ᠦᠴᠦᠸᠠᠨ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/18
      ᠦᠴᠦᠸᠠᠨ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠬᠠᠮᠲᠤ ᠶᠢᠨ ᠰᠤᠷᠤᠯᠴᠠᠯᠭ᠎ᠠ ᠶᠢᠨ ᠬᠤᠷᠠᠯ  ᠢ ᠬᠤᠷᠠᠯᠳᠤᠭᠤᠯᠵᠤ᠂ ᠦᠴᠦᠸᠠᠨ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠢᠦᠢ ᠨᠥᠬᠦᠷ ᠬᠤᠷᠠᠯ ᠢ ᠡᠷᠬᠢᠯᠡᠪᠡ᠃
     ᠬᠤᠷᠠᠯ   ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠠᠮᠢᠶᠠᠷᠤᠯᠲᠠ ᠶᠢ ᠭᠠᠷᠲᠠᠨ ᠭᠦᠢᠴᠡᠳᠬᠡᠨ ᠬᠡᠷᠡᠭᠵᠢᠭᠦᠯᠬᠦ ᠨᠠᠷᠢᠨ ᠳᠦᠷᠢᠮ︾᠂ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠪᠠᠶᠢᠩᠭᠤᠵᠢᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠲᠥᠷᠥ ᠠᠯᠪᠠᠨ ᠲᠠᠷᠬᠠᠭᠠᠭᠰᠠᠨ ﹇2023﹈ 17 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠢ ᠬᠠᠮᠲᠤ ᠪᠠᠷ ᠰᠤᠷᠤᠯᠴᠠᠪᠠ᠃      ᠬᠤᠷᠠᠯ ᠠᠴᠠ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠪᠣᠯ ᠠᠷᠠᠳ ᠤᠯᠠᠨ ᠤ ︽ᠠᠮᠢ ᠠᠪᠤᠷᠠᠬᠤ ᠵᠣᠭᠤᠰ︾ ᠪᠣᠯᠣᠨ᠎ᠠ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠪᠠᠶᠢᠩᠭᠤ ᠶᠢᠨ ᠪᠠᠶᠢᠴᠠᠭᠠᠯᠲᠠ ᠶᠢ ᠴᠢᠩᠭᠠᠳᠬᠠᠬᠤ ᠨᠢ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠢᠶᠠᠷ ᠠᠵᠢᠯᠯᠠᠬᠤ᠂ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠡᠮᠴᠢᠯᠡᠭᠡᠨ ᠤ ᠦᠢᠯᠡᠴᠢᠯᠡᠭᠡ ᠶᠢᠨ ᠠᠵᠢᠯᠯᠠᠭ᠎ᠠ ᠶᠢ ᠵᠢᠷᠤᠮᠵᠢᠭᠤᠯᠬᠤ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠦᠷᠦ ᠶᠢᠨ ᠪᠣᠳᠣᠯᠭ᠎ᠠ᠂ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠡᠯ᠎ᠡ ᠵᠦᠢᠯ ᠤᠨ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠦᠷᠦ ᠶᠢᠨ ᠪᠣᠳᠣᠯᠭ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠳᠠᠭᠠᠳᠬᠠᠯ ᠢ ᠮᠡᠬᠡᠯᠡᠬᠦ ᠵᠡᠷᠭᠡ ᠬᠠᠮᠢᠶ᠎ᠠ ᠪᠦᠬᠦᠢ ᠭᠤᠣᠯ ᠰᠡᠳᠦᠪ ᠲᠤ ᠴᠣᠬᠢᠯᠲᠠ ᠥᠭᠴᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠨ᠎ᠠ ᠭᠡᠵᠦ ᠴᠢᠬᠤᠯᠠᠴᠢᠯᠠᠪᠠ᠃      ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠭᠦᠨ᠂ ᠪᠠᠶᠢᠭᠤᠯᠤᠯᠭ᠎ᠠ ᠶᠢᠨ ᠡᠯ᠎ᠡ ᠰᠠᠯᠠᠭ᠎ᠠ ᠲᠠᠰᠤᠭ ᠤᠨ ᠠᠵᠢᠯᠲᠠᠨ᠂ ᠡᠮᠴᠢᠯᠡᠭᠡᠨ ᠤ ᠳᠠᠭᠠᠳᠬᠠᠯ ᠤᠨ ᠲᠥᠪ ᠤᠨ ᠤᠳᠤᠷᠢᠳᠬᠤ ᠺᠠᠳ᠋ᠷ ᠬᠤᠷᠠᠯ ᠳᠤ ᠣᠷᠣᠯᠴᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号