2023 ᠣᠨ ᠤ 9 ᠳ᠋ᠦ᠋ᠭᠡᠷ ᠰᠠᠷ᠎ᠠ ᠶᠢᠨ ᠪᠦᠬᠦᠯᠢ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠥᠨᠳᠥᠷ ᠨᠠᠰᠤᠨ ᠤ ᠨᠡᠮᠡᠭᠦᠷᠢ ᠶᠢ ᠣᠯᠭᠤᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/8/23
ᠦᠴᠦᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ᠄      ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠵᠡᠷᠭᠡ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠬᠤ ᠪᠠᠷᠢᠮᠵᠢᠶ᠎ᠠ᠂ ᠠᠵᠢᠯ ᠦᠢᠯᠡᠰ ᠤᠨ ᠨᠢᠭᠡᠴᠡ ᠶᠢᠨ ᠲᠥᠪᠯᠡᠷᠡᠭᠦᠯᠦᠨ ᠡᠷᠭᠦᠨ ᠲᠡᠵᠢᠭᠡᠭᠰᠡᠨ ᠬᠥᠮᠥᠰ ᠤᠨ ᠠᠮᠢᠳᠤᠷᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠪᠠ 80 ᠨᠠᠰᠤᠨ ᠠᠴᠠ ᠳᠡᠭᠡᠭᠰᠢᠬᠢ ᠣᠷᠣᠯᠭ᠎ᠠ ᠪᠠᠭᠠᠲᠠᠢ ᠨᠠᠰᠤᠲᠠᠶᠢᠴᠤᠳ ᠲᠤ ᠥᠨᠳᠥᠷ ᠨᠠᠰᠤᠨ ᠤ ᠨᠡᠮᠡᠭᠦᠷᠢ ᠣᠯᠭᠤᠬᠤ ᠲᠤᠬᠠᠢ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2012﹈ 18 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠮᠠᠨ ᠤ ᠰᠢᠶᠠᠩ ᠤᠨ 2023 ᠣᠨ ᠤ 9 ᠳ᠋ᠦ᠋ᠭᠡᠷ ᠰᠠᠷ᠎ᠠ ᠶᠢᠨ ᠥᠨᠳᠥᠷ ᠨᠠᠰᠤᠨ ᠤ ᠨᠡᠮᠡᠭᠦᠷᠢ ᠶᠢᠨ ᠲᠥᠷᠥ ᠶᠢᠨ ᠪᠣᠳᠣᠯᠭ᠎ᠠ ᠳᠤ ᠨᠡᠶᠢᠴᠡᠬᠦ ᠪᠦᠬᠦᠯᠢ 80 ᠨᠠᠰᠤᠨ ᠠᠴᠠ ᠳᠡᠭᠡᠭᠰᠢᠬᠢ ᠨᠠᠰᠤᠲᠠᠨ 305 ᠬᠥᠮᠥᠨ᠂ ᠬᠥᠮᠥᠨ ᠪᠦᠷᠢ ᠰᠠᠷ᠎ᠠ ᠳᠤ 100 ᠲᠥᠭᠦᠷᠢᠭ᠂ ᠨᠡᠶᠢᠲᠡ 3.05 ᠲᠦᠮᠡᠨ ᠲᠥᠭᠦᠷᠢᠭ︔ ᠲᠦᠭᠡᠮᠡᠯ ᠬᠠᠷᠠᠭᠠᠯᠵᠠᠯ ᠤᠨ ᠳᠦᠷᠢᠮᠲᠦ ᠥᠨᠳᠥᠷ ᠨᠠᠰᠤᠨ ᠤ ᠨᠡᠮᠡᠭᠦᠷᠢ ᠶᠢᠨ ᠲᠥᠷᠥ ᠶᠢᠨ ᠪᠣᠳᠣᠯᠭ᠎ᠠ ᠳᠤ ᠨᠡᠶᠢᠴᠡᠬᠦ ᠪᠦᠬᠦᠯᠢ 80 ᠨᠠᠰᠤᠨ ᠠᠴᠠ ᠳᠡᠭᠡᠭᠰᠢᠬᠢ ᠨᠠᠰᠤᠲᠠᠨ 3 ᠬᠥᠮᠥᠨ᠂ ᠬᠥᠮᠥᠨ ᠪᠦᠷᠢ ᠰᠠᠷ᠎ᠠ ᠳᠤ 100 ᠲᠥᠭᠦᠷᠢᠭ᠂ ᠨᠡᠶᠢᠲᠡ 300 ᠲᠥᠭᠦᠷᠢᠭ᠂  ᠪᠦᠭᠦᠳᠡ 3.08 ᠲᠦᠮᠡᠨ ᠲᠥᠭᠦᠷᠢᠭ ᠢ ᠲᠠᠨ ᠳᠤ ᠰᠢᠯᠵᠢᠭᠦᠯᠦᠨ ᠥᠭᠭᠦᠨ᠎ᠡ᠃ ᠥᠨᠳᠥᠷ ᠨᠠᠰᠤᠲᠠᠢ ᠨᠠᠰᠤᠲᠠᠶᠢᠴᠤᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠡᠳ᠋ ᠤᠨ ᠵᠠᠰᠠᠭ ᠤᠨ ᠲᠣᠪᠴᠢᠶ᠎ᠠ ᠮᠡᠳᠡᠭᠳᠡᠯ ᠢ ᠣᠯᠣᠭᠰᠠᠨ ᠤ ᠳᠠᠷᠠᠭ᠎ᠠ᠂ ᠭᠠᠷᠳᠠᠮ ᠢ ᠪᠦᠷᠢᠨᠰᠢᠭᠦᠯᠵᠦ᠂ ᠴᠠᠭ ᠲᠤᠬᠠᠢ ᠳᠤᠨᠢ ᠲᠦᠭᠡᠭᠡᠨ ᠳᠠᠭᠤᠰᠤᠭᠠᠷᠠᠢ᠃      ᠳᠠᠭᠠᠯᠳᠤᠭᠤᠯᠤᠯ᠄ 1. ᠬᠤᠭᠤᠯᠠᠢ ᠠᠭᠤᠯᠠ ᠰᠢᠶᠠᠩ ᠤᠨ 2023 ᠣᠨ ᠤ 9 ᠳ᠋ᠦ᠋ᠭᠡᠷ ᠰᠠᠷ᠎ᠠ ᠶᠢᠨ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠥᠨᠳᠥᠷ ᠨᠠᠰᠤᠨ ᠤ ᠨᠡᠮᠡᠭᠦᠷᠢ ᠣᠯᠭᠤᠬᠤ ᠬᠥᠮᠥᠰ ᠤᠨ ᠬᠤᠷᠢᠶᠠᠩᠭᠤᠢ ᠬᠦᠰᠦᠨᠦᠭᠲᠦ                     2. ᠬᠤᠭᠤᠯᠠᠢ ᠠᠭᠤᠯᠠ ᠰᠢᠶᠠᠩ ᠤᠨ ᠲᠦᠭᠡᠮᠡᠯ ᠬᠠᠷᠠᠭᠠᠯᠵᠠᠯ ᠤᠨ ᠳᠦᠷᠢᠮᠲᠦ ᠥᠨᠳᠥᠷ ᠨᠠᠰᠤᠨ ᠤ ᠨᠡᠮᠡᠭᠦᠷᠢ ᠣᠯᠭᠤᠬᠤ ᠬᠥᠮᠥᠰ ᠤᠨ ᠬᠤᠷᠢᠶᠠᠩᠭᠤᠢ ᠬᠦᠰᠦᠨᠦᠭᠲᠦ ︵2023 ᠣᠨ ᠤ 9 ᠳ᠋ᠦ᠋ᠭᠡᠷ ᠰᠠᠷ᠎ᠠ︶                   ᠦᠴᠦᠸᠠᠨ ᠰᠢᠶᠠᠨ ᠤ ᠬᠤᠭᠤᠯᠠᠢ ᠠᠭᠤᠯᠠ ᠰᠢᠶᠠᠩ ᠤᠨ ᠠᠷᠠᠳ ᠤᠨ ᠵᠠᠰᠠᠭ ᠤᠨ ᠣᠷᠳᠣᠨ                                    2023 ᠤᠨ 8 ᠰᠠᠷ᠎ᠠ ᠶᠢᠨ 18 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号