ᠮᠠᠨ ᠤ ᠣᠷᠣᠨ ᠤ ᠡᠮᠴᠢᠯᠡᠭᠡᠨ ᠤ ᠰᠦᠢᠳᠬᠡᠯ ᠬᠤᠷᠢᠶᠠᠬᠤ ᠪᠠᠷᠢᠮᠲᠠ ᠶᠢᠨ ᠥᠭᠡᠷᠡᠴᠢᠯᠡᠯᠲᠡ ᠪᠦᠭᠦ ᠤᠯᠤᠰ  ᠤᠨ ᠡᠮᠦᠨ᠎ᠡ ᠡᠩᠨᠡᠭᠡᠨ ᠳᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2023/8/22

     2021 ᠣᠨ ᠤ 7 ᠰᠠᠷ᠎ᠠ ᠶᠢᠨ 4 ᠤ ᠡᠳᠦᠷ ᠮᠠᠨ ᠤ ᠣᠷᠣᠨ ᠠᠩᠬᠠᠳᠠᠭᠴᠢ ᠡᠮᠴᠢᠯᠡᠭᠡᠨ ᠤ ᠠᠵᠢᠯ

ᠲᠥᠷᠥᠯ ᠤᠨ ᠡᠳ᠋ ᠤᠨ ᠵᠠᠰᠠᠭ ᠤᠨ ᠡᠯᠧᠺᠲᠷᠣᠨ ᠰᠦᠢᠳᠬᠡᠯ ᠬᠤᠷᠢᠶᠠᠬᠤ ᠪᠠᠷᠢᠮᠲᠠ ᠶᠢᠨ ᠦᠢᠯᠡᠴᠢᠯᠡᠭᠡ ᠶᠢ

ᠨᠡᠪᠲᠡᠷᠡᠭᠦᠯᠦᠭᠰᠡᠨ ᠠᠴᠠ ᠨᠠᠭᠠᠰᠢ᠂ ᠡᠨᠡ ᠵᠢᠯ ᠤᠨ 7 ᠰᠠᠷ᠎ᠠ ᠶᠢᠨ 31 ᠤ ᠡᠳᠦᠷ ᠪᠤᠯᠲᠠᠯ᠎ᠠ᠂ ᠪᠦᠭᠦ ᠣᠷᠣᠨ ᠤ

ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ 241 ᠡᠮᠴᠢᠯᠡᠭᠡᠨ ᠤ ᠪᠠᠶᠢᠭᠤᠯᠤᠮᠵᠢ᠂ ᠰᠢᠶᠠᠩ

ᠪᠠᠯᠭᠠᠰᠤᠨ ᠤ 1649 ᠡᠷᠡᠭᠦᠯ ᠬᠠᠮᠠᠭᠠᠯᠠᠯ ᠤᠨ ᠬᠤᠷᠢᠶ᠎ᠠ ᠴᠥᠮ ᠰᠦᠯᠵᠢᠶᠡᠨ ᠳᠡᠭᠡᠷ᠎ᠡ ᠡᠮᠴᠢᠯᠡᠭᠡᠨ ᠤ ᠰᠦᠢᠳᠬᠡᠯ

ᠬᠤᠷᠢᠶᠠᠬᠤ ᠡᠯᠧᠺᠲᠷᠣᠨ ᠪᠠᠷᠢᠮᠲᠠ ᠶᠢ ᠬᠡᠷᠡᠭᠯᠡᠵᠦ᠂ ᠡᠮᠴᠢᠯᠡᠭᠡᠨ ᠤ ᠰᠦᠢᠳᠬᠡᠯ ᠬᠤᠷᠢᠶᠠᠬᠤ ᠡᠯᠧᠺᠲᠷᠣᠨ ᠪᠠᠷᠢᠮᠲᠠ ᠶᠢ

ᠨᠡᠶᠢᠲᠡ 1.54 ᠳ᠋ᠦᠩᠰᠢᠭᠤᠷ ᠭᠠᠷᠭᠠᠵᠤ᠂ ᠬᠤᠯᠪᠣᠭᠳᠠᠭᠰᠠᠨ ᠵᠣᠭᠤᠰ ᠤᠨ ᠲᠤᠭ᠎ᠠ ᠨᠢ 47.2 ᠳ᠋ᠦᠩᠰᠢᠭᠤᠷ

ᠲᠥᠭᠦᠷᠢᠭ ᠲᠤ ᠬᠦᠷᠴᠡᠢ᠃ ᠢᠩᠭᠢᠭᠡᠳ᠂ ᠮᠠᠨ ᠤ ᠣᠷᠣᠨ ᠤ ᠡᠳ᠋ ᠤᠨ ᠵᠠᠰᠠᠭ ᠤᠨ ᠡᠯᠧᠺᠲᠷᠣᠨ ᠰᠦᠢᠳᠬᠡᠯ

ᠬᠤᠷᠢᠶᠠᠬᠤ ᠪᠠᠷᠢᠮᠲᠠ ᠪᠦᠭᠦ ᠣᠷᠣᠨ ᠤ ᠡᠮᠴᠢᠯᠡᠭᠡᠨ ᠤ ᠠᠵᠢᠯ ᠲᠥᠷᠥᠯ ᠳᠤ ᠨᠡᠶᠢᠳᠡᠮ ᠬᠡᠷᠡᠭᠵᠢᠭᠦᠯᠦᠭᠳᠡᠵᠦ᠂

ᠡᠮᠴᠢᠯᠡᠭᠡᠨ ᠤ ᠰᠦᠢᠳᠬᠡᠯ ᠬᠤᠷᠢᠶᠠᠬᠤ ᠪᠠᠷᠢᠮᠲᠠ ᠶᠢᠨ ᠥᠭᠡᠷᠡᠴᠢᠯᠡᠯᠲᠡ ᠪᠦᠭᠦ ᠤᠯᠤᠰ ᠤᠨ ᠡᠮᠦᠨ᠎ᠡ ᠡᠩᠨᠡᠭᠡᠨ ᠳᠤ

ᠵᠢᠭᠰᠠᠭᠠᠭᠳᠠᠭᠰᠠᠨ ᠪᠠᠶᠢᠨ᠎ᠠ᠃

     2021 ᠣᠨ ᠤ ᠳᠣᠣᠷ᠎ᠠ ᠬᠠᠭᠠᠰ ᠵᠢᠯ ᠠᠴᠠ ᠡᠬᠢᠯᠡᠨ᠂ ᠮᠠᠨ ᠤ ᠣᠷᠣᠨ ᠡᠯᠧᠺᠲᠷᠣᠨ ᠪᠠᠷᠢᠮᠲᠠ ᠶᠢᠨ

ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠲᠤᠬᠠᠢ ᠡᠳ᠋ ᠤᠨ ᠵᠠᠰᠠᠭ ᠤᠨ ᠶᠠᠮᠤᠨ ᠤ ᠨᠢᠭᠡᠳᠦᠯᠲᠡᠢ ᠪᠠᠶᠢᠷᠢᠯᠠᠭᠤᠯᠤᠯᠲᠠ

ᠱᠠᠭᠠᠷᠳᠠᠯᠭ᠎ᠠ ᠶᠢ ᠢᠳᠡᠪᠬᠢᠲᠡᠢ ᠳᠠᠭᠠᠵᠤ᠂ ᠣᠯᠠᠨ ᠲᠦᠮᠡᠨ ᠤ ︽ᠬᠡᠲᠦᠷᠡᠬᠦ ᠳᠡᠭᠡᠨ ᠨᠢᠭᠡ ᠤᠳᠠᠭ᠎ᠠ ᠭᠦᠶᠦᠯᠭᠡᠬᠦ︾ ᠪᠠᠷ

ᠥᠭᠡᠷᠡᠴᠢᠯᠡᠯᠲᠡ ᠶᠢᠨ ᠬᠠᠷᠠᠯᠲᠠ ᠪᠤᠯᠭᠠᠵᠤ᠂ ᠡᠳ᠋ ᠤᠨ ᠵᠠᠰᠠᠭ ᠤᠨ ᠪᠠᠷᠢᠮᠲᠠ ᠶᠢᠨ ᠬᠤᠯᠪᠣᠭᠳᠠᠬᠤ ᠬᠦᠷᠢᠶ᠎ᠡ ᠴᠠᠷᠠᠭ᠎ᠠ᠂

ᠠᠵᠢᠯ ᠲᠥᠷᠥᠯ ᠢ ᠪᠦᠭᠦ ᠲᠠᠯ᠎ᠠ ᠪᠠᠷ ᠡᠮᠬᠢᠳᠬᠡᠬᠦ ᠶᠢᠨ ᠬᠠᠮᠲᠤ ᠨᠥᠬᠦᠴᠡᠯ ᠪᠦᠷᠢᠳᠦᠭᠰᠡᠨ᠂ ᠠᠵᠢᠯ ᠶᠠᠪᠤᠳᠠᠯ

ᠭᠦᠢᠴᠡᠳᠬᠡᠬᠦ ᠳᠠᠪᠲᠠᠮᠵᠢ ᠥᠨᠳᠥᠷ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ ᠵᠢᠴᠢ ᠨᠢᠭᠡᠴᠢ ᠶᠢ ᠰᠣᠩᠭᠤᠨ

ᠡᠳ᠋ ᠤᠨ ᠵᠠᠰᠠᠭ ᠤᠨ ᠡᠯᠧᠺᠲᠷᠣᠨ ᠰᠦᠢᠳᠬᠡᠯ ᠬᠤᠷᠢᠶᠠᠬᠤ ᠪᠠᠷᠢᠮᠲᠠ ᠶᠢ ᠤᠷᠢᠳ ᠢᠶᠠᠷ ᠲᠤᠷᠰᠢᠨ ᠬᠡᠷᠡᠭᠯᠡᠭᠦᠯᠵᠦ᠂

︽ᠨᠢᠭᠡᠳᠦᠯᠲᠡᠢ ᠲᠥᠯᠥᠪᠯᠡᠬᠦ᠂ ᠨᠢᠭᠡᠳᠦᠯᠲᠡᠢ ᠲᠥᠯᠥᠪᠵᠢᠭᠦᠯᠬᠦ᠂ ᠤᠷᠢᠳ ᠢᠶᠠᠷ ᠲᠤᠷᠰᠢᠯᠲᠠ ᠬᠢᠬᠦ᠂ ᠠᠯᠬᠤᠮ ᠬᠤᠪᠢᠶᠠᠨ

ᠬᠡᠷᠡᠭᠵᠢᠭᠦᠯᠬᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ᠂ ᠠᠮᠤᠷ ᠲᠦᠪᠰᠢᠨ ᠢ ᠦᠨᠡᠨ ᠬᠦ ᠪᠠᠲᠤᠯᠠᠬᠤ︾

ᠥᠭᠡᠷᠡᠴᠢᠯᠡᠯᠲᠡ ᠶᠢᠨ ᠵᠠᠮ ᠢᠶᠠᠷ ᠵᠠᠮᠨᠠᠬᠤ ᠶᠢᠨ ᠬᠠᠮᠲᠤ ᠢᠯᠡᠳᠲᠡ ᠦᠷ᠎ᠡ ᠪᠦᠲᠦᠮᠵᠢ ᠣᠯᠪᠠ᠃

     ᠢᠯᠠᠩᠭᠤᠶ᠎ᠠ ᠡᠮᠴᠢᠯᠡᠭᠡᠨ ᠤ ᠠᠵᠢᠯ ᠲᠥᠷᠥᠯ ᠤᠨ ᠡᠳ᠋ ᠤᠨ ᠵᠠᠰᠠᠭ ᠤᠨ ᠡᠯᠧᠺᠲᠷᠣᠨ ᠰᠦᠢᠳᠬᠡᠯ ᠬᠤᠷᠢᠶᠠᠬᠤ

ᠪᠠᠷᠢᠮᠲᠠ ᠶᠢᠨ ᠬᠡᠷᠡᠭᠯᠡᠯᠲᠡ ᠶᠢ ᠠᠬᠢᠭᠤᠯᠬᠤ ᠶᠠᠪᠤᠴᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ

ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ

ᠳᠠᠭᠠᠳᠬᠠᠯ ᠤᠨ ᠲᠣᠪᠴᠢᠶ᠎ᠠ ᠲᠠᠢ ᠬᠠᠮᠲᠤᠷᠠᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂

ᠪᠦᠭᠦ ᠤᠯᠤᠰ ᠤᠨ ᠨᠢᠭᠡᠳᠦᠯᠲᠡᠢ ᠬᠡᠪ ᠮᠠᠶ᠋ᠢᠭ ᠤᠨ ᠡᠮᠴᠢᠯᠡᠭᠡᠨ ᠤ ᠰᠦᠢᠳᠬᠡᠯ ᠬᠤᠷᠢᠶᠠᠬᠤ ᠪᠠᠷᠢᠮᠲᠠ ᠶᠢ ᠬᠡᠷᠡᠭᠯᠡᠨ᠂

ᠡᠮᠴᠢᠯᠡᠭᠡᠨ ᠤ ᠲᠤᠬᠠᠶᠢᠯᠠᠭᠰᠠᠨ ᠠᠵᠢᠯ ᠬᠢᠭᠡᠳ ᠡᠳ᠋ ᠤᠨ ᠵᠠᠰᠠᠭ ᠤᠨ ᠡᠯᠧᠺᠲᠷᠣᠨ ᠰᠦᠢᠳᠬᠡᠯ ᠬᠤᠷᠢᠶᠠᠬᠤ ᠪᠠᠷᠢᠮᠲᠠ

 ᠶᠢᠨ ᠬᠠᠮᠢᠶᠠᠷᠤᠯᠲᠠ ᠯᠤᠭ᠎ᠠ ᠬᠠᠷᠢᠯᠴᠠᠨ ᠵᠣᠯᠭᠠᠭᠤᠯᠬᠤ ᠶᠢ ᠠᠭᠢᠭᠤᠯᠪᠡ; ︽ᠢᠨᠲ᠋ᠧᠷ ᠰᠦᠯᠵᠢᠶ᠎ᠡ + ᠵᠠᠰᠠᠭ ᠤᠨ

ᠶᠠᠪᠤᠳᠠᠯ ᠤᠨ ᠦᠢᠯᠡᠴᠢᠯᠡᠭᠡ︾   ᠶᠢᠨ ᠥᠭᠡᠷᠡᠴᠢᠯᠡᠯᠲᠡ ᠶᠢ ᠪᠠᠷᠢᠮᠲᠠᠯᠠᠵᠤ᠂ ᠡᠮᠴᠢᠯᠡᠭᠡᠨ ᠤ ᠪᠠᠶᠢᠭᠤᠯᠤᠮᠵᠢ᠂

ᠲᠤᠬᠠᠶᠢᠯᠠᠭᠰᠠᠨ ᠠᠵᠢᠯ ᠤᠨ ᠲᠥᠷᠥᠯ ᠠᠨᠬᠭᠢᠯᠡᠯ ᠵᠢᠴᠢ ᠴᠤᠪᠤᠷᠠᠯ ᠤᠨ ᠭᠤᠭᠴᠤᠭ᠎ᠠ ᠶᠢ ᠪᠦᠭᠦᠨ ᠢ ᠬᠠᠮᠤᠷᠬᠤ ᠪᠠᠷ

ᠬᠠᠷᠠᠯᠲᠠ ᠪᠣᠯᠭᠠᠨ᠂ ᠮᠡᠳᠡᠭᠡ ᠵᠠᠩᠭᠢ ᠶᠢ ᠭᠦᠨ ᠲᠠᠰ ᠳᠠᠪᠬᠤᠷᠭ᠎ᠠ ᠠᠴᠠ ᠬᠠᠮᠲᠤ ᠪᠠᠷ ᠡᠳ᠋ᠯᠡᠵᠦ ᠬᠠᠷᠢᠯᠴᠠᠨ

ᠨᠡᠪᠲᠡᠷᠡᠯᠴᠡᠬᠦ ᠪᠠᠷ ᠭᠠᠷᠳᠠᠴᠠ ᠪᠤᠯᠭᠠᠵᠤ᠂ ᠪᠠᠷᠢᠮᠲᠠ ᠭᠠᠷᠭᠠᠵᠤ ᠥᠭᠬᠦ ᠠᠴᠠ ᠪᠠᠷᠢᠮᠲᠠ ᠶᠢ ᠪᠠᠶᠢᠴᠠᠭᠠᠨ ᠰᠢᠯᠭᠠᠬᠤ᠂

ᠲᠤᠰᠢᠶᠠᠨ ᠥᠭᠬᠦ ᠵᠡᠷᠭᠡ ᠭᠤᠭᠴᠤᠭ᠎ᠠ ᠭᠦᠷᠲᠡᠯ᠎ᠡ᠂ ᠪᠠᠷᠢᠮᠲᠠ ᠶᠢ ᠡᠯᠧᠺᠲ᠋ᠣᠷᠣᠨᠴᠢᠯᠠᠭᠰᠠᠨ᠂ ᠨᠡᠶᠢᠭᠡᠮᠴᠢᠯᠡᠭᠰᠡᠨ ᠬᠡᠷᠡᠭᠯᠡᠬᠦ

 ᠶᠢ ᠪᠡᠶᠡᠯᠡᠭᠦᠯᠵᠦ᠂ ᠡᠮᠴᠢᠯᠡᠭᠡᠨ ᠤ ᠰᠦᠢᠳᠬᠡᠯ ᠬᠤᠷᠢᠶᠠᠬᠤ ᠪᠠᠷᠢᠮᠲᠠ ᠭᠠᠷᠭᠠᠬᠤ ᠪᠠ ᠲᠤᠰᠢᠶᠠᠵᠤ ᠥᠭᠬᠦ ᠦᠷ᠎ᠡ

ᠪᠦᠲᠦᠮᠵᠢ ᠶᠢ ᠳᠡᠭᠡᠭᠰᠢᠯᠡᠭᠦᠯᠵᠤ᠂ ᠵᠣᠭᠤᠰ ᠲᠤᠰᠢᠶᠠᠭᠴᠢ ᠶᠢᠨ ᠪᠠᠷᠢᠮᠲᠠ ᠣᠯᠬᠤ ᠴᠠᠭ ᠢ ᠪᠣᠭᠤᠨᠢᠰᠬᠠᠵᠤ᠂ ︽ᠲᠤᠭ᠎ᠠ

ᠪᠠᠷᠢᠮᠲᠠ ᠶᠢ ᠢᠯᠡᠭᠦᠦ ᠬᠤᠪᠢᠶᠠᠯᠴᠠᠨ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠶᠢ ᠪᠡᠶᠡᠯᠡᠭᠦᠯᠦᠨ᠂

ᠡᠪᠡᠳᠴᠢᠲᠡᠨ ᠤ ᠡᠪᠡᠳᠴᠢᠨ ᠦᠵᠡᠭᠦᠯᠭᠦ ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢ ᠶᠡᠭᠡ ᠪᠠᠷ

ᠳᠡᠭᠡᠭᠰᠢᠯᠡᠭᠦᠯᠵᠡᠢ᠃

     ᠡᠭᠦᠨ ᠤ ᠬᠠᠮᠲᠤ᠂ ᠴᠥᠷᠬᠡᠯᠡᠭᠡ ᠳ᠋ᠠᠶᠢᠲ᠋ᠠ ᠶᠢᠨ ᠮᠡᠷᠭᠡᠵᠢᠯ ᠢ ᠬᠡᠷᠡᠭᠯᠡᠬᠦ ᠪᠠᠷ ᠳᠠᠮᠵᠢᠭᠤᠯᠤᠨ᠂ ᠡᠯᠧᠺᠲᠷᠣᠨ

ᠪᠠᠷᠢᠮᠲᠠ ᠶᠢ ᠳᠠᠮᠵᠢᠭᠤᠯᠤᠨ ᠬᠦᠷᠭᠡᠬᠦ ᠶᠢ ᠪᠡᠶᠡᠯᠡᠭᠦᠯᠵᠦ᠂ ᠪᠠᠷᠢᠮᠲᠠ ᠶᠢᠨ ᠬᠠᠮᠢᠶᠠᠷᠤᠯᠲᠠ ᠶᠢᠨ ᠰᠢᠨᠵᠢᠯᠡᠬᠦ

ᠤᠬᠠᠭᠠᠨᠵᠢᠯᠳᠠ᠂ ᠵᠢᠷᠤᠮᠵᠢᠭᠤᠯᠤᠯᠳᠡ᠂ ᠠᠷᠠᠳ ᠲᠤ ᠲᠥᠭᠦᠮ ᠪᠤᠯᠭᠠᠬᠤ ᠲᠦᠪᠰᠢᠨ ᠢ ᠪᠦᠭᠦ ᠲᠠᠯ᠎ᠠ ᠪᠠᠷ

ᠳᠡᠭᠡᠭᠰᠢᠯᠡᠭᠦᠯᠵᠦ᠂ ᠪᠠᠷᠢᠮᠲᠠ ᠶᠢᠨ ᠠᠵᠢᠯᠯᠠᠭᠠᠨ ᠤ ᠣᠷᠣ ᠮᠥᠷ᠂ ᠶᠠᠪᠤᠴᠠ᠂ ᠦᠷ᠎ᠡ ᠳ᠋ᠦᠩ ᠢ ᠮᠥᠷᠳᠡᠵᠦ ᠪᠤᠯᠬᠤ ᠶᠢ

ᠪᠡᠶᠡᠯᠡᠭᠦᠯᠪᠡ᠃

     ᠲᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠢᠨ ᠴᠥᠷᠬᠡᠯᠡᠭᠡ

ᠳ᠋ᠠᠶᠢᠲ᠋ᠠ ᠶᠢᠨ ᠮᠡᠷᠭᠡᠵᠢᠯ ᠢ ᠤᠯᠠᠮ ᠨᠢᠭᠡ ᠠᠯᠬᠤᠮ ᠬᠡᠷᠡᠭᠯᠡᠵᠦ᠂ ᠡᠳ᠋ ᠤᠨ ᠵᠠᠰᠠᠭ ᠤᠨ ᠡᠯᠧᠺᠲᠷᠣᠨ ᠰᠦᠢᠳᠬᠡᠯ

ᠬᠤᠷᠢᠶᠠᠬᠤ ᠪᠠᠷᠢᠮᠲᠠ ᠶᠢᠨ ᠲᠣᠭᠠᠴᠢᠯᠠᠯᠲᠠ ᠶᠢᠨ ᠳᠠᠪᠠᠭᠤᠯᠢᠭ ᠢ ᠥᠷᠭᠡᠳᠬᠡᠵᠦ᠂ ᠡᠳ᠋ ᠤᠨ ᠵᠠᠰᠠᠭ ᠤᠨ ᠡᠯᠧᠺᠲᠷᠣᠨ

ᠪᠠᠷᠢᠮᠲᠠ ᠶᠢᠨ ᠲᠠᠩᠰᠠ ᠲᠠᠶᠢᠯᠬᠤ ︽ᠡᠴᠦᠰ ᠤᠨ ᠨᠢᠭᠡ ᠺᠢᠯᠣᠮᠧᠲᠷ︾ ᠢ ᠪᠦᠭᠦ ᠲᠠᠯ᠎ᠠ ᠪᠠᠷ ᠨᠡᠪᠲᠡᠷᠡᠭᠦᠯᠬᠦ ᠪᠣᠯᠣᠨ᠎ᠠ᠃

 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号