ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ 8 ᠰᠠᠷ᠎ᠠ | ᠶᠢᠨ 16 ᠤ ᠡᠳᠦᠷ ᠤᠨ ᠬᠤᠷᠠᠯᠳᠤᠭᠤᠯᠤᠭᠰᠠᠨ ︽ᠬᠤᠶᠠᠷ ᠶᠡᠭᠡ ᠶᠠᠪᠤᠳᠠᠯ ᠢᠶᠠᠷ ᠭᠤᠣᠯ ᠭᠠᠷᠳᠠᠴᠠ ᠪᠤᠯᠭᠠᠵᠤ ᠥᠪᠥᠷ | ᠮᠣᠩᠭᠤᠯ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ︾ ᠭᠤᠣᠯ ᠰᠡᠳᠦᠪᠲᠦ ᠰᠣᠨᠢᠨ ᠮᠡᠳᠡᠭᠡ | ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠤᠨ ︽ᠲᠠᠪᠤᠨ ᠶᠡᠭᠡ ᠡᠭᠦᠷᠭᠡ︾ ᠳᠤ ᠦᠢᠯᠡᠴᠢᠯᠡᠬᠦ ᠴᠢᠳᠠᠪᠤᠷᠢ ᠶᠢ ᠦᠷᠭᠦᠯᠵᠢᠯᠡᠨ | ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ | ᠴᠢᠳᠠᠪᠤᠷᠢᠲᠠᠨ ᠤ ᠲᠤᠯᠭᠠᠭᠤᠷᠢᠯᠠᠯ ᠪᠠ ᠣᠶᠤᠨ ᠤ ᠳᠡᠮᠵᠢᠯᠭᠡ ᠬᠠᠩᠭᠠᠪᠠ᠃ | ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠨᠢᠭᠡ ᠰᠤᠷᠭᠠᠭᠤᠯᠢ ᠨᠢᠭᠡ | ᠵᠦᠢᠯ ᠤᠨ ᠠᠷᠭ᠎ᠠ ᠪᠣᠳᠣᠯᠭ᠎ᠠ ᠪᠠᠷ ᠶᠡᠭᠡ ᠳᠡᠭᠡᠳᠦ ᠰᠤᠷᠭᠠᠭᠤᠯᠢ ᠶᠢᠨ ᠲᠠᠰ ᠳᠡᠪᠰᠢᠬᠦ ᠶᠢ ᠠᠬᠢᠭᠤᠯᠵᠤ᠂ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠤᠨ ᠰᠢᠨᠵᠢᠯᠡᠭᠡᠨ ᠤ ᠰᠠᠯᠠᠭ᠎ᠠ ᠲᠤᠰᠬᠠᠢ ᠮᠡᠷᠭᠡᠵᠢᠯ ᠤᠨ ᠰᠢᠰᠲ᠋ᠧᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠨᠵᠢᠯᠡᠭᠡᠨ ᠤ ᠰᠠᠯᠠᠭ᠎ᠠ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ | ᠬᠢᠭᠡᠳ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠶᠢᠨ ᠬᠠᠷᠢᠯᠴᠠᠨ | ᠵᠣᠬᠢᠴᠠᠯᠳᠤᠬᠤ ᠪᠠ ᠬᠠᠷᠢᠯᠴᠠᠨ ᠠᠬᠢᠭᠤᠯᠬᠤ ᠶᠢ ᠭᠦᠨᠵᠡᠭᠡᠶᠢᠷᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠰᠢᠨ᠎ᠡ | ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠭᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠭᠤᠣᠯᠳᠠᠯᠭ᠎ᠠ ᠲᠠᠢ | ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ ᠴᠢᠳᠠᠪᠤᠷᠢᠲᠠᠨ ᠬᠥᠮᠥᠵᠢᠭᠦᠯᠬᠦ ᠶᠢ ᠬᠥᠲᠥᠯᠥᠨ ᠵᠢᠯᠣᠭᠤᠳᠪᠠ᠃ | ᠰᠢᠨ᠎ᠡ ᠨᠢᠭᠡᠨ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ︽ᠲᠡᠷᠢᠭᠦᠨ ᠵᠡᠷᠭᠡ ᠶᠢᠨ ᠰᠢᠨᠵᠢᠯᠡᠭᠡᠨ ᠤ ᠰᠠᠯᠠᠭ᠎ᠠ︾ | ᠶᠢᠨ ᠪᠠᠶᠢᠭᠤᠯᠤᠯᠲᠠ ᠶᠢ ᠠᠬᠢᠭᠤᠯᠵᠤ᠂ ᠬᠤᠣᠰ ᠲᠡᠷᠢᠭᠦᠨ ᠵᠡᠷᠭᠡ ᠶᠢᠨ ᠰᠢᠨᠵᠢᠯᠡᠭᠡᠨ ᠤ ᠰᠠᠯᠠᠭ᠎ᠠ᠂ 19 ᠲᠡᠷᠢᠭᠦᠨ | ᠵᠡᠷᠭᠡ ᠶᠢᠨ ᠣᠷᠣᠶᠢᠯᠠᠭᠰᠠᠨ ᠴᠢᠳᠠᠪᠤᠷᠢᠲᠠᠨ ᠢ ᠬᠥᠮᠥᠵᠢᠭᠦᠯᠬᠦ ᠰᠢᠨᠵᠢᠯᠡᠭᠡᠨ ᠤ ᠰᠠᠯᠠᠭ᠎ᠠ᠂ 14 ᠲᠡᠷᠢᠭᠦᠨ ᠵᠡᠷᠭᠡ ᠶᠢᠨ | ᠪᠦᠲᠦᠭᠡᠨ ᠪᠠᠶᠢᠭᠤᠯᠤᠯᠲᠠ ᠶᠢᠨ ᠰᠢᠨᠵᠢᠯᠡᠭᠡᠨ ᠤ ᠰᠠᠯᠠᠭ᠎ᠠ ᠶᠢ ᠭᠤᠣᠯᠳᠠᠯᠭ᠎ᠠ ᠲᠠᠢ ᠪᠠᠶᠢᠭᠤᠯᠵᠤ ᠪᠤᠢ᠃ ᠶᠡᠭᠡ ᠳᠡᠭᠡᠳᠦ | ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ 8 ᠶᠡᠭᠡ ᠠᠵᠤ | ᠦᠢᠯᠡᠰ ᠤᠨ ᠪᠦᠯᠦᠭᠵᠢᠯ ᠪᠣᠯᠣᠨ 16 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ ᠵᠣᠬᠢᠴᠠᠭᠰᠠᠨ ᠶᠡᠭᠡ | ᠳᠡᠭᠡᠳᠦ ᠰᠤᠷᠭᠠᠭᠤᠯᠢ ᠶᠢᠨ ᠢᠨᠵᠧᠨᠧᠷᠢᠩ ᠤᠨ ᠰᠤᠳᠤᠯᠭᠠᠨ ᠤ ᠲᠥᠪ᠂ ᠰᠤᠷᠭᠠᠭᠤᠯᠢ ᠠᠵᠤ ᠠᠬᠤᠶᠢᠯᠠᠯ | ᠬᠠᠮᠲᠤᠷᠠᠭᠰᠠᠨ ᠲᠤᠷᠰᠢᠯᠲᠠ ᠶᠢᠨ ᠲᠠᠰᠤᠭ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠬᠤᠯᠪᠣᠭᠠᠲᠤ ᠴᠣᠭᠴᠠ ᠶᠢ ᠪᠠᠶᠢᠷᠢᠰᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠬᠢᠭᠡᠳ ᠮᠡᠳᠡᠯᠭᠡ ᠶᠢᠨ ᠥᠮᠴᠢᠯᠡᠯ ᠤᠨ ᠡᠷᠬᠡ ᠶᠢᠨ | ᠡᠵᠡᠩᠨᠡᠯᠲᠡ ᠶᠢᠨ ᠬᠤᠯᠪᠤᠭ᠎ᠠ ᠶᠢ ᠪᠠᠶᠢᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠠᠭᠠᠭᠤᠯᠤᠭᠴᠢ | ᠦᠢᠯᠡᠳᠦᠯ ᠢ ᠭᠦᠢᠴᠡᠳ ᠪᠠᠳᠠᠷᠠᠭᠤᠯᠪᠠ᠃ | ᠰᠠᠭᠤᠷᠢ ᠰᠤᠷᠭᠠᠨ ᠬᠥᠮᠦᠵᠢᠯ ᠤᠨ ᠲᠠᠯ᠎ᠠ ᠪᠠᠷ᠂ ᠪᠦᠭᠦ ᠣᠷᠣᠨ ᠤ ᠬᠡᠦᠬᠡᠳ ᠤᠨ ᠴᠡᠴᠡᠷᠯᠢᠭ᠂ ᠳᠤᠮᠳᠠᠳᠤ | ᠪᠠᠭ᠎ᠠ ᠰᠤᠷᠭᠠᠭᠤᠯᠢ ᠪᠣᠯᠣᠨ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠠ | ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ 687 ᠲᠦᠷᠦᠯ ᠵᠦᠢᠯ ᠢ | ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ ᠪᠤᠢ᠃ ᠣᠳᠣ᠂ ᠪᠦᠭᠦ ᠣᠷᠣᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠢ | ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ 88.06% ᠳᠤ ᠬᠦᠷᠴᠦ᠂ ᠰᠤᠷᠭᠠᠭᠤᠯᠢ ᠶᠢᠨ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠴᠡᠴᠡᠷᠯᠢᠭ ᠲᠤ ᠣᠷᠣᠭᠰᠠᠨ ᠨᠣᠷᠮ᠎ᠠ 95.0% ᠳᠤ ᠬᠦᠷᠴᠦ᠂ 9 | ᠬᠤᠰᠢᠭᠤ ᠰᠢᠶᠠᠨ ︵ᠬᠤᠲᠠ᠂ ᠲᠣᠭᠤᠷᠢᠭ︶ ᠤᠯᠤᠰ ᠤᠨ ᠰᠢᠶᠠᠨ ᠤ ᠬᠡᠪᠴᠢᠶᠡᠨ ᠤ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠤᠨ ᠦᠨᠡᠯᠡᠨ ᠵᠢᠱᠢᠯᠲᠡ ᠳᠤ ᠬᠢᠷᠢ | ᠲᠡᠩᠴᠡᠪᠡ᠃ ᠬᠤᠰᠢᠭᠤ ᠰᠢᠶᠠᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ | ᠡᠷᠭᠢᠯᠡᠭᠦ ᠨᠥᠬᠦᠴᠡᠯ ᠢ ᠰᠠᠶᠢᠵᠢᠷᠠᠭᠤᠯᠬᠤ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠰᠢᠶᠠᠨ ᠤ | ᠬᠡᠪᠴᠢᠶᠡᠨ ᠤ ᠲᠥᠯᠥᠪᠵᠢᠭᠦᠯᠦᠨ ᠪᠠᠶᠢᠷᠢᠯᠠᠭᠤᠯᠬᠤ᠂ ᠵᠠᠷᠤᠳᠠᠯ ᠤᠨ ᠣᠷᠣᠭᠤᠯᠤᠯᠲᠠ᠂ ᠪᠦᠲᠦᠭᠡᠨ ᠪᠠᠶᠢᠭᠤᠯᠵᠤ | ᠠᠵᠢᠯᠯᠠᠭᠤᠯᠬᠤ᠂ ᠬᠥᠭᠵᠢᠭᠦᠯᠵᠦ ᠳᠡᠭᠡᠭᠰᠢᠯᠡᠭᠦᠯᠭᠦ ᠲᠠᠯ᠎ᠠ ᠪᠠᠷ ᠣᠷᠣᠰᠢᠵᠤ ᠪᠠᠶᠢᠭ᠎ᠠ ᠳᠤᠲᠠᠭᠤᠳᠠᠯ ᠢ ᠬᠦᠴᠦᠯᠡᠨ | ᠰᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠭᠦ ᠴᠢᠨᠠᠷᠲᠠᠢ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ᠂ ᠰᠢᠶᠠᠨ ᠤ ᠬᠡᠪᠴᠢᠶᠡᠨ ᠤ ᠴᠢᠨᠠᠷ ᠰᠠᠶᠢᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ | ᠣᠨᠴᠠᠯᠢᠭᠲᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠦᠨᠡᠯᠡᠨ ᠵᠢᠱᠢᠵᠦ ᠡᠭᠦᠳᠦᠨ ᠪᠠᠶᠢᠭᠤᠯᠬᠤ ᠠᠵᠢᠯ ᠢ | ᠡᠬᠢᠯᠡᠭᠦᠯᠵᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠶᠠᠰᠤ ᠴᠢᠨᠠᠷ ᠢ | ᠪᠦᠬᠦᠯᠢ ᠴᠣᠭᠴᠠ ᠪᠠᠷ ᠨᠢ ᠳᠡᠭᠡᠭᠰᠢᠯᠡᠭᠦᠯᠪᠡ᠃ | | |