ᠰᠢᠶᠠᠨ ᠤ ᠤᠳᠤᠷᠢᠳᠤᠯᠭ᠎ᠠ ︽8·1︾ ᠤ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/2
      8 ᠰᠠᠷ᠎ᠠ ᠶᠢᠨ 1  ᠤ ᠡᠳᠦᠷ᠂ 96 ᠳ᠋ᠤᠭᠠᠷ ︽8·1︾  ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠳᠠᠭᠠᠭᠤᠯᠵᠤ ︽8·1︾  ᠤ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃      ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠭᠰᠠᠨ ᠠᠬᠠᠮᠠᠳ ᠪᠠᠶᠢᠯᠳᠤᠭᠴᠢ ᠯᠢᠶᠠᠩ ᠡᠯ ᠸᠠ ᠶᠢ ᠲᠣᠬᠤᠨᠢᠭᠤᠯᠬᠤ ᠦᠶ᠎ᠡ ᠳᠤ᠂ ᠲᠣᠬᠤᠨᠢᠭᠤᠯᠬᠤ ᠳᠤᠭᠤᠶᠢᠯᠠᠩ ᠤᠨ ᠬᠢᠨ ᠨᠠᠰᠤᠲᠠᠨ ᠲᠠᠢ ᠰᠡᠳᠬᠢᠯ ᠠᠭᠤᠵᠢᠷᠠᠲᠠᠯ᠎ᠠ ᠶᠠᠷᠢᠯᠴᠠᠵᠤ᠂ ᠪᠡᠶ᠎ᠡ ᠶᠢᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠵᠢᠴᠢ ᠴᠡᠷᠢᠭ ᠲᠤ ᠣᠷᠣᠵᠤ ᠠᠯᠪᠠ ᠬᠠᠭᠠᠭᠰᠠᠨ ᠥᠩᠭᠡᠷᠡᠯᠲᠡ ᠶᠢ ᠨᠠᠷᠢᠨ ᠣᠶᠢᠯᠠᠭᠠᠵᠤ᠂ ᠨᠠᠰᠤᠲᠠᠨ ᠤ ᠬᠤᠪᠢᠰᠬᠠᠯᠲᠤ ᠪᠠᠭᠠᠲᠤᠷᠯᠢᠭ ᠦᠢᠯᠡ ᠠᠵᠢᠯᠯᠠᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠪᠠᠶᠠᠷ ᠤᠨ ᠡᠳᠦᠷ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠬᠦ ᠶᠢᠨ ᠬᠠᠮᠲᠤ ᠲᠣᠬᠤᠨᠢᠭᠤᠯᠬᠤ ᠮᠥᠩᠭᠦ ᠬᠦᠷᠭᠡᠪᠡ᠃ ᠲᠣᠬᠤᠨᠢᠭᠤᠯᠬᠤ ᠳᠤᠭᠤᠶᠢᠯᠠᠩ ᠤᠨ ᠬᠢᠨ᠂ ᠠᠬᠠᠮᠠᠳ ᠪᠠᠶᠢᠯᠳᠤᠭᠴᠢᠳ ᠤᠨ ᠡᠩᠭᠡᠷ ᠲᠠᠬᠢ ᠴᠡᠷᠢᠭ ᠤᠨ ᠭᠠᠪᠢᠶᠠᠨ ᠲᠡᠮᠳᠡᠭ ᠪᠣᠯ ᠤᠯᠤᠰ ᠠᠴᠠ ᠴᠡᠷᠢᠭ ᠬᠥᠮᠥᠨ ᠤ ᠭᠠᠪᠢᠶ᠎ᠠ ᠪᠠᠶᠢᠭᠤᠯᠤᠭᠰᠠᠨ ᠢ ᠰᠠᠶᠢᠰᠢᠶᠠᠨ ᠬᠥᠬᠢᠭᠦᠯᠵᠦ᠂ ᠠᠷᠠᠳ ᠲᠦᠮᠡᠨ ᠠᠴᠠ ᠴᠡᠷᠢᠭ ᠬᠥᠮᠥᠨ ᠳᠤ ᠬᠤᠪᠢ ᠨᠡᠮᠡᠷᠢ ᠦᠵᠡᠭᠦᠯᠦᠭᠰᠡᠨ ᠢ ᠨᠤᠲᠠᠯᠠᠵᠤ᠂ ᠨᠡᠩ ᠴᠤ ᠴᠡᠷᠢᠭ ᠬᠥᠮᠥᠨ ᠤ ᠥᠨᠢᠳᠡ ᠪᠠᠯᠠᠷᠠᠰᠢ ᠦᠭᠡᠢ ᠢᠷᠠᠭᠤ ᠠᠯᠳᠠᠷ ᠮᠥᠨ᠂ ᠠᠬᠠᠮᠠᠳ ᠪᠠᠶᠢᠯᠳᠤᠭᠴᠢᠳ ᠤᠨ ᠪᠡᠶ᠎ᠡ ᠪᠠᠨ ᠬᠢᠴᠢᠶᠡᠵᠦ᠂ ᠬᠦᠴᠢᠷᠳᠡᠯ ᠪᠠ ᠠᠰᠠᠭᠤᠳᠠᠯ ᠪᠠᠶᠢᠪᠠᠯ ᠴᠠᠭ ᠲᠤᠬᠠᠢ ᠳᠤᠨᠢ ᠲᠤᠰᠬᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ ᠡᠭᠦᠨ ᠤ ᠬᠠᠮᠲᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠠᠬᠢᠪᠠ᠃      ᠲᠠᠷᠠᠭ᠎ᠠ ᠪᠠᠷ ᠨᠢ ᠲᠣᠬᠤᠨᠢᠭᠤᠯᠬᠤ ᠳᠤᠭᠤᠶᠢᠯᠠᠩ ᠤᠨ ᠬᠢᠨ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠪᠦᠬᠦ ᠳᠠᠷᠤᠭ᠎ᠠ ᠪᠠᠶᠢᠯᠳᠤᠭᠴᠢᠳ ᠢ ᠲᠣᠬᠤᠨᠢᠭᠤᠯᠵᠤ ᠶᠠᠷᠢᠯᠴᠠᠬᠤ ᠬᠤᠷᠠᠯ ᠬᠤᠷᠠᠯᠳᠤᠪᠠ᠃ ᠬᠤᠷᠠᠯ ᠳᠡᠭᠡᠷ᠎ᠡ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠂ ᠭᠠᠯ ᠤᠨᠲᠠᠷᠠᠭᠠᠬᠤ ᠶᠡᠭᠡ ᠠᠩᠭᠢ ᠠᠵᠢᠯ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃      ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠤᠷᠲᠤ ᠬᠤᠭᠤᠴᠠᠭᠠᠨ ᠤ ᠲᠤᠷᠰᠢ᠂ ᠰᠢᠶᠠᠨ ᠳᠤ ᠰᠠᠭᠤᠭ᠎ᠠ ᠴᠡᠷᠢᠭ ᠠᠩᠭᠢ ᠥᠪᠡᠷ ᠥᠪᠡᠷ ᠤᠨ ᠡᠭᠦᠷᠭᠡ ᠪᠠᠨ ᠰᠠᠶᠢᠲᠤᠷ ᠪᠡᠶᠡᠯᠡᠭᠦᠯᠬᠦ ᠶᠢᠨ ᠬᠠᠮᠲᠤ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠮᠠᠰᠢ ᠶᠡᠭᠡ ᠬᠤᠪᠢ ᠨᠡᠮᠡᠷᠢ ᠦᠵᠡᠭᠦᠯᠵᠡᠢ᠂ ᠰᠢᠶᠠᠨ ᠳᠤ ᠰᠠᠭᠤᠭ᠎ᠠ ᠴᠡᠷᠢᠭ ᠠᠩᠭᠢ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠬᠦᠴᠦᠨ ᠤ ᠪᠠᠶᠢᠭᠤᠯᠤᠯᠲᠠ ᠪᠠ ᠪᠣᠳᠠᠲᠤ ᠪᠠᠶᠢᠯᠳᠤᠭᠠᠨ ᠢᠶᠠᠷ ᠴᠡᠷᠢᠭ ᠪᠣᠯᠪᠠᠰᠤᠷᠠᠭᠤᠯᠬᠤ ᠪᠠᠨ ᠲᠠᠰᠤᠷᠠᠯᠳᠠ ᠦᠭᠡᠢ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠶᠡᠬᠡᠪᠡᠷ ᠥᠷᠨᠢᠭᠦᠯᠵᠦ᠂ ᠴᠡᠷᠢᠭ ᠡᠯᠰᠡᠬᠦ ᠠᠵᠢᠯ ᠢ ᠰᠠᠶᠢᠲᠤᠷ ᠬᠢᠵᠦ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠬᠤ ᠶᠢ ᠬᠦᠰᠡᠵᠦ ᠪᠠᠶᠢᠨ᠎ᠠ ᠭᠡᠵᠡᠢ᠃ ᠬᠤᠶᠢᠰᠢᠳᠠ ᠶᠢᠨ ᠠᠵᠢᠯ ᠤᠨ ᠳᠤᠮᠳᠠ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠪᠦᠬᠦ ᠬᠦᠴᠦᠨ ᠢᠶᠠᠷ ᠢᠶᠠᠨ ᠴᠡᠷᠢᠭ ᠠᠩᠭᠢ ᠶᠢᠨ ᠪᠠᠶᠢᠭᠤᠯᠤᠯᠲᠠ ᠶᠢ ᠳᠡᠮᠵᠢᠵᠦ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ ᠢᠶᠠᠨ ᠴᠢᠨᠠᠭᠰᠢᠳᠠ ᠪᠠᠳᠠᠷᠠᠭᠤᠯᠵᠤ᠂ ᠪᠦᠬᠦ ᠬᠦᠴᠦᠨ ᠢᠶᠠᠷ ᠢᠶᠠᠨ ᠰᠢᠶᠠᠨ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠤ ᠰᠠᠶᠢᠲᠤᠷ ᠦᠢᠯᠡᠴᠢᠯᠡᠵᠦ᠂ ᠴᠡᠷᠢᠭ ᠠᠷᠠᠳ ᠰᠡᠳᠬᠢᠯ ᠨᠢᠭᠡᠳᠬᠦ᠂ ᠴᠡᠷᠢᠭ ᠠᠩᠭᠢ ᠣᠷᠣᠨ ᠨᠤᠲᠤᠭ ᠬᠦᠴᠦ ᠪᠠᠨ ᠬᠠᠮᠲᠤᠳᠬᠠᠨ ᠠᠵᠢᠯᠯᠠᠬᠤ ᠬᠦᠴᠦᠨ ᠢ ᠨᠢᠭᠲᠠᠷᠠᠭᠤᠯᠵᠤ᠂ ᠬᠦᠴᠦᠨ ᠢᠶᠠᠨ ᠲᠥᠪᠯᠡᠷᠡᠭᠦᠯᠦᠨ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠡᠢ᠃      ᠶᠠᠷᠢᠯᠴᠠᠬᠤ ᠬᠤᠷᠠᠯ ᠤᠨ ᠲᠠᠷᠠᠭ᠎ᠠ᠂ ᠲᠣᠬᠤᠨᠢᠭᠤᠯᠬᠤ ᠳᠤᠭᠤᠶᠢᠯᠠᠩ ᠤᠨ ᠬᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠪᠦᠬᠦ ᠳᠠᠷᠤᠭ᠎ᠠ ᠪᠠᠶᠢᠯᠳᠤᠭᠴᠢᠳ ᠲᠠᠢ ᠬᠠᠮᠲᠤ ᠪᠠᠷ ᠲᠤᠰᠬᠠᠢ ᠰᠡᠳᠦᠪᠲᠦ ᠹᠢᠯᠢᠮ ︽ᠴᠡᠷᠢᠭ ᠢ ᠬᠦᠴᠦᠷᠬᠡᠭᠵᠢᠭᠦᠯᠬᠦ ᠲᠤᠬᠠᠢ ᠶᠠᠷᠢᠶ᠎ᠠ︾ ᠶᠢ ᠦᠵᠡᠪᠡ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠱᠢ ᠰᠢᠩ ᠴᠢᠶᠠᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠼᠦᠢ ᠵᠧᠨ ᠬᠤᠸᠠ ᠳᠡᠭᠡᠷᠡᠬᠢ ᠠᠵᠢᠯᠯᠠᠭ᠎ᠠ ᠳᠤ ᠣᠷᠣᠯᠴᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号