ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥ᠋ᠬᠦ ᠲᠠᠯ᠎ᠠ ᠪᠠᠷ ᠪᠦ᠋ᠲᠦᠭᠡᠨ ᠪᠠᠶᠢᠭᠤᠯᠤᠶ᠎ᠠ ᠦᠴᠦᠸᠠᠨ ᠰᠢᠶᠠᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠮᠡᠳᠡᠯᠭᠡ ᠶᠢᠨ ᠤᠷᠤᠯᠳᠤᠭᠠᠨ ᠢ ᠡᠷᠬᠢᠯᠡᠪᠡ
ᠨᠡᠶᠢᠲᠡᠯᠡᠭᠰᠡᠨ ᠴᠠᠭ᠄
2023/8/22
     ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤᠳᠬᠠᠬᠤ ᠶᠢ ᠤᠯᠠᠮ ᠨᠢᠭᠡ ᠠᠯᠬᠤᠮ ᠠᠬᠢᠭᠤᠯᠵᠤ᠂ ᠪᠦᠬᠦ ᠰᠢᠶᠠᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 18 ᠤ ᠡᠳᠦᠷ᠂ ᠤᠯᠤᠰ ᠲᠦᠷᠦ ᠶᠢᠨ ᠵᠥᠪᠯᠡᠯᠭᠡᠨ ᠤ ᠦᠴᠦᠸᠠᠨ ᠰᠢᠶᠠᠨ ᠤ ᠨᠠᠮ ᠤᠨ ᠬᠤᠷᠢᠶ᠎ᠠ᠂ ᠦᠴᠦᠸᠠᠨ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠦᠴᠦᠸᠠᠨ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠭᠤᠣᠯᠯᠠᠨ ᠡᠷᠬᠢᠯᠡᠭᠰᠡᠨ ᠮᠡᠳᠡᠯᠭᠡ ᠶᠢᠨ ᠤᠷᠤᠯᠳᠤᠭᠠᠨ ᠢ ᠦᠴᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠱᠠᠲᠤᠯᠢᠭ ᠬᠢᠴᠢᠶᠡᠯ ᠤᠨ ᠭᠡᠷ ᠲᠤ ᠡᠷᠬᠢᠯᠡᠪᠡ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠢᠶᠧ ᠴᠢᠦᠢ ᠫᠢᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠸᠠᠩ ᠳ᠋ᠦᠩ ᠨᠤᠸᠠᠨ ᠤᠷᠤᠯᠳᠤᠭᠠᠨ ᠢ ᠰᠣᠨᠢᠷᠬᠠᠪᠠ᠃
     ᠲᠣᠰ ᠤᠳᠠᠭᠠᠨ ᠤ ᠤᠷᠤᠯᠳᠤᠭᠠᠨ ᠳᠤ ᠦᠴᠦᠸᠠᠨ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠥᠷᠪᠡᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠨᠠᠮ ᠤᠨ ᠡᠭᠦᠷ ᠤᠨ 8 ᠡᠩᠨᠡᠭᠡ ᠣᠷᠣᠯᠴᠠᠵᠠᠢ᠃ ᠤᠷᠤᠯᠳᠤᠭᠠᠨ ᠤ ᠠᠭᠤᠯᠭ᠎ᠠ  ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢᠨ ᠲᠣᠭᠤᠷᠢᠨ ᠳᠤ ᠨᠢᠭᠲᠠ ᠤᠶᠠᠯᠳᠤᠭᠤᠯᠤᠨ᠂ ᠵᠠᠪᠠᠯ ᠬᠠᠷᠢᠭᠤᠯᠬᠤ ᠰᠡᠳᠦᠪ᠂ ᠬᠠᠮᠲᠤ ᠪᠠᠷ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ ᠭᠡᠵᠦ ᠭᠤᠷᠪᠠᠨ ᠭᠤᠭᠴᠤᠭ᠎ᠠ ᠬᠤᠪᠢᠶᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠤᠷᠤᠯᠳᠤᠭᠠᠨ ᠳᠤ ᠣᠷᠣᠯᠴᠠᠭᠰᠠᠨ ᠡᠯ᠎ᠡ ᠭᠡᠰᠢᠭᠦᠳ ᠦᠨᠡᠨ ᠰᠡᠳᠬᠢᠯ ᠠᠴᠠ ᠪᠠᠨ ᠬᠠᠮᠲᠤᠷᠠᠯᠴᠠᠵᠤ᠂ ᠬᠦᠴᠦ ᠪᠠᠨ ᠬᠠᠮᠲᠤᠳᠬᠠᠨ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠯᠠᠪᠳᠠᠭᠤᠨ ᠪᠠᠲᠤᠲᠠᠢ ᠮᠡᠳᠡᠯᠭᠡ ᠶᠢᠨ ᠬᠡᠪ ᠪᠣᠯᠪᠠᠰᠤᠷᠠᠯ ᠪᠠ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠨᠢᠭᠡ ᠦᠳᠡ ᠶᠢᠨ ᠬᠤᠶᠢᠨ᠎ᠠ ᠶᠢᠨ ᠰᠢᠷᠦᠭᠦᠨ ᠮᠥᠷᠥᠶᠢᠴᠡᠭᠡᠨ ᠢᠶᠠᠷ ᠳᠡᠮᠵᠢᠨ᠂ ᠡᠴᠦᠰ ᠲᠡᠭᠡᠨ ᠰᠠᠨᠠᠯ ᠳᠤᠷᠠᠳᠤᠯᠭ᠎ᠠ ᠨᠡᠶᠢᠭᠡᠮ ᠬᠠᠤᠯᠢ ᠪᠠᠷ ᠵᠠᠰᠠᠬᠤ ᠵᠥᠪᠯᠡᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠨᠠᠮ ᠤᠨ ᠡᠭᠦᠷ ᠤᠨ 2 ᠠᠩᠭᠢ ᠬᠦᠴᠦᠷᠬᠡᠭ ᠶᠡᠭᠡ ᠪᠣᠳᠠᠲᠤ ᠬᠦᠴᠦᠨ ᠢᠶᠠᠷ ᠨᠢᠭᠡᠳᠦᠭᠡᠷ ᠲᠤ ᠣᠷᠣᠪᠠ᠃      ᠲᠤᠰ ᠤᠳᠠᠭᠠᠨ ᠤ ᠤᠷᠤᠯᠳᠤᠭᠠᠨ ᠪᠠ ᠰᠤᠷᠤᠯᠴᠠᠨ ᠰᠣᠯᠢᠯᠴᠠᠬᠤ ᠪᠠᠷ ᠳᠠᠮᠵᠢᠭᠤᠯᠤᠨ᠂ ᠥᠷᠭᠡᠨ ᠣᠯᠠᠨ ᠺᠠᠳ᠋ᠷ ᠣᠯᠠᠨ ᠲᠦᠮᠡᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠤᠳᠬᠠᠬᠤ ᠡᠨᠡ ᠬᠦ ᠭᠤᠣᠯ ᠰᠢᠵᠢᠮ ᠢ ᠡᠯ᠎ᠡ ᠵᠦᠢᠯ ᠤᠨ ᠠᠵᠢᠯ ᠤᠨ ᠳᠤᠮᠳᠠ ᠦᠨᠡᠨᠬᠦ ᠲᠤᠭᠤᠰᠢᠯᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠦᠴᠦᠸᠠᠨ ᠰᠢᠶᠠᠨ ᠤ ︽ᠬᠠᠮᠠᠭᠠᠯᠠᠬᠤ᠂ ᠬᠥᠭᠵᠢᠭᠦᠯᠬᠦ᠂ ᠴᠢᠨᠡᠭᠡᠯᠢᠭᠵᠢᠭᠦᠯᠬᠦ︾ ᠭᠤᠷᠪᠠᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠳᠥᠷᠪᠡᠨ ᠶᠡᠭᠡ ᠠᠵᠤ ᠦᠢᠯᠡᠰ ᠤᠨ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠶᠢ ᠦᠷᠭᠦᠯᠵᠢᠯᠡᠨ ᠠᠬᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号