ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2023/8/17

     ᠶᠣᠣ ᠶᠦᠩ ᠪᠦᠸᠧ ᠴᠤᠭᠯᠠᠭᠠᠨ ᠲᠡᠭᠦᠰᠦᠭᠰᠡᠨ ᠢ ᠵᠠᠷᠯᠠᠵᠠᠢ

     8 ᠰᠠᠷ᠎ᠠ ᠶᠢᠨ 16 ᠤ ᠣᠷᠣᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ

ᠲᠠᠪᠤᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠤ ᠲᠡᠭᠦᠰᠬᠦ ᠶᠣᠰᠣᠯᠠᠯ ᠣᠷᠳᠣᠰ ᠬᠤᠳᠠ ᠶᠢᠨ ᠪᠡᠶ᠎ᠡ ᠶᠢᠨ

ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠤᠨ ᠪᠡᠶ᠎ᠡ ᠶᠢᠨ ᠲᠠᠮᠢᠷ ᠤᠨ ᠣᠷᠳᠣᠨ ᠳᠤ ᠶᠠᠪᠤᠭᠳᠠᠪᠠ᠃

     ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠤ ᠵᠣᠬᠢᠶᠠᠨ

ᠪᠠᠶᠢᠭᠤᠯᠬᠤ ᠺᠣᠮᠢᠰ ᠤᠨ ᠳᠡᠳ᠋ ᠡᠷᠭᠢᠯᠡᠭᠴᠢ᠂ ᠭᠦᠢᠴᠡᠳᠬᠡᠬᠦ ᠺᠣᠮᠢᠰ ᠤᠨ ᠡᠷᠭᠢᠯᠡᠭᠴᠢ᠂ ᠥᠪᠡᠷᠲᠡᠭᠡᠨ ᠵᠠᠰᠠᠬᠤ

ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ ᠠᠯᠲᠠᠨ ᠮᠧᠳᠠᠯ ᠣᠯᠣᠭᠰᠠᠨ ᠲᠤᠭ᠎ᠠ ᠪᠠᠷ ᠲᠦᠷᠦᠭᠦᠦ

ᠭᠤᠷᠪᠠ ᠳᠤ ᠣᠷᠣᠭᠰᠠᠨ ᠲᠥᠯᠥᠭᠡᠯᠡᠭᠴᠢᠳ ᠤᠨ ᠪᠦᠯᠭᠦᠮ ᠳᠤ ᠱᠠᠩᠨᠠᠯ ᠭᠠᠷᠳᠠᠭᠤᠯᠵᠤ᠂ ᠥᠪᠡᠷᠲᠡᠭᠡᠨ ᠵᠠᠰᠠᠬᠤ

ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠲᠡᠭᠦᠰᠦᠭᠰᠡᠨ ᠢ ᠵᠠᠷᠯᠠᠪᠠ᠃

     ᠣᠷᠳᠣᠰ ᠬᠤᠲᠠ᠂ ᠭᠦᠭᠡᠬᠤᠲᠠ᠂ ᠬᠥᠯᠥᠨ ᠪᠤᠶᠢᠷ ᠬᠤᠲᠠ ᠠᠯᠲᠠᠨ ᠮᠧᠳᠠᠯ ᠤᠨ ᠵᠢᠭᠰᠠᠭᠠᠯᠲᠠ ᠶᠢᠨ ᠡᠮᠦᠨ᠎ᠡ

3 ᠨᠡᠷᠡᠰ ᠲᠤ ᠣᠷᠣᠪᠠ᠃ ᠲᠡᠭᠦᠰᠬᠦ ᠶᠣᠰᠣᠯᠠᠯ ᠨᠢ ᠡᠭᠢᠯᠡᠯᠲᠡ ᠶᠢᠨ ᠶᠣᠰᠣᠯᠠᠯ ᠲᠠᠢ ᠰᠠᠶᠢᠬᠠᠨ ᠠᠪᠴᠠᠯᠳᠤᠵᠤ᠂

ᠦᠵᠡᠭᠴᠢᠳ ᠲᠤ ᠨᠢᠭᠡ ᠤᠳᠠᠭ᠎ᠠ ᠶᠢᠨ ᠭᠤᠶᠢᠳᠠ ᠰᠠᠶᠢᠬᠠᠨ ᠬᠠᠷᠠᠭᠠᠨ ᠰᠡᠷᠡᠯ ᠤᠨ ᠦᠪᠡᠳᠡᠭᠰᠢ ᠨᠠᠶᠢᠷ ᠢ ᠳᠡᠯᠭᠡᠨ

ᠦᠵᠡᠭᠦᠯᠵᠡᠢ᠃ ᠲᠡᠭᠦᠰᠬᠦ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ

ᠬᠤᠭᠤᠴᠠᠭᠠᠨ ᠤ ᠲᠠᠮᠢᠷ ᠤᠨ ᠴᠤᠭᠯᠠᠭᠠᠨ ᠢ ᠳᠠᠭᠠᠭᠠᠴᠢᠯᠠᠨ ᠡᠷᠭᠢᠯᠡᠭᠰᠡᠨ ᠬᠤᠲᠠ ᠪᠤᠯᠬᠤ ᠣᠷᠳᠣᠰ ᠬᠤᠲᠠ ᠶᠢᠨ

ᠲᠥᠯᠥᠭᠡᠯᠡᠭᠴᠢ ᠠᠴᠠ ᠲᠠᠷᠠᠭᠠᠴᠢ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ

ᠴᠤᠭᠯᠠᠭᠠᠨ ᠢ ᠳᠠᠭᠠᠭᠠᠴᠢᠯᠠᠨ ᠡᠷᠭᠢᠯᠡᠭᠦ ᠬᠤᠲᠠ ᠪᠤᠯᠬᠤ ᠪᠤᠭᠤᠲᠤ ᠬᠤᠲᠠ ᠶᠢᠨ ᠲᠥᠯᠥᠭᠡᠯᠡᠭᠴᠢ ᠳᠤ ᠲᠠᠮᠢᠷ ᠤᠨ

ᠴᠤᠭᠯᠠᠭᠠᠨ ᠤ ᠲᠤᠭ ᠢ ᠲᠤᠰᠢᠶᠠᠨ ᠥᠭᠭᠦᠭᠰᠡᠨ ᠪᠠᠶᠢᠨ᠎ᠠ᠃

 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号