ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ | ᠣᠶᠢᠯᠠᠭᠠᠭᠰᠠᠨ ᠢᠶᠠᠷ᠂ ᠡᠨᠡ ᠵᠢᠯ ᠬᠠᠪᠤᠷ ᠤᠨ ᠲᠠᠷᠢᠶᠠᠯᠠᠭ᠎ᠠ ᠳᠤ ᠣᠷᠣᠭᠰᠠᠨ ᠠᠴᠠ ᠨᠠᠭᠠᠰᠢ᠂ ᠮᠠᠨ ᠤ ᠣᠷᠣᠨ ᠤ | ᠶᠡᠬᠡᠩᠬᠢ ᠬᠡᠰᠡᠭ ᠭᠠᠵᠠᠷ ᠣᠷᠣᠨ ᠳᠤ ᠬᠤᠷ᠎ᠠ ᠲᠤᠨᠳᠠᠰᠤ ᠶᠢᠨ ᠬᠡᠮᠵᠢᠶ᠎ᠡ ᠪᠠᠭ᠎ᠠ ᠪᠠᠶᠢᠵᠤ᠂ ᠣᠯᠠᠨ ᠭᠠᠵᠠᠷ ᠲᠤ ᠠᠳᠠᠯᠢ | ᠪᠤᠰᠤ ᠬᠡᠮᠵᠢᠶ᠎ᠡ ᠪᠠᠷ ᠭᠠᠩᠳᠠᠭᠰᠠᠨ ᠪᠠᠶᠢᠳᠠᠯ ᠭᠠᠷᠴᠠᠢ᠃ ᠪᠦᠭᠦ ᠣᠷᠣᠨ ᠤ ᠤᠰᠤᠨ ᠠᠰᠢᠭᠯᠠᠯᠲᠠ ᠶᠢᠨ ᠰᠠᠯᠠᠭ᠎ᠠ | ᠮᠥᠴᠢᠷ ᠤᠳ ᠦᠷᠭᠦᠯᠵᠢᠯᠡᠨ ᠬᠥᠳᠡᠯᠦᠯᠴᠡᠵᠦ᠂ ᠬᠦᠴᠦᠲᠡᠢ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ | ᠪᠠᠶᠢᠭᠠᠳ ᠭᠠᠩ ᠬᠠᠭᠰᠠᠷᠠᠭᠠᠨ ᠲᠠᠢ ᠲᠡᠮᠡᠴᠡᠵᠦ ᠤᠰᠤᠨ ᠤ ᠬᠠᠩᠭᠠᠯᠭ᠎ᠠ ᠶᠢ ᠪᠠᠲᠤᠯᠠᠵᠤ᠂ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠢ ᠪᠠᠲᠤᠯᠠᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠭᠠᠩ ᠤᠨ ᠪᠠᠶᠢᠳᠠᠯ ᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠤᠳᠠᠭ᠎ᠠ ᠶᠢ ᠨᠢᠭᠲᠠᠷᠠᠭᠤᠯᠵᠤ᠂ ᠭᠠᠩ ᠤᠨ | ᠪᠠᠶᠢᠳᠠᠯ ᠤᠨ ᠬᠥᠭᠵᠢᠯᠲᠡ ᠶᠢᠨ ᠬᠠᠨᠳᠤᠰᠢ ᠶᠢ ᠴᠠᠭ ᠲᠤᠬᠠᠢ ᠳᠤᠨᠢ ᠮᠡᠳᠡᠭᠳᠡᠵᠦ᠂ ᠲᠤᠬᠠᠢ ᠶᠢᠨ ᠭᠠᠵᠠᠷ ᠤᠨ | ᠲᠠᠷᠢᠶᠠᠯᠠᠩ ᠮᠠᠯ ᠠᠵᠤ ᠠᠬᠤᠢ ᠶᠢᠨ ᠭᠠᠷᠠᠭ ᠤᠨ ᠠᠵᠢᠯᠯᠠᠭ᠎ᠠ ᠪᠠᠷ ᠡᠯ᠎ᠡ ᠭᠠᠵᠠᠷ ᠣᠷᠣᠨ ᠤ ᠭᠠᠩ ᠤᠨ ᠪᠠᠶᠢᠳᠠᠯ ᠤᠨ | ᠮᠡᠳᠡᠭᠡ ᠵᠠᠩᠭᠢ ᠶᠢ ᠲᠣᠬᠢᠷᠠᠭᠤᠯᠵᠤ᠂ ᠬᠠᠭᠠᠰ ᠰᠠᠷ᠎ᠠ ᠪᠦᠷᠢ ᠪᠦᠭᠦ ᠥᠪᠡᠷᠲᠡᠭᠡᠨ ᠵᠠᠰᠠᠬᠤ ᠣᠷᠣᠨ ᠤ ᠴᠥᠭᠦᠷᠥᠮ ᠤᠨ | ᠤᠰᠤ ᠬᠠᠳᠠᠭᠠᠯᠠᠬᠤ ᠬᠡᠮᠵᠢᠶ᠎ᠡ ᠶᠢ ᠲᠣᠬᠢᠷᠠᠭᠤᠯᠤᠨ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠬᠠᠮᠢᠶᠠᠷᠤᠯᠲᠠ ᠶᠢ | ᠴᠢᠩᠭᠠᠳᠬᠠᠵᠤ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠬᠡᠷᠡᠭᠯᠡᠵᠦ ᠪᠤᠯᠬᠤ ᠤᠰᠤᠨ ᠤ ᠬᠡᠮᠵᠢᠶ᠎ᠡ ᠶᠢ ᠰᠢᠨᠵᠢᠯᠡᠬᠦ | ᠤᠬᠠᠭᠠᠨᠴᠢ ᠪᠠᠷ ᠨᠠᠷᠢᠯᠢᠭ ᠲᠣᠭᠢᠷᠠᠭᠤᠯᠪᠠ; ᠤᠯᠠᠨ ᠠᠵᠢᠯ ᠤᠨ ᠳᠤᠭᠤᠶᠢᠯᠠᠩ ᠲᠣᠮᠢᠯᠠᠨ ᠭᠠᠩ ᠬᠠᠭᠰᠠᠷᠠᠭᠠᠨ ᠤ | ᠪᠠᠶᠢᠳᠠᠯ ᠬᠦᠨᠳᠦ ᠨᠣᠴᠢᠲᠠᠢ ᠭᠠᠵᠠᠷ ᠣᠷᠣᠨ ᠳᠤ ᠭᠦᠨᠵᠡᠭᠡᠶᠢᠷᠡᠭᠦᠯᠦᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ | ᠵᠢᠯᠣᠭᠤᠳᠤᠭᠤᠯᠪᠠ᠃ | ᠣᠳᠣᠬᠠᠨ ᠳᠤ᠂ ᠡᠳ᠋ ᠤᠨ ᠵᠠᠰᠠᠭ ᠤᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ ᠤ ᠪᠠᠭᠤᠯᠭᠠᠭᠰᠠᠨ | 6360 ᠲᠦᠮᠡᠨ ᠲᠥᠭᠦᠷᠢᠭ ᠤᠨ ᠤᠰᠤᠨ ᠠᠰᠢᠭᠯᠠᠯᠲᠠ ᠶᠢᠨ ᠭᠠᠮᠰᠢᠭ ᠠᠴᠠ ᠠᠪᠤᠷᠠᠬᠤ ︵ᠭᠠᠩ ᠬᠠᠭᠰᠠᠷᠠᠭᠠᠨ ᠲᠠᠢ | ᠲᠡᠮᠡᠴᠡᠬᠦ︶ ᠪᠡᠯᠡ ᠮᠥᠩᠭᠦ ᠶᠢ ᠶᠠᠭ ᠱᠠᠯᠠᠪᠳᠠᠨ ᠬᠤᠪᠢᠶᠠᠷᠢᠯᠠᠨ ᠪᠠᠭᠤᠯᠭᠠᠵᠤ᠂ ᠲᠦᠷᠦᠭᠦᠸ ᠵᠢᠯ ᠤᠨ ᠲᠥᠪ ᠤᠨ | ᠤᠰᠤᠨ ᠠᠰᠢᠭᠯᠠᠯᠲᠠ ᠶᠢᠨ ᠭᠠᠮᠰᠢᠭ ᠠᠴᠠ ᠠᠪᠤᠷᠠᠬᠤ ︵ᠭᠠᠩ ᠬᠠᠭᠰᠠᠷᠠᠭᠠᠨ ᠲᠠᠢ ᠲᠡᠮᠡᠴᠡᠬᠦ︶ ᠪᠡᠯᠡ ᠮᠥᠩᠭᠦ ᠶᠢ | ᠨᠢᠭᠡᠨᠲᠡ ᠪᠦᠭᠦᠨ ᠢ ᠬᠡᠷᠡᠭᠵᠢᠭᠦᠯᠵᠦ ᠳᠠᠭᠤᠰᠬᠠᠪᠠ᠃ ᠣᠳᠣᠬᠠᠨ ᠤ ᠭᠠᠩ ᠬᠠᠭᠰᠠᠷᠠᠭᠠᠨ ᠤ ᠪᠠᠶᠢᠳᠠᠯ ᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠲᠠᠷᠢᠶᠠᠨ ᠭᠠᠵᠠᠷ ᠤᠨ ᠤᠰᠤᠨ | ᠠᠰᠢᠭᠯᠠᠯᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠪᠠ ᠭᠠᠩ ᠬᠠᠭᠰᠠᠷᠠᠭᠠᠨ ᠲᠠᠢ ᠲᠡᠮᠡᠴᠡᠵᠦ ᠪᠠᠴᠢᠮ ᠪᠠᠶᠢᠳᠠᠯ ᠢ | ᠠᠷᠭᠠᠴᠠᠭᠠᠬᠤ ᠤᠰᠤᠨ ᠤ ᠰᠤᠷᠪᠤᠯᠵᠢ ᠶᠢᠨ ᠠᠵᠢᠯᠯᠠᠭᠠᠨ ᠤ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠤᠰᠤ | ᠶᠡᠭᠡ ᠬᠤᠷᠣᠭᠳᠠᠭᠤᠯᠬᠤ ᠲᠠᠷᠢᠶᠠᠯᠠᠩ ᠤᠨ ᠤᠰᠤᠯᠠᠯᠲᠠ ᠶᠢᠨ ᠲᠥᠬᠦᠭᠡᠷᠦᠮᠵᠢ ᠶᠢ ᠬᠢᠵᠠᠭᠠᠷᠯᠠᠨ᠂ ᠤᠷᠢᠳᠴᠢᠯᠠᠨ | ᠰᠡᠷᠡᠮᠵᠢᠯᠡᠭᠦᠯᠵᠦ ᠬᠢᠨᠠᠨ ᠬᠡᠮᠵᠢᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠰᠠᠭᠤᠳᠠᠯ ᠢ ᠣᠯᠵᠤ ᠮᠡᠳᠡᠪᠡᠯ ᠴᠠᠭ | ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠬᠥᠳᠡᠯᠦᠩᠭᠦᠢ ᠪᠠᠷ ᠠᠷᠢᠯᠭᠠᠪᠠ᠃ | ᠣᠳᠣᠬᠠᠨ ᠪᠤᠯᠲᠠᠯ᠎ᠠ᠂ ᠭᠠᠩ ᠬᠠᠭᠰᠠᠷᠠᠭᠠᠨ ᠤ ᠨᠥᠯᠥᠭᠡ ᠠᠴᠠ ᠪᠣᠯᠤᠭᠰᠠᠨ 2.6 ᠲᠦᠮᠡ ᠭᠠᠷᠤᠢ ᠬᠥᠮᠥᠨ ᠤ | ᠲᠦᠷ ᠴᠠᠭ ᠤᠨ ᠤᠤᠭᠤᠬᠤ ᠤᠰᠤ ᠶᠢᠨ ᠬᠦᠴᠢᠷᠳᠡᠯ ᠤᠨ ᠠᠰᠠᠭᠤᠳᠠᠯ ᠢ ᠨᠢᠭᠡᠨᠲᠡ ᠤᠰᠤ ᠲᠠᠲᠠᠵᠤ ᠤᠰᠤ ᠬᠦᠷᠭᠡᠬᠦ᠂ | ᠤᠰᠤᠨ ᠤ ᠡᠬᠢ ᠰᠤᠷᠪᠤᠯᠵᠢ ᠶᠢ ᠰᠢᠨ᠎ᠡ ᠪᠠᠷ ᠨᠡᠭᠡᠭᠡᠬᠦ ᠵᠡᠷᠭᠡ ᠠᠷᠭ᠎ᠠ ᠪᠠᠷ ᠰᠢᠢᠳᠪᠦᠷᠢᠯᠡᠪᠡ᠃ ᠪᠦᠭᠦ ᠣᠷᠣᠨ ᠢᠶᠠᠷ | ᠢᠶᠠᠨ ᠭᠠᠩ ᠢ ᠡᠰᠡᠷᠭᠦᠴᠡᠬᠦ ᠠᠵᠢᠯ ᠳᠤ ᠨᠡᠶᠢᠲᠡ 64.75 ᠲᠦᠮᠡᠨ ᠬᠥᠮᠥᠨ ᠤᠳᠠᠭ᠎ᠠ ᠣᠷᠣᠯᠴᠠᠵᠤ᠂ ᠭᠠᠩ | ᠬᠠᠭᠰᠠᠷᠠᠭᠠᠨ ᠲᠠᠢ ᠲᠡᠮᠡᠴᠡᠵᠦ ᠪᠡᠯᠡᠳᠬᠡᠯ ᠲᠥᠬᠦᠭᠡᠷᠦᠮᠵᠢ ᠶᠢ 23.31 ᠲᠦᠮᠡᠨ ᠢᠵᠢ᠂ ᠤᠰᠤ ᠵᠥᠭᠡᠭᠡᠪᠦᠷᠢᠯᠡᠬᠦ | ᠮᠠᠰᠢᠨ ᠲᠡᠷᠭᠡ ᠶᠢ 3.6 ᠲᠦᠮᠡ ᠭᠠᠷᠤᠢ ᠣᠷᠣᠭᠤᠯᠵᠠᠢ᠃ |