ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠨᠤᠭ ᠤᠨ ᠦᠨ᠎ᠡ ᠬᠠᠩᠰᠢ ᠶᠢᠨ ᠲᠤᠰᠬᠠᠢ ᠪᠠᠶᠢᠴᠠᠭᠠᠯᠲᠠ ᠥᠷᠨᠢᠭᠦᠯᠵᠦ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠡᠮᠬᠢ ᠳᠢᠭᠯᠢᠮ ᠢ ᠬᠠᠮᠠᠭᠠᠯᠠᠪᠠ
ᠨᠡᠶᠢᠲᠡᠯᠡᠭᠰᠡᠨ ᠴᠠᠭ᠄
2023/8/22
     ᠣᠶᠢᠷ᠎ᠠ ᠳᠤ ᠮᠠᠨ ᠤ ᠰᠢᠶᠠᠨ ᠤ ᠵᠢᠭᠤᠯᠴᠢᠯᠠᠯ ᠤᠨ ᠠᠵᠢᠯ ᠲᠥᠷᠥᠯ ᠬᠥᠭᠵᠢᠯᠲᠡᠢ ᠤᠯᠠᠷᠢᠯ ᠳᠤ ᠣᠷᠣᠵᠤ᠂ ᠵᠣᠴᠢᠳ ᠤᠨ ᠪᠠᠭᠤᠳᠠᠯ ᠤᠨ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠬᠠᠮᠠᠭᠠᠯᠠᠬᠤ ᠶᠢᠨ ᠲᠥᠯᠥᠭᠡ᠂ ᠬᠤᠨᠤᠭ ᠤᠨ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠡᠭᠦᠰᠬᠦ ᠶᠢ ᠰᠡᠷᠭᠡᠶᠢᠯᠡᠵᠦ᠂ ᠥᠷᠭᠡᠨ ᠣᠯᠠᠨ ᠵᠢᠭᠤᠯᠴᠢᠯᠠᠭᠴᠢᠳ ᠲᠤ ᠲᠠᠭᠠᠯᠠᠮᠵᠢᠲᠠᠢ ᠪᠥᠭᠡᠳ ᠴᠢᠨᠠᠷ ᠰᠠᠶᠢᠲᠠᠢ ᠵᠢᠭᠤᠯᠴᠢᠯᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 7 ᠰᠠᠷ᠎ᠠ ᠠᠴᠠ ᠡᠬᠢᠯᠡᠨ᠂ ᠵᠣᠴᠢᠳ ᠤᠨ ᠪᠠᠭᠤᠳᠠᠯ ᠤᠨ ᠭᠡᠷ ᠪᠠᠶᠢᠰᠢᠩ ᠤᠨ ᠦᠨ᠎ᠡ ᠶᠢ ᠰᠤᠭᠤᠴᠢᠨ ᠪᠠᠶᠢᠴᠠᠭᠠᠬᠤ ᠵᠢᠴᠢ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠪᠡ᠃
     ᠶᠡᠷᠦᠩᠬᠡᠶᠢᠯᠡᠨ ᠴᠡᠭᠴᠡᠯᠡᠨ ᠵᠠᠰᠠᠬᠤ ᠶᠠᠪᠤᠴᠠ ᠳᠤ᠂ ᠮᠠᠨ ᠤ ᠲᠣᠪᠴᠢᠶ᠎ᠠ ᠵᠣᠴᠢᠳ ᠤᠨ ᠪᠠᠭᠤᠳᠠᠯ ᠤᠨ ᠦᠨ᠎ᠡ ᠬᠠᠩᠰᠢ ᠶᠢ ᠢᠯᠡ ᠬᠠᠳᠠᠬᠤ ᠱᠠᠭᠠᠷᠳᠠᠯᠭ᠎ᠠ ᠶᠢ ᠬᠡᠷᠡᠭᠵᠢᠭᠦᠯᠵᠦ ᠪᠠᠶᠢᠬᠤ ᠡᠰᠡᠬᠦ᠂ ᠵᠠᠪᠰᠢᠶᠠᠨ ᠢ ᠳᠠᠯᠢᠮᠳᠠᠭᠤᠯᠤᠨ ᠪᠠᠷᠠᠭᠠᠨ ᠤ ᠦᠨ᠎ᠡ ᠶᠢ ᠥᠰᠬᠡᠵᠦ ᠪᠠᠶᠢᠬᠤ ᠡᠰᠡᠬᠦ ᠵᠡᠷᠭᠡ ᠠᠵᠢᠯᠯᠠᠭ᠎ᠠ ᠶᠢ ᠭᠤᠣᠯᠳᠠᠯᠭ᠎ᠠ ᠲᠠᠢ ᠪᠠᠷ ᠪᠠᠶᠢᠴᠠᠭᠠᠵᠤ᠂ ᠡᠵᠡᠩᠨᠡᠭᠴᠢᠳ ᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾ ᠪᠣᠯᠣᠨ ︽ᠦᠨ᠎ᠡ ᠬᠠᠩᠰᠢ ᠶᠢ ᠢᠯᠡ ᠬᠠᠳᠠᠬᠤ ᠪᠠ ᠦᠨ᠎ᠡ ᠬᠠᠩᠰᠢ ᠶᠢᠨ ᠮᠡᠬᠡᠯᠡᠯ ᠢ ᠴᠠᠭᠠᠵᠠᠯᠠᠬᠤ ᠲᠣᠭᠲᠠᠭᠠᠯ︾ ᠵᠡᠷᠭᠡ ᠦᠨ᠎ᠡ ᠬᠠᠩᠰᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠲᠥᠷᠥ ᠶᠢᠨ ᠪᠣᠳᠣᠯᠭ᠎ᠠ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠢ ᠭᠡᠵᠦ ᠱᠠᠭᠠᠷᠳᠠᠵᠠᠢ᠃ ᠡᠭᠦᠨ ᠤ ᠬᠠᠮᠲᠤ᠂ ᠡᠵᠡᠩᠨᠡᠭᠴᠢᠳ ᠲᠤ ᠦᠨ᠎ᠡ ᠬᠠᠩᠰᠢ ᠶᠢ ᠢᠯᠡ ᠬᠠᠳᠠᠬᠤ ᠠᠵᠢᠯ ᠢ ᠴᠢᠩᠭ᠎ᠠ ᠰᠠᠶᠢᠲᠤᠷ ᠬᠢᠵᠦ᠂ ᠵᠣᠴᠢᠳ ᠤᠨ ᠪᠠᠭᠤᠳᠠᠯ ᠤᠨ ᠡᠵᠡᠩᠨᠡᠯᠲᠡ ᠶᠢᠨ ᠲᠠᠯᠠᠪᠤᠷ ᠤᠨ ᠢᠯᠡ ᠭᠠᠵᠠᠷ ᠲᠤ ᠲᠤᠬᠠᠢ ᠶᠢᠨ ᠡᠳᠦᠷ ᠤᠨ ᠵᠣᠴᠢᠨ ᠤ ᠥᠷᠥᠭᠡ ᠶᠢᠨ ᠦᠨ᠎ᠡ ᠬᠠᠩᠰᠢ ᠶᠢ ᠨᠡᠶᠢᠲᠡᠯᠡᠵᠦ᠂ ᠦᠨ᠎ᠡ ᠬᠠᠩᠰᠢ ᠳᠤ ᠬᠤᠪᠢᠷᠠᠯᠲᠠ ᠭᠠᠷᠪᠠᠯ᠂ ᠴᠠᠭ ᠲᠤᠬᠠᠢ ᠳᠤᠨᠢ ᠲᠣᠬᠢᠷᠠᠭᠤᠯᠤᠯᠲᠠ ᠬᠢᠬᠦ ᠬᠡᠷᠡᠭᠲᠡᠢ᠂ ᠦᠨ᠎ᠡ ᠬᠠᠩᠰᠢ ᠠᠴᠠ ᠭᠠᠳᠠᠨ᠎ᠠ ᠲᠣᠳᠣᠷᠬᠠᠶᠢᠯᠠᠭᠰᠠᠨ ᠦᠭᠡᠢ ᠰᠦᠢᠳᠬᠡᠯ ᠬᠤᠷᠢᠶᠠᠵᠤ ᠪᠣᠯᠬᠤ ᠦᠭᠡᠢ᠂ ᠵᠠᠷᠯᠠᠨ ᠨᠡᠶᠢᠲᠡᠯᠡᠬᠦ ᠲᠥᠷᠥᠯ ᠵᠦᠢᠯ ᠪᠦᠷᠢᠨ᠂ ᠦᠨ᠎ᠡ ᠬᠠᠩᠰᠢ ᠦᠨᠡᠨ ᠪᠣᠳᠠᠲᠠᠢ ᠪᠥᠭᠡᠳ ᠲᠣᠳᠣᠷᠬᠠᠢ ᠪᠠᠶᠢᠬᠤ ᠬᠡᠷᠡᠭᠲᠡᠢ ᠭᠡᠵᠦ ᠰᠡᠷᠡᠮᠵᠢᠯᠡᠭᠦᠯᠪᠡ᠃      ᠮᠠᠨ ᠤ ᠲᠣᠪᠴᠢᠶ᠎ᠠ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠭᠦᠳᠡᠨ ᠪᠢᠯᠧᠲ᠂ ᠵᠢᠵᠢᠭᠯᠡᠨ ᠬᠤᠳᠠᠯᠳᠤᠬᠤ ᠲᠠᠸᠠᠷ᠂ ᠲᠡᠷᠭᠡ ᠵᠣᠭᠰᠤᠭᠠᠬᠤ ᠰᠦᠢᠳᠬᠡᠯ᠂ ᠬᠤᠭᠤᠯᠠ ᠤᠮᠳᠠ ᠬᠤᠨᠤᠭ ᠤᠨ ᠦᠢᠯᠡᠴᠢᠯᠡᠭᠡ ᠳᠤ ᠢᠯᠡ ᠠᠷᠭ᠎ᠠ ᠬᠡᠯᠪᠡᠷᠢ ᠪᠠᠷ ᠦᠨ᠎ᠡ ᠬᠠᠳᠠᠭᠰᠠᠨ ᠡᠰᠡᠬᠦ᠂ ᠪᠠᠷᠠᠭᠠᠨ ᠤ ᠭᠠᠷ ᠤᠨ ᠦᠰᠦᠭ ᠵᠢᠷᠤᠭᠰᠠᠨ ᠡᠰᠡᠬᠦ᠂ ᠣᠨᠴᠠᠭᠠᠶ ᠬᠥᠮᠥᠰ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠠᠰᠠᠭᠤᠳᠠᠯ ᠳᠤ ᠪᠠᠶᠢᠴᠠᠭᠠᠯᠲᠠ ᠬᠢᠪᠡ᠃ ᠦᠵᠡᠮᠵᠢ ᠶᠢᠨ ᠣᠷᠣᠨ ᠤ ᠬᠠᠷᠢᠭᠤᠴᠠᠯᠭᠠᠲᠠᠨ ᠳᠤ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠭᠰᠡᠨ ᠪᠥᠭᠡᠳ ᠦᠵᠡᠮᠵᠢ ᠶᠢᠨ ᠣᠷᠣᠨ ᠢ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠦᠨ᠎ᠡ ᠬᠠᠩᠰᠢ ᠶᠢ ᠢᠯᠡ ᠲᠡᠮᠳᠡᠭᠯᠡᠬᠦ ᠲᠣᠭᠲᠠᠭᠠᠯ ᠢ ᠴᠢᠩᠭ᠎ᠠ ᠵᠢᠷᠤᠮᠯᠠᠨ᠂ ᠵᠠᠰᠠᠭ ᠤᠨ ᠣᠷᠳᠣᠨ ᠤ ᠦᠨ᠎ᠡ ᠲᠣᠭᠲᠠᠭᠠᠬᠤ᠂ ᠵᠠᠰᠠᠭ ᠤᠨ ᠣᠷᠳᠣᠨ ᠤ ᠵᠢᠯᠣᠭᠤᠳᠤᠯᠭ᠎ᠠ ᠦᠨ᠎ᠡ ᠪᠠ ᠬᠠᠷᠠᠭᠠᠯᠵᠠᠯ ᠦᠵᠡᠭᠦᠯᠬᠦ᠂ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃      ᠲᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠨ᠎ᠡ ᠬᠠᠩᠰᠢ ᠶᠢᠨ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠂ ᠤᠬᠠᠭᠤᠯᠤᠨ ᠬᠥᠲᠥᠯᠥᠨ ᠵᠢᠯᠤᠭᠤᠳᠬᠤ ᠶᠢ ᠦᠷᠭᠦᠯᠵᠢᠯᠡᠨ ᠴᠢᠩᠭᠠᠳᠬᠠᠵᠤ᠂ ᠵᠢᠭᠤᠯᠴᠢᠯᠠᠯ ᠤᠨ ᠠᠵᠢᠯ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠵᠡᠩᠨᠡᠭᠴᠢ ᠶᠢᠨ ᠬᠠᠷᠢᠭᠤᠴᠠᠯᠭᠠᠲᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠦᠴᠦᠸᠠᠨ ᠰᠢᠶᠠᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠪᠠ ᠪᠣᠯᠪᠠᠰᠤᠨ ᠳᠦᠷᠢ ᠲᠥᠷᠬᠦ ᠶᠢ ᠬᠠᠮᠲᠤᠪᠠᠷ ᠬᠠᠮᠠᠭᠠᠯᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号