ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠯᠢᠨ ᠱᠸ ᠴᠦᠨ ᠪᠣᠯᠣᠨ ᠯᠢ ᠵᠧᠨ ᠬᠠᠢ ᠳᠤ ︽ᠤᠮᠠᠷᠠᠲᠤ ᠬᠢᠯᠢ ᠶᠢᠨ ᠵᠢᠱᠢᠶᠡᠴᠢ︾ ᠶᠢᠨ ᠴᠣᠯᠠ ᠣᠯᠭᠤᠪᠠ
ᠨᠡᠶᠢᠲᠡᠯᠡᠭᠰᠡᠨ ᠴᠠᠭ᠄
2023/8/21

     8 ᠰᠠᠷ᠎ᠠ ᠶᠢᠨ 19 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ

ᠤᠬᠠᠭᠤᠯᠬᠤ ᠬᠡᠯᠲᠡᠰ︽ᠤᠮᠠᠷᠠᠲᠤ ᠬᠢᠯᠢ ᠶᠢᠨ ᠵᠢᠱᠢᠶᠡᠴᠢ︾ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠨᠡᠶᠢᠲᠡᠯᠡᠬᠦ

ᠬᠤᠷᠠᠯ ᠬᠢᠵᠦ᠂ ᠯᠢᠨ ᠱᠸ ᠴᠦᠨ᠂ ᠯᠢ ᠵᠧᠨ ᠬᠠᠢ ᠳᠤ ︽ᠤᠮᠠᠷᠠᠲᠤ ᠬᠢᠯᠢ ᠶᠢᠨ ᠵᠢᠱᠢᠶᠡᠴᠢ︾ ᠶᠢᠨ ᠴᠣᠯᠠ

ᠣᠯᠭᠤᠬᠤ ᠶᠢᠨ ᠬᠠᠮᠲᠤ ᠱᠠᠩᠨᠠᠯ ᠤᠨ ᠮᠧᠳᠠᠯ ᠪᠠ ᠦᠨᠡᠮᠯᠡᠯ ᠣᠯᠭᠤᠪᠠ᠃

     ᠯᠢᠨ ᠱᠸ ᠴᠦᠨ ᠪᠣᠯ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠳ᠋ᠠ ᠾᠧᠢ ᠱᠠᠨ ᠠᠭᠤᠯᠠᠨ ᠤ

ᠭᠠᠯ ᠰᠡᠷᠭᠡᠶᠢᠯᠡᠬᠦ  ᠠᠵᠢᠭᠯᠠᠭᠴᠢ᠃ 28 ᠵᠢᠯ ᠤᠨ ᠲᠤᠷᠰᠢ᠂ ᠲᠡᠷᠡ ᠠᠭᠯᠠᠭ ᠠᠭᠤᠯᠠ ᠶᠢᠨ ᠵᠢᠭᠦᠷᠲᠡᠨ ᠠᠷᠢᠶᠠᠲᠠᠨ ᠢ

ᠨᠢᠳᠦᠯᠡᠨ ᠲᠠᠨᠢᠵᠤ᠂ ᠨᠡᠯᠦᠭᠡᠷ ᠶᠡᠭᠡ ᠴᠠᠰᠤᠲᠤ ᠠᠭᠤᠯᠠ ᠶᠢ ᠳᠤᠭᠤᠯᠤᠨ᠂ ᠠᠰᠬ᠎ᠠ ᠥᠨᠳᠥᠷ ᠠᠭᠤᠯᠠ

ᠬᠠᠶᠢᠷᠠᠬᠠᠨ ᠢᠶᠠᠷ ᠳᠠᠪᠠᠨ᠂ ᠬᠠᠳᠠᠨ ᠵᠣᠷᠢᠭ ᠪᠣᠯᠣᠨ ᠦᠨᠡᠨ ᠰᠡᠳᠬᠢᠯ ᠢᠶᠠᠷ ᠢᠶᠠᠨ ᠬᠥᠪᠴᠢᠨ ᠤᠢ ᠶᠢ ᠰᠠᠬᠢᠨ᠂

ᠶᠠᠪᠠᠭᠠᠨ ᠢᠶᠠᠷ ᠳ᠋ᠠ ᠾᠧᠢ ᠱᠠᠨ ᠠᠭᠤᠯᠠ ᠶᠢᠨ ᠭᠠᠵᠠᠷ ᠪᠦᠭᠦᠨ ᠢ ᠬᠡᠮᠵᠢᠵᠦ᠂ ᠲᠦᠷᠪᠡᠨ ᠤᠯᠠᠷᠢᠯ ᠤᠨ ᠠᠭᠤᠷ

ᠠᠮᠢᠰᠬᠤᠯ ᠢ ᠪᠠᠶᠠᠳᠠᠨ ᠮᠡᠳᠡᠷᠡᠵᠦ᠂ ᠠᠵᠢᠭᠴᠢ ᠭᠢᠷᠠᠬᠠᠢ ᠪᠠᠷ ᠳ᠋ᠠ ᠾᠧᠢ ᠱᠠᠨ ᠠᠭᠤᠯᠠ ᠶᠢᠨ ᠤᠢ ᠰᠢᠭᠤᠢ ᠶᠢᠨ

ᠠᠮᠤᠷ ᠲᠦᠪᠰᠢᠨ ᠢ  ᠪᠠᠲᠤᠯᠠᠨ ᠬᠠᠮᠠᠭᠠᠯᠠᠵᠤ ᠶᠠᠪᠤᠵᠠᠢ᠃

     ᠯᠢ ᠵᠧᠨ ᠬᠠᠢ ᠪᠣᠯ ᠬᠥᠯᠥᠨ ᠪᠤᠶᠢᠷ ᠬᠤᠳᠠ ᠶᠢᠨ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ

ᠥᠪᠡᠷᠲᠡᠭᠡᠨ ᠵᠠᠰᠠᠬᠤ ᠬᠤᠰᠢᠭᠤ ᠶᠢᠨ ᠲᠠᠪᠤᠨ ᠣᠪᠣᠭ᠎ᠠ ᠪᠠᠯᠭᠠᠰᠤ ᠶᠢᠨ ᠲᠠᠪᠤᠨ ᠣᠪᠣᠭ᠎ᠠ ᠲᠣᠰᠬᠤᠨ ᠤ ᠲᠠᠷᠢᠶᠠᠴᠢᠨ᠃

ᠲᠡᠷᠡ ᠡᠪ ᠬᠠᠮᠲᠤ ᠨᠠᠮ ᠤᠨ ᠭᠡᠰᠢᠭᠦᠨ ᠤ ᠰᠢᠨᠲᠠᠷᠠᠰᠢ ᠦᠭᠡᠢ ᠵᠣᠷᠢᠭ ᠰᠠᠨᠠᠭ᠎ᠠ ᠪᠠᠷ ᠠᠭᠯᠠᠭ ᠠᠭᠤᠯᠠ ᠶᠢ ᠬᠠᠭᠠᠰ

ᠨᠠᠰᠤ ᠪᠠᠷ ᠢᠶᠠᠨ ᠪᠠᠲᠤ ᠰᠠᠬᠢᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠠᠯᠢᠪᠠ ᠪᠠᠨ ᠵᠣᠷᠢᠭᠤᠯᠤᠨ᠂ 39

ᠵᠢᠯ ᠮᠣᠳᠣ ᠳᠠᠷᠢᠵᠠᠢ᠃ ᠪᠠᠷᠤᠭᠴᠠᠭᠠᠯᠠᠭᠰᠠᠨ   ᠢᠶᠠᠷ᠂ ᠲᠡᠭᠦᠨ ᠤ ᠬᠤᠪᠢ ᠬᠥᠮᠥᠨ ᠤ ᠮᠣᠳᠣ ᠲᠠᠷᠢᠵᠤ

ᠣᠶᠢᠵᠢᠭᠤᠯᠬᠤ ᠳᠤ ᠬᠡᠷᠡᠭᠯᠡᠭᠰᠡᠨ ᠵᠠᠷᠤᠳᠠᠯ ᠨᠢ 200 ᠲᠦᠮᠡᠨ ᠲᠥᠭᠦᠷᠢᠭ ᠢ ᠳᠠᠪᠠᠵᠤ᠂ 400 ᠭᠠᠷᠤᠢ ᠲᠦᠮᠡᠨ

ᠲᠥᠭᠦᠷᠢᠭ ᠤᠨ ᠦᠷᠳᠡᠭ ᠪᠦᠬᠦᠢ 8 ᠲᠦᠮᠡ ᠭᠠᠷᠤᠢ ᠰᠠᠭᠤᠷᠢ ᠵᠤᠯᠵᠠᠭ᠎ᠠ ᠮᠣᠳᠣ ᠶᠢ ᠦᠨ᠎ᠡ ᠲᠥᠯᠥᠪᠦᠷᠢ

ᠦᠭᠡᠢ ᠪᠠᠷ ᠬᠠᠨᠳᠢᠪᠯᠡᠪᠠ᠃            

     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ᠂ ᠪᠦᠭᠦ ᠣᠷᠣᠨ ᠤ

ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ᠂ ᠣᠨᠴᠠᠭᠠᠶᠢᠯᠠᠨ ᠥᠷᠭᠡᠨ ᠤᠯᠠᠨ ᠨᠠᠮ ᠤᠨ ᠭᠡᠰᠢᠭᠦᠨ

ᠺᠠᠳ᠋ᠷᠴᠤᠳ ᠯᠢᠨ ᠱᠸ ᠴᠦᠨ᠂ ᠯᠢ ᠵᠧᠨ ᠬᠠᠢ ᠨᠥᠬᠦᠷ ᠠᠴᠠ ᠰᠤᠷᠤᠯᠴᠠᠵᠤ᠂ ᠲᠡᠳᠡᠨ ᠤ ᠰᠠᠯᠬᠢ ᠰᠢᠭᠤᠷᠭ᠎ᠠ ᠲᠠᠢ

ᠲᠡᠮᠡᠴᠡᠨ᠂ ᠤᠢ ᠰᠢᠭᠤᠢ ᠶᠢ ᠰᠠᠬᠢᠨ ᠬᠠᠮᠠᠭᠠᠯᠠᠵᠤ᠂ ᠬᠦᠴᠢᠷ ᠪᠡᠷᠬᠡᠰᠢᠶᠡᠯ ᠤᠨ ᠡᠮᠦᠨ᠎ᠡ ᠲᠣᠯᠣᠭᠠᠢ ᠪᠥᠬᠦᠶᠢᠬᠦ ᠦᠭᠡᠢ

ᠡᠷᠬᠢᠮ ᠳᠡᠭᠡᠳᠦ ᠢᠲᠡᠭᠡᠯ ᠪᠢᠰᠢᠷᠡᠯ ᠠᠴᠠ ᠰᠤᠷᠤᠯᠴᠠᠳᠤᠭᠠᠢ︕ ᠲᠡᠳᠡᠨ ᠤ ᠭᠠᠭᠴᠠᠭᠠᠷᠳᠠᠯ ᠠᠴᠠ ᠠᠶᠤᠬᠤ ᠦᠭᠡᠢ᠂

ᠶᠠᠳᠠᠭᠤ ᠬᠤᠭᠤᠰᠤᠨ ᠠᠴᠠ ᠠᠶᠤᠬᠤ ᠦᠭᠡᠢ᠂ ᠬᠠᠷᠠᠯᠲᠠ ᠪᠠᠨ ᠴᠢᠩᠭ᠎ᠠ ᠪᠠᠷᠢᠮᠲᠠᠯᠠᠳᠠᠭ ᠪᠠᠲᠤ ᠰᠠᠬᠢᠯᠲᠠ ᠠᠴᠠ

ᠰᠤᠷᠤᠯᠴᠠᠳᠤᠭᠠᠢ︕ ᠲᠡᠳᠡᠨ ᠤ ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ ᠶᠢ ᠪᠠᠭᠲᠠᠭᠠᠵᠤ᠂ ᠣᠯᠵᠤ ᠠᠯᠳᠠᠬᠤ ᠶᠢ

ᠪᠤᠳᠤᠬᠤ ᠦᠭᠡᠢ᠂ ᠨᠢᠭᠡ ᠰᠡᠳᠬᠢᠯ ᠢᠶᠠᠷ ᠬᠥᠬᠡᠮᠳᠦᠭ ᠠᠭᠤᠯᠠ ᠶᠢ ᠰᠠᠬᠢᠨ ᠬᠠᠮᠠᠭᠠᠯᠠᠵᠤ  ᠳᠠᠷᠬᠠᠨ ᠦᠢᠯᠡᠰ ᠲᠡᠭᠡᠨ

ᠭᠤᠶᠤᠴᠢ ᠦᠭᠡᠢ ᠵᠢᠳᠬᠦᠬᠦ ᠬᠠᠷᠢᠭᠤᠴᠠᠯᠭ᠎ᠠ ᠡᠭᠦᠷᠭᠡᠯᠡᠯ ᠠᠴᠠ ᠰᠤᠷᠤᠯᠴᠠᠳᠤᠭᠠᠢ︕ ᠡᠯ᠎ᠡ ᠭᠠᠵᠠᠷ ᠣᠷᠣᠨ᠂ ᠡᠯ᠎ᠡ

ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠯᠢᠨ ᠱᠸ ᠴᠦᠨ᠂ ᠯᠢ

ᠵᠧᠨ ᠬᠠᠢ ᠨᠥᠬᠦᠷ ᠠᠴᠠ ᠰᠤᠷᠤᠯᠴᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂

ᠥᠷᠭᠡᠨ ᠣᠯᠠᠨ ᠺᠠᠳ᠋ᠷ ᠣᠯᠠᠨ ᠲᠦᠮᠡᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠰᠢ ᠶᠢᠨ ᠫᠢᠩ ᠤᠨ

ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂

ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠬᠦᠴᠦᠷᠬᠡᠭ ᠶᠡᠭᠡ ᠬᠥᠳᠡᠯᠭᠡᠬᠦ

ᠬᠦᠴᠦᠨ ᠢ ᠴᠢᠨᠠᠭᠰᠢᠳᠠ ᠬᠥᠭᠵᠢᠭᠡᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ

ᠠᠬᠢᠭᠤᠯᠵᠤ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂

ᠡᠬᠡ ᠤᠯᠤᠰ ᠤᠨ ᠤᠮᠠᠷᠠᠲᠤ ᠬᠢᠯᠢ ᠳᠤ ᠲᠦᠮᠡᠨ ᠭᠠᠵᠠᠷ ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ ᠢ

ᠪᠠᠶᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ

ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠲᠦᠭᠡᠢ ᠭᠡᠵᠦ ᠤᠷᠢᠶᠠᠯᠠᠪᠠ᠃

 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号