤᠷᠢᠭ᠂ ᠪᠣᠬᠢᠷᠲᠤᠯ ᠦᠭᠡᠢ | ᠬᠤᠳᠠᠯᠳᠤᠭᠠᠨ ᠤ ᠲᠠᠯᠠᠪᠤᠷ᠂ ᠪᠣᠬᠢᠷᠲᠤᠯ ᠦᠭᠡᠢ ᠪᠠᠷᠢᠯᠭ᠎ᠠ ᠵᠡᠷᠭᠡ ᠪᠣᠬᠢᠷᠲᠤᠯ ᠦᠭᠡᠢ ᠠᠮᠢᠳᠤᠷᠠᠯ ᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠣᠯᠠᠨ ᠨᠡᠶᠢᠲᠡ ᠶᠢ ᠬᠥᠲᠥᠯᠥᠨ ᠵᠢᠯᠤᠭᠤᠳᠴᠤ ᠪᠠᠶᠢᠭᠠᠳ | ᠪᠣᠬᠢᠷᠲᠤᠯ ᠦᠭᠡᠢ ᠪᠠᠭ᠎ᠠ ᠨᠡᠭᠦᠷᠡᠰᠦᠳᠦ᠋ᠷᠦᠭᠴᠢᠲᠦ ᠠᠮᠢᠳᠤᠷᠠᠯ ᠤᠨ ᠣᠶᠢᠯᠠᠭᠠᠭᠳᠠᠬᠤᠨ ᠢ ᠦᠢᠯᠡᠳᠦᠯᠭᠡᠵᠢᠭᠦᠯᠦᠨ᠎ᠡ᠃ | ᠳᠡᠯᠡᠬᠡᠢ ᠶᠢᠨ ᠳᠡᠯᠡᠬᠡᠢ ᠶᠢᠨ ᠪᠥᠮᠪᠥᠷᠴᠡᠭ ᠤᠨ ᠡᠳᠦᠷ᠂ ᠳᠡᠯᠡᠬᠡᠢ ᠶᠢᠨ ᠣᠷᠴᠢᠨ ᠲᠣᠭᠤᠷᠢᠨ ᠤ ᠡᠳᠦᠷ᠂ ᠡᠨᠧᠷᠭᠢ | ᠠᠷᠪᠢᠯᠠᠬᠤ ᠤᠬᠠᠭᠤᠯᠭ᠎ᠠ ᠶᠢᠨ ᠭᠠᠷᠠᠭ᠂ ᠪᠦᠬᠦ ᠤᠯᠤᠰ ᠤᠨ ᠪᠠᠭ᠎ᠠ ᠨᠡᠭᠦᠷᠡᠰᠦᠳᠦ᠋ᠷᠦᠭᠴᠢᠲᠦ ᠡᠳᠦᠷ ᠵᠡᠷᠭᠡ ᠪᠣᠬᠢᠷᠲᠤᠯ | ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠤᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠡᠨᠧᠷᠭᠢ ᠠᠷᠪᠢᠯᠠᠵᠤ ᠪᠣᠬᠢᠷᠲᠤᠯ | ᠭᠠᠳᠠᠭᠰᠢᠯᠠᠭᠤᠯᠬᠤ ᠶᠢ ᠪᠠᠭᠠᠰᠬᠠᠬᠤ ᠬᠠᠤᠯᠢ ᠲᠣᠭᠲᠠᠭᠠᠯ᠂ ᠪᠠᠷᠢᠮᠵᠢᠶ᠎ᠠ ᠶᠢ ᠥᠷᠭᠡᠨ ᠢᠶᠠᠷ ᠤᠬᠠᠭᠤᠯᠤᠨ᠎ᠠ᠃ ᠠᠵᠢᠯ | ᠲᠦᠷᠦᠯ ᠤᠨ ᠨᠡᠶᠢᠭᠡᠮᠯᠢᠭ᠂ ᠡᠷᠳᠡᠮ ᠰᠢᠨᠵᠢᠯᠡᠭᠡᠨ ᠤ ᠨᠡᠶᠢᠭᠡᠮᠯᠢᠭ᠂ ᠬᠤᠳᠠᠯᠳᠤᠭᠠᠨ ᠤ ᠪᠦᠯᠬᠦᠮ᠂ ᠨᠡᠶᠢᠲᠡ ᠶᠢᠨ | ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠶᠢᠨ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ | ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠤᠯᠴᠠᠬᠤ ᠶᠢ ᠵᠣᠷᠢᠭᠵᠢᠭᠤᠯᠤᠨ᠎ᠠ᠃ ᠡᠨᠧᠷᠭᠢ ᠠᠷᠪᠢᠯᠠᠬᠤ ᠪᠠᠷ ᠰᠠᠶᠢᠨ | ᠳᠤᠷ᠎ᠠ ᠠᠴᠠ ᠪᠠᠨ ᠠᠮᠠᠯᠠᠬᠤ ᠠᠵᠢᠯᠯᠠᠭ᠎ᠠ ᠶᠢ ᠥᠷᠨᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ᠂ ᠨᠡᠶᠢᠭᠡᠮ | ᠨᠡᠶᠢᠲᠡ ᠶᠢᠨ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠷᠢᠭᠤᠴᠠᠯᠭ᠎ᠠ ᠪᠠᠨ | ᠤᠬᠠᠮᠰᠠᠷ ᠠᠴᠠ ᠪᠠᠨ ᠬᠦᠢᠴᠡᠳᠭᠡᠬᠦ ᠶᠢ ᠨᠢ ᠬᠦᠳᠦᠯᠦᠨ ᠳᠠᠭᠠᠭᠤᠯᠤᠨ᠎ᠠ᠃ ︵ᠬᠠᠷᠢᠭᠤᠴᠠᠯᠭᠠᠲᠤ ᠨᠢᠭᠡᠴᠡ | ᠄ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ | ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ︶ | | | ᠳᠠᠭᠠᠯᠳᠤᠭᠤᠯᠤᠯ᠄ 1.ᠬᠦᠬᠡᠬᠤᠲᠠ ᠶᠢᠨ ︽ᠠᠷᠪᠠᠨ ᠳᠦᠷᠪᠡᠳᠦᠭᠡᠷ ᠲᠠᠪᠤᠨ ᠵᠢᠯ︾ ᠤᠨ ᠡᠯ᠎ᠡ ᠭᠠᠵᠠᠷ | ᠣᠷᠣᠨ ᠤ ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ | 2. ᠬᠦᠬᠡᠬᠤᠲᠠ ᠶᠢᠨ ︽ᠠᠷᠪᠠᠨ ᠳᠦᠷᠪᠡᠳᠦᠭᠡᠷ ᠲᠠᠪᠤᠨ ᠵᠢᠯ︾ ᠤᠨ ᠭᠤᠣᠯ ᠪᠣᠯᠬᠤ | ᠠᠵᠢᠯ ᠲᠥᠷᠥᠯ ᠤᠨ ᠡᠨᠧᠷᠬᠢ ᠠᠷᠪᠢᠯᠠᠬᠤ ᠭᠦᠢᠴᠡᠳᠬᠡᠯ ᠲᠤᠭ᠎ᠠ | | |