ᠮᠠᠨ ᠤ ᠰᠢᠶᠠᠨ ᠤ ᠵᠠᠬ᠎ᠠ ᠳᠡᠯᠭᠡᠭᠦᠷ ᠤᠨ ᠬᠡᠮᠵᠢᠯᠲᠡ ᠶᠢᠨ ᠡᠮᠬᠢ ᠳᠢᠭᠯᠢᠮ ᠤᠨ ᠲᠣᠭᠲᠠᠭᠤᠨ ᠪᠠᠶᠢᠳᠠᠯ ᠢ | ᠬᠠᠮᠠᠭᠠᠯᠠᠵᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ | ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠦᠴᠦᠸᠠᠨ ᠰᠢᠶᠠᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠷᠠᠳ ᠣᠯᠠᠨ ᠤ ᠠᠩᠬᠠᠷᠤᠯ ᠲᠠᠯᠪᠢᠵᠤ ᠪᠠᠶᠢᠭ᠎ᠠ | ᠬᠡᠮᠵᠢᠯᠲᠡ ᠶᠢᠨ ︽ᠵᠢᠩ ᠯᠠᠩ ᠳᠤᠲᠠᠭᠳᠠᠬᠤ︾ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ 8 ᠰᠠᠷ᠎ᠠ ᠶᠢᠨ | 21 ᠤ ᠡᠳᠦᠷ ᠤᠨ ᠬᠤᠭᠤᠴᠠᠭᠠᠨ ᠳᠤ ᠰᠢᠶᠠᠨ ᠤ ᠡᠾᠧ ᠰᠢᠶᠧ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ | ᠵᠢᠴᠢ ᠵᠠᠬ᠎ᠠ ᠳᠡᠯᠭᠡᠭᠦᠷ ᠤᠨ ᠬᠤᠳᠠᠯᠳᠤᠭᠠᠴᠢᠨ ᠤ ᠬᠡᠷᠡᠭᠯᠡᠵᠦ ᠪᠠᠶᠢᠭ᠎ᠠ ᠠᠷᠠᠯᠵᠢᠶᠠᠨ ᠤ ᠳ᠋ᠦᠩᠨᠡᠨ ᠪᠣᠳᠣᠯᠲᠠ ᠳᠤ | ᠬᠡᠷᠡᠭᠯᠡᠬᠦ ᠡᠯᠧᠺᠲᠷᠣᠨ ᠦᠨ᠎ᠡ ᠪᠤᠳᠤᠬᠤ ᠵᠢᠩᠯᠡᠭᠦᠷ ᠲᠤ ᠲᠤᠰᠬᠠᠢ ᠪᠠᠶᠢᠴᠠᠭᠠᠯᠲᠠ ᠬᠢᠵᠡᠢ᠃ | ᠲᠣᠰ ᠤᠳᠠᠭᠠᠨ ᠤ ᠲᠤᠰᠬᠠᠢ ᠪᠠᠶᠢᠴᠠᠭᠠᠯᠲᠠ ᠳᠤ᠂ ᠮᠠᠨ ᠤ ᠲᠣᠪᠴᠢᠶ᠎ᠠ ᠶᠢᠨ ᠬᠠᠤᠯᠢ ᠬᠡᠷᠡᠭᠵᠢᠭᠦᠯᠬᠦ | ᠠᠵᠢᠯᠲᠠᠨ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ | ᠪᠠᠷᠢᠮᠵᠢᠶᠠᠲᠤ ᠲᠤᠤᠬᠠᠢ ᠶᠢ ᠬᠡᠷᠡᠭᠯᠡᠨ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠲᠤ ᠣᠷᠣᠵᠤ | ᠰᠠᠭᠤᠭᠰᠠᠨ 10 ᠭᠠᠷᠤᠢ ᠡᠷᠦᠬᠡ ᠶᠢᠨ ᠡᠯᠧᠺᠲᠷᠣᠨ ᠵᠢᠩᠯᠡᠭᠦᠷ ᠤᠨ ᠬᠡᠮᠵᠢᠯᠲᠡ ᠶᠢᠨ ᠪᠠᠶᠢᠳᠠᠯ ᠳᠤ ᠰᠢᠯᠭᠠᠯᠲᠠ | ᠬᠢᠭᠰᠡᠨ ᠪᠥᠭᠡᠳ ᠪᠠᠰᠠ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠤᠨ ᠵᠡᠭᠦᠨ ᠲᠠᠯ᠎ᠠ ᠶᠢᠨ ᠥᠷᠯᠥᠭᠡ ᠶᠢᠨ | ᠵᠠᠬ᠎ᠠ ᠳᠡᠯᠭᠡᠭᠦᠷ ᠲᠤ ᠪᠠᠶᠢᠭ᠎ᠠ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠡᠵᠡᠩᠨᠡᠯᠲᠡ ᠶᠢᠨ ᠳᠡᠯᠭᠡᠭᠦᠷᠴᠢᠨ ᠤ | ᠬᠡᠷᠡᠭᠯᠡᠵᠦ ᠪᠠᠶᠢᠭ᠎ᠠ ᠡᠯᠧᠺᠲᠷᠣᠨ ᠵᠢᠩᠯᠡᠭᠦᠷ ᠲᠤ ᠰᠢᠯᠭᠠᠯᠲᠠ ᠬᠢᠭᠰᠡᠨ ᠪᠠᠶᠢᠨ᠎ᠠ᠃ ᠪᠠᠶᠢᠴᠠᠭᠠᠨ ᠰᠢᠯᠭᠠᠬᠤ ᠪᠠᠷ | ᠳᠠᠮᠵᠢᠭᠠᠳ ᠬᠡᠮᠵᠢᠯᠲᠡ ᠨᠢ ᠣᠨᠣᠪᠴᠢ ᠦᠭᠡᠢ ᠡᠯᠧᠺᠲᠷᠣᠨ ᠵᠢᠩᠯᠡᠭᠦᠷ ᠪᠠᠶᠢᠬᠤ ᠶᠢ ᠣᠯᠵᠤ ᠮᠡᠳᠡᠭᠰᠡᠨ ᠦᠭᠡᠢ᠃ | ᠡᠭᠦᠨ ᠤ ᠬᠠᠮᠲᠤ᠂ ᠮᠠᠨ ᠤ ᠲᠣᠪᠴᠢᠶ᠎ᠠ ᠬᠡᠮᠵᠢᠯᠲᠡ ᠶᠢᠨ ᠪᠠᠭᠠᠵᠢ ᠬᠡᠷᠡᠭᠰᠡᠯ ᠢ ᠬᠡᠷᠡᠭᠯᠡᠬᠦ ᠬᠤᠳᠠᠯᠳᠤᠭᠠᠴᠢᠨ ᠳᠤ | ᠬᠡᠮᠵᠢᠯᠲᠡ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠢᠵᠦ᠂ | ᠡᠵᠡᠩᠨᠡᠯᠲᠡ ᠶᠢᠨ ᠪᠡᠶᠡᠴᠢ ᠴᠣᠭᠴᠠ ᠶᠢ ᠰᠢᠪᠠᠳᠠᠨ ᠦᠨᠡᠨᠴᠢ ᠢᠲᠡᠭᠡᠮᠵᠢᠲᠡᠢ᠂ ᠬᠠᠤᠯᠢ ᠶᠢ ᠰᠠᠬᠢᠵᠤ ᠡᠵᠡᠩᠨᠡᠬᠦ ᠶᠢ | ᠪᠡᠶᠡᠯᠡᠭᠦᠯᠵᠦ᠂ ᠡᠷᠬᠡ ᠲᠡᠭᠰᠢ᠂ ᠲᠥᠪ ᠭᠤᠥᠯᠴᠢ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ | ᠬᠠᠮᠲᠤ ᠪᠠᠷ ᠬᠠᠮᠠᠭᠠᠯᠠᠪᠠ᠃ | | | | | | | | ᠲᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠡᠯᠧᠺᠲᠷᠣᠨ ᠦᠨ᠎ᠡ ᠪᠤᠳᠤᠬᠤ ᠵᠢᠩᠯᠡᠭᠦᠷ ᠤᠨ ᠲᠤᠰᠬᠠᠢ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ | ᠦᠷᠭᠦᠯᠵᠢᠯᠡᠨ ᠪᠣᠳᠠᠲᠤ ᠠᠵᠢᠯᠯᠠᠭ᠎ᠠ ᠪᠠᠷ ᠢᠶᠠᠨ ᠥᠷᠭᠡᠨ ᠣᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ | ᠠᠰᠢᠭ ᠢ ᠪᠠᠲᠤᠯᠠᠨ᠂ ᠵᠠᠬ᠎ᠠ ᠳᠡᠯᠭᠡᠭᠦᠷ ᠤᠨ ᠬᠤᠳᠠᠯᠳᠤᠭᠠᠴᠢᠨ ᠤ ᠬᠡᠮᠵᠢᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ | ᠮᠠᠨ ᠤ ᠰᠢᠶᠠᠨ ᠤ ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠦᠨᠡᠨᠴᠢ | ᠢᠲᠡᠭᠡᠮᠵᠢᠲᠡᠢ᠂ ᠡᠷᠬᠡ ᠲᠡᠭᠰᠢ᠂ ᠡᠶ᠎ᠡ ᠵᠣᠬᠢᠴᠠᠯ ᠲᠠᠢ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠣᠷᠴᠢᠨ ᠨᠥᠬᠦᠴᠡᠯ ᠢ | ᠪᠣᠶ ᠪᠣᠯᠭᠠᠨ᠎ᠠ᠃ | | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | |