ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︽ᠬᠢᠨᠠᠨ ᠵᠥᠪᠰᠢᠶᠡᠷᠡᠬᠦ ᠪᠠᠷ ᠬᠦᠯᠢᠶᠡᠬᠦ︾ ᠶᠢ ︽ᠡᠭᠦᠳᠡᠨ ᠳᠤᠨᠢ ᠬᠦᠷᠴᠦ ᠦᠢᠯᠡᠴᠢᠯᠡᠬᠦ︾ ᠪᠣᠯᠭᠠᠨ ᠬᠤᠪᠢᠷᠠᠭᠤᠯᠪᠠ
ᠨᠡᠶᠢᠲᠡᠯᠡᠭᠰᠡᠨ ᠴᠠᠭ᠄
2023/8/22

     ︽ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠨᠡ

ᠤᠳᠠᠭ᠎ᠠ ᠶᠢᠨ ︿ᠡᠭᠦᠳᠡᠨ ᠳᠤᠨᠢ ᠬᠦᠷᠴᠦ ᠦᠢᠯᠡᠴᠢᠯᠡᠬᠦ﹀ ᠠᠵᠢᠯᠯᠠᠭ᠎ᠠ ᠨᠢ ᠮᠠᠰᠢ ᠣᠯᠠᠨ ᠲᠥᠷᠥ ᠶᠢᠨ ᠪᠣᠳᠣᠯᠭ᠎ᠠ ᠶᠢᠨ

ᠲᠠᠯ᠎ᠠ ᠶᠢᠨ ᠰᠡᠵᠢᠭ ᠢ ᠠᠯᠳᠠᠷᠠᠭᠠᠭᠰᠠᠨ ᠢᠶᠠᠷ ᠪᠠᠷᠠᠬᠤ ᠦᠭᠡᠢ ᠨᠠᠩ ᠴᠤ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ

 ᠶᠢᠨ ᠭᠠᠷᠳᠠᠮ ᠢ ᠤᠷᠢᠳᠴᠢᠯᠠᠨ ᠬᠢᠨᠠᠵᠤ᠂ ᠵᠠᠷᠤᠳᠠᠯ ᠪᠠ ᠴᠠᠭ ᠢ ᠠᠷᠪᠢᠯᠠᠵᠤ᠂ ᠲᠥᠷᠥᠯ ᠵᠦᠢᠯ ᠢ ᠲᠦᠷᠭᠡᠳᠬᠡᠨ

ᠨᠠᠶᠢᠳᠠᠪᠤᠷᠢᠵᠢᠭᠤᠯᠵᠤ ᠪᠦᠲᠦᠭᠡᠨ ᠪᠠᠶᠢᠭᠤᠯᠬᠤ ᠶᠢ ᠠᠬᠢᠭᠤᠯᠵᠠᠢ︾᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ

ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ

ᠵᠥᠪᠯᠡᠯ ᠤᠨ ︽ᠡᠭᠦᠳᠡᠨ ᠳᠤᠨᠢ ᠬᠦᠷᠴᠦ ᠦᠢᠯᠡᠴᠢᠯᠡᠬᠦ︾ ᠶᠠᠷᠢᠯᠴᠠᠬᠤ ᠬᠤᠷᠠᠯ ᠳᠤ ᠣᠷᠣᠯᠴᠠᠬᠰᠠᠨ ᠨᠢᠭᠡ ᠠᠵᠤ

ᠠᠬᠤᠶᠢᠯᠠᠯ ᠤᠨ ᠬᠠᠷᠢᠭᠤᠴᠠᠯᠭᠠᠲᠠᠨ ᠡᠶᠢᠨ ᠬᠦ ᠬᠡᠯᠡᠪᠡ᠃

     ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ

ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠭᠤᠣᠯᠳᠠᠭᠤ ᠵᠠᠬ᠎ᠠ ᠳᠡᠯᠭᠡᠭᠦᠷ ᠤᠨ ᠪᠡᠯᠡ ᠣᠷᠣᠭᠤᠯᠤᠯᠲᠠ ᠶᠢᠨ

ᠭᠤᠣᠯ ᠴᠣᠭᠴᠠ ᠶᠢ ᠨᠠᠶᠢᠳᠠᠪᠤᠷᠢᠵᠢᠭᠤᠯᠬᠤ ᠠᠴᠠ ᠡᠮᠦᠨᠡᠬᠢ ᠡᠨᠧᠷᠭᠢ ᠬᠡᠷᠡᠭᠯᠡᠬᠦ ᠴᠢᠬᠤᠯᠠ ᠡᠯᠧᠮᠧᠨ᠋ᠲ ᠢ ᠪᠠᠲᠤᠯᠠᠬᠤ

ᠵᠦᠢᠯᠡᠰ ᠤᠨ ᠲᠣᠭᠤᠷᠢᠨ ᠳᠤ᠂ ︽ᠲᠦᠷᠭᠡᠨ ᠲᠥᠰᠥᠪᠯᠡᠬᠦ᠂ ᠲᠦᠷᠭᠡᠨ ᠬᠥᠳᠡᠯᠦᠯᠴᠡᠬᠦ᠂ ᠲᠦᠷᠭᠡᠨ ᠨᠠᠶᠢᠳᠠᠪᠤᠷᠢᠵᠢᠭᠤᠯᠬᠤ︾

 ᠳᠤ ᠠᠩᠬᠠᠷᠤᠯ ᠢᠶᠠᠨ ᠲᠥᠪᠯᠡᠷᠡᠭᠦᠯᠦᠨ᠂ ︽ᠬᠢᠨᠠᠨ ᠵᠥᠪᠰᠢᠶᠡᠷᠡᠬᠦ ᠪᠠᠷ ᠬᠦᠯᠢᠶᠡᠬᠦ︾ ᠶᠢ ︽ᠡᠭᠦᠳᠡᠨ ᠳᠤᠨᠢ ᠬᠦᠷᠴᠦ

ᠦᠢᠯᠡᠴᠢᠯᠡᠬᠦ︾ ᠪᠣᠯᠭᠠᠨ ᠬᠤᠪᠢᠷᠠᠭᠤᠯᠵᠤ᠂ ᠰᠠᠨᠠᠭᠠᠴᠢᠯᠠᠭ᠎ᠠ ᠠᠴᠠ ᠪᠠᠨ ᠲᠥᠷᠥᠯ ᠵᠦᠢᠯ ᠤᠨ ᠪᠡᠯᠡ

ᠣᠷᠣᠭᠤᠯᠤᠯᠲᠠ ᠶᠢᠨ ᠪᠠᠶᠢᠭ᠎ᠠ ᠭᠠᠵᠠᠷ ᠤᠨ ᠡᠮᠦᠨ᠎ᠡ ᠹᠷᠣᠨᠲ ᠲᠤ ᠭᠦᠨᠵᠡᠭᠡᠶᠢᠷᠡᠨ᠂ ᠴᠢᠬᠤᠯᠠ ᠶᠡᠭᠡ ᠲᠥᠷᠥᠯ

ᠵᠦᠢᠯ ᠳᠤ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠠᠵᠢᠯ ᠤᠨ ᠡᠮᠦᠨᠡᠬᠢ ︽ᠡᠭᠦᠳᠡᠨ ᠳᠤᠨᠢ ᠬᠦᠷᠴᠦ

ᠦᠢᠯᠡᠴᠢᠯᠡᠬᠦ︾ ᠠᠵᠢᠯ ᠢ ᠥᠷᠨᠢᠭᠦᠯᠵᠦ᠂ ᠬᠦᠴᠢᠷ ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠵᠦ᠂ ᠴᠢᠬᠤᠯᠠ

ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠠᠰ ᠳᠡᠪᠰᠢᠬᠦ ᠶᠢ ᠲᠦᠷᠭᠡᠳᠬᠡᠪᠡ᠃

     ᠭᠤᠣᠯ ᠰᠡᠳᠦᠪᠲᠦ ᠬᠥᠮᠦᠵᠢᠯ ᠤᠨ ︽ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ︾ ᠱᠠᠭᠠᠷᠳᠠᠯᠭ᠎ᠠ

ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︽ᠲᠣᠭᠲᠠᠮᠠᠯ

ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ

ᠠᠵᠢᠯ ᠤᠨ ᠡᠮᠦᠨᠡᠬᠢ ᠳᠤᠮᠳᠠᠬᠢ ᠪᠠ ᠳᠠᠷᠠᠭᠠᠬᠢ ᠦᠢᠯᠡᠴᠢᠯᠡᠭᠡ ᠬᠢᠭᠡᠳ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ

ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠨᠢᠭᠡᠨᠲᠡ ᠭᠡᠷ᠎ᠡ ᠲᠣᠭᠲᠠᠭᠰᠠᠨ ᠴᠢᠬᠤᠯᠠ ᠶᠡᠭᠡ ᠲᠥᠷᠥᠯ ᠵᠦᠢᠯ ᠳᠤ

ᠠᠵᠢᠯ ᠤᠨ ᠡᠮᠦᠨᠡᠬᠢ ︽ᠡᠭᠦᠳᠡᠨ ᠳᠤᠨᠢ ᠬᠦᠷᠴᠦ ᠦᠢᠯᠡᠴᠢᠯᠡᠬᠦ︾ ᠶᠢ ᠥᠷᠨᠢᠭᠦᠯᠵᠦ᠂ ᠡᠮᠦᠨ᠎ᠡ ᠹᠷᠣᠨᠲ ᠲᠤ

ᠭᠦᠨᠵᠡᠭᠡᠶᠢᠷᠡᠨ ᠲᠤᠬᠠᠢ ᠶᠢᠨ ᠲᠠᠯᠠᠪᠠᠶ ᠳᠤ ᠠᠯᠪᠠᠯᠠᠵᠤ ᠬᠦᠴᠢᠷ ᠠᠰᠠᠭᠤᠳᠠᠯ ᠢ ᠰᠢᠢᠳᠪᠦᠷᠢᠯᠡᠬᠦ᠂ ᠰᠡᠵᠢᠭ ᠢ

ᠠᠯᠳᠠᠷᠠᠭᠠᠵᠤ ᠲᠥᠭᠡᠷᠢᠭᠳᠡᠯ ᠢ ᠲᠠᠶᠢᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠭᠡᠷ᠎ᠡ ᠲᠣᠭᠲᠠᠭᠰᠠᠨ ᠲᠥᠷᠥᠯ

ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠡᠭᠦᠨ ᠤ ᠬᠠᠮᠲᠤ᠂ ᠦᠢᠯᠡᠴᠢᠯᠡᠬᠦ ᠪᠠ ᠬᠢᠨᠠᠨ

ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠢ ᠬᠠᠪᠰᠤᠷᠤᠨ ᠡᠨᠧᠷᠭᠢ

ᠠᠷᠪᠢᠯᠠᠬᠤ ᠳᠠᠯᠳᠠ ᠬᠦᠴᠦᠨ ᠢ ᠠᠭᠤᠳᠠᠯᠵᠤ᠂ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠵᠦ᠂ ᠴᠢᠨᠠᠷ ᠰᠠᠶᠢᠲᠠᠢ

ᠬᠥᠭᠵᠢᠯᠲᠡ ᠶᠢᠨ ᠵᠦᠢ ᠵᠣᠬᠢᠰᠲᠠᠢ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠪᠠᠲᠤᠯᠠᠵᠤ᠂ ᠠᠵᠤ

ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠤᠨ᠎ᠠ ᠭᠡᠵᠦ

ᠳᠤᠷᠠᠳᠪᠠ᠃

     ︽ᠮᠡᠳᠡᠭᠳᠡᠯ︾ ᠤᠨ ᠲᠣᠬᠢᠷᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ

ᠥᠭᠡᠷᠡᠴᠢᠯᠡᠯᠲᠡ ᠶᠢᠨ ᠵᠥᠪᠯᠡᠯ ᠡᠯ᠎ᠡ ᠠᠶᠢᠮᠠᠭ ᠬᠤᠲᠠ ᠶᠢᠨ ︽ᠡᠭᠦᠳᠡᠨ ᠳᠤᠨᠢ ᠬᠦᠷᠴᠦ ᠦᠢᠯᠡᠴᠢᠯᠡᠬᠦ︾ ᠴᠢᠬᠤᠯᠠᠲᠠᠢ

ᠴᠢᠬᠤᠯᠠ ᠶᠡᠭᠡ ᠲᠥᠷᠥᠯ ᠵᠦᠢᠯ ᠤᠨ ᠨᠠᠷᠢᠨ ᠲᠠᠩᠰᠠ ᠶᠢ ᠡᠮᠬᠢᠯᠡᠨ ᠳᠢᠭᠯᠡᠵᠦ᠂ ᠡᠨᠧᠷᠭᠢ ᠠᠷᠪᠢᠯᠠᠬᠤ ᠶᠢ ᠬᠢᠨᠠᠨ

ᠪᠠᠶᠢᠴᠠᠭᠠᠬᠤ ᠲᠥᠷᠥ ᠶᠢᠨ ᠪᠣᠳᠣᠯᠭ᠎ᠠ ᠶᠢ  ᠰᠠᠶᠢᠨ ᠮᠡᠳᠡᠳᠡᠭ  ᠲᠤᠷᠰᠢᠯᠭ᠎ᠠ ᠲᠠᠢ ᠠᠵᠢᠯᠲᠠᠨ ᠵᠢᠴᠢ ᠲᠤᠰᠬᠠᠢ

ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠣᠷᠳᠣᠰ ᠬᠤᠲᠠ᠂ ᠦᠬᠠᠢ ᠬᠤᠲᠠ᠂ ᠪᠠᠶᠠᠨᠨᠠᠭᠤᠷ ᠬᠤᠲᠠ ᠳᠤ ᠬᠦᠷᠴᠦ᠂

ᠪᠡᠭᠡᠵᠢᠩ ᠲᠢᠶᠠᠨᠵᠢᠨ ᠾᠧᠪᠧᠢ᠂ ᠬᠥᠬᠡ ᠮᠥᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠠᠷᠠᠯᠵᠢᠶᠠᠴᠢᠨ

ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠪᠠ ᠳᠡᠯᠡᠬᠡᠢ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ

ᠶᠡᠭᠡ ᠬᠤᠷᠠᠯ᠂ 2023 ᠣᠨ ᠤ ᠳᠤᠮᠳᠠᠳᠤ ᠤᠯᠤᠰ ᠤᠨ ᠠᠵᠤ ᠦᠢᠯᠡᠰ ᠤᠨ ᠰᠢᠯᠵᠢᠯᠲᠡ ᠶᠢᠨ ᠬᠥᠭᠵᠢᠯᠲᠡ ᠶᠢ

ᠵᠣᠯᠭᠠᠭᠤᠯᠬᠤ ᠠᠵᠢᠯᠯᠠᠭ᠎ᠠ ︵ᠥᠪᠥᠷ ᠮᠣᠩᠭᠤᠯ︶ ᠳᠡᠭᠡᠷ᠎ᠡ ᠨᠢᠭᠡᠨᠲᠡ ᠭᠡᠷ᠎ᠡ ᠲᠣᠭᠲᠠᠭᠰᠠᠨ ᠴᠢᠬᠤᠯᠠ ᠶᠡᠭᠡ ᠲᠥᠷᠥᠯ

ᠵᠦᠢᠯ ᠳᠤ ᠬᠠᠨᠳᠤᠭᠤᠯᠤᠨ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠠᠴᠠ ᠡᠮᠦᠨ᠎ᠡ ︽ᠡᠭᠦᠳᠡᠨ ᠳᠤᠨᠢ ᠬᠦᠷᠴᠦ

ᠦᠢᠯᠡᠴᠢᠯᠡᠬᠦ︾ ᠠᠵᠢᠯᠯᠠᠭ᠎ᠠ ᠥᠷᠨᠢᠭᠦᠯᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠠᠪᠤᠴᠠ ᠳᠠᠬᠢ ᠠᠵᠤ

ᠦᠢᠯᠡᠰ ᠤᠨ ᠲᠥᠷᠥ ᠶᠢᠨ ᠪᠣᠳᠣᠯᠭ᠎ᠠ ᠪᠤᠶᠤ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢᠨ ᠭᠠᠷᠳᠠᠮ ᠢ

ᠭᠦᠢᠴᠡᠳᠬᠡᠬᠦ ᠵᠡᠷᠭᠡ ᠲᠠᠯ᠎ᠠ ᠪᠠᠷ ᠬᠢ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠨᠢᠭᠤᠷᠳᠠᠨ ᠰᠣᠨᠣᠰᠴᠤ᠂

ᠲᠤᠬᠠᠢ ᠶᠢᠨ ᠭᠠᠵᠠᠷ ᠲᠤᠨᠢ ᠠᠵᠢᠯᠯᠠᠵᠤ᠂ ᠠᠵᠤ ᠠᠬᠤᠶᠢᠯᠠᠯ ᠤᠨ ᠰᠡᠵᠢᠭ ᠢ ᠠᠯᠳᠠᠷᠠᠭᠠᠵᠤ᠂ ᠦᠢᠯᠡᠴᠢᠯᠡᠭᠡᠨ ᠤ

ᠠᠵᠢᠯ ᠢ ᠦᠨᠡᠨ ᠬᠦ ᠰᠠᠶᠢᠲᠤᠷ ᠬᠢᠪᠡ᠃

     ᠪᠦᠷᠢᠳᠬᠡᠯ ᠢ ᠦᠨᠳᠦᠰᠦᠯᠡᠪᠡᠯ᠂ ᠲᠣᠰ ᠤᠳᠠᠭ᠎ᠠ 13 ᠠᠵᠤ ᠠᠬᠤᠶᠢᠯᠠᠯ ᠤᠨ ᠡᠭᠦᠳᠡᠨ ᠳᠤᠨᠢ ᠬᠦᠷᠴᠦ

ᠦᠢᠯᠡᠴᠢᠯᠡᠵᠦ᠂ ᠬᠤᠯᠪᠣᠭᠳᠠᠭᠰᠠᠨ ᠶᠡᠷᠦᠩᠬᠡᠢ ᠪᠡᠯᠡ ᠣᠷᠣᠭᠤᠯᠤᠯᠲᠠ ᠨᠢ 2015.39 ᠳ᠋ᠦᠩᠰᠢᠭᠤᠷ

ᠲᠥᠭᠦᠷᠢᠭ ᠲᠤ ᠬᠦᠷᠴᠦ᠂ ᠲᠤᠬᠠᠢ ᠶᠢᠨ ᠲᠠᠯᠠᠪᠠᠶ ᠳᠤ ᠮᠠᠲᠠᠭ ᠲᠠᠢ ᠠᠰᠠᠭᠤᠳᠠᠯ ᠢ 18 ᠰᠢᠢᠳᠪᠦᠷᠢᠯᠡᠵᠦ᠂

ᠡᠨᠧᠷᠭᠢ ᠶᠢᠨ ᠬᠤᠷᠣᠭᠳᠠᠯ ᠤᠨ ᠭᠦᠢᠴᠡᠳᠬᠡᠯ ᠲᠤᠭ᠎ᠠ ᠶᠢ ᠨᠠᠶᠢᠳᠠᠪᠤᠷᠢᠵᠢᠭᠤᠯᠬᠤ᠂ ᠡᠨᠧᠷᠭᠢ ᠶᠢᠨ ᠬᠤᠷᠣᠭᠳᠠᠯ ᠢ ᠠᠰ

 ᠲᠤᠨᠢ ᠭᠤᠶᠤᠴᠢᠯᠠᠬᠤ᠂ ᠰᠢᠨ᠎ᠡ ᠡᠨᠧᠷᠭᠢ ᠶᠢ ᠬᠠᠷᠭᠤᠭᠤᠯᠤᠨ ᠬᠠᠰᠤᠬᠤ ᠵᠡᠷᠭᠡ ᠠᠰᠠᠭᠤᠳᠠᠯ ᠢ ᠬᠠᠮᠤᠷᠴᠠᠢ᠃

ᠰᠢᠢᠳᠪᠦᠷᠢᠯᠡᠵᠦ ᠳᠡᠶᠢᠯᠭᠦ ᠠᠰᠠᠭᠤᠳᠠᠯ ᠢ ᠲᠡᠷᠡ ᠳᠠᠷᠤᠢ ᠳᠤᠨᠢ ᠰᠢᠢᠳᠪᠦᠷᠢᠯᠡᠵᠦ᠂ ᠲᠦᠷ ᠰᠢᠢᠳᠪᠦᠷᠢᠯᠡᠵᠦ ᠳᠡᠶᠢᠯᠭᠦ

ᠦᠭᠡᠢ ᠠᠰᠠᠭᠤᠳᠠᠯ ᠳᠤ ᠲᠦᠷᠦ ᠶᠢᠨ ᠪᠣᠳᠣᠯᠭ᠎ᠠ ᠶᠢ ᠲᠣᠳᠣᠷᠬᠠᠶᠢᠯᠠᠨ᠂ ᠪᠠᠶᠢᠳᠠᠯ ᠢ ᠲᠠᠶᠢᠯᠪᠤᠷᠢᠯᠠᠵᠤ᠂ ᠲᠦᠷᠦᠯ

ᠵᠦᠢᠯ ᠢ ᠨᠠᠶᠢᠳᠠᠪᠤᠷᠢᠵᠢᠭᠤᠯᠬᠤ ︽ᠬᠤᠷᠳᠤᠴᠠ︾᠂ ︽ᠡᠷᠴᠢᠮ︾ ᠢᠶᠠᠷ ᠭᠠᠵᠠᠷ ᠣᠷᠣᠨ ᠤ ᠬᠥᠭᠵᠢᠯᠲᠡ ᠶᠢᠨ ᠰᠢᠨ᠎ᠡ

︽ᠥᠨᠳᠥᠷᠴᠡ︾ ᠳᠤ ᠬᠦᠷᠭᠡᠪᠡ᠃

 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号