︽ᠰᠣᠶᠣᠯ ᠵᠢᠭᠤᠯᠴᠢᠯᠠᠯ +︾ ᠪᠣᠯᠣᠨ ︽ᠬᠥᠳᠡᠭᠡ ᠲᠣᠰᠬᠤᠨ ᠤ ᠵᠢᠭᠤᠯᠴᠢᠯᠠᠯ +︾ ᠶᠢᠨ ᠭᠦᠨᠵᠡᠭᠡᠢ ᠠᠭᠤᠰᠤᠯᠴᠠᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/8/23

     8 ᠰᠠᠷ᠎ᠠ ᠶᠢᠨ ᠠᠩᠬᠠᠨ ᠤ ᠭᠠᠷᠠᠭ ᠤᠨ ᠰᠡᠭᠦᠯᠴᠢ ᠪᠠᠷ ᠠᠮᠢ ᠠᠬᠤᠢ ᠶᠢᠨ ᠣᠪᠣᠭ᠎ᠠ ᠲᠤᠰᠬᠤᠨ ᠤ ᠳᠠᠭᠤᠤ

ᠬᠥᠭᠵᠢᠮ ᠤᠨ ᠨᠠᠶᠢᠷ ᠪᠣᠯᠵᠤᠭ᠎ᠠ ᠶᠣᠰᠣᠭᠠᠷ ᠶᠠᠪᠤᠭᠳᠠᠪᠠ᠃ 3 ᠡᠳᠦᠷ ᠤᠨ ᠳᠠᠭᠤᠤ ᠬᠥᠭᠵᠢᠮ ᠤᠨ ᠨᠠᠶᠢᠷ ᠤᠨ

ᠬᠤᠭᠤᠴᠠᠭᠠᠨ ᠳᠤ 30 ᠲᠦᠮᠡᠨ ᠵᠢᠭᠤᠯᠴᠢᠯᠠᠭᠴᠢ ︵ᠤᠳᠠᠭ᠎ᠠ︶ ᠶᠢ ᠭᠥᠯᠢᠶᠡᠨ ᠠᠪᠴᠤ᠂  ᠶᠡᠷᠦᠩᠬᠡᠢ ᠣᠷᠣᠯᠭ᠎ᠠ ᠨᠢ

ᠳ᠋ᠦᠩᠰᠢᠭᠤᠷ ᠲᠥᠭᠦᠷᠢᠭ ᠢ ᠳᠠᠪᠠᠪᠠ ᠁

     ᠣᠶᠢᠷ᠎ᠠ ᠶᠢᠨ ᠵᠢᠯ ᠠᠴᠠ ᠨᠠᠭᠠᠰᠢ᠂ ᠰᠢᠨ᠎ᠡ ᠬᠤᠲᠠ ᠲᠣᠭᠤᠷᠢᠭ ᠤᠨ ᠬᠢᠨ ᠬᠥᠳᠡᠭᠡ ᠲᠣᠰᠬᠤᠨ ᠤ

ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠬᠥᠭᠵᠢᠯᠲᠡ᠂

ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠣᠯᠣᠨ ᠬᠥᠳᠡᠭᠡ ᠲᠣᠰᠬᠤᠨ ᠤ ᠵᠠᠰᠠᠯᠲᠠ ᠶᠢᠨ ᠡᠯ᠎ᠡ ᠭᠤᠭᠴᠤᠭ᠎ᠠ

 ᠶᠢ ᠬᠤᠯᠪᠣᠯᠳᠤᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠬᠢᠭᠡᠳ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠶᠢ ᠣᠷᠭᠠᠨᠢᠭ ᠢᠶᠠᠷ ᠠᠭᠤᠰᠤᠯᠴᠠᠭᠤᠯᠵᠤ᠂ ᠨᠢᠭᠡ ᠪᠦᠯᠦᠭ ᠠᠮᠠᠷᠠᠯᠲᠠ ᠰᠡᠯᠡᠭᠦᠴᠡᠯ᠂ ᠰᠣᠶᠣᠯ ᠵᠤᠭ᠎ᠠ

ᠴᠡᠩᠭᠡᠯ ᠵᠡᠷᠭᠡ ᠣᠯᠠᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠲᠣᠰᠬᠤᠨ ᠤ ᠬᠠᠮᠲᠤ ᠶᠢᠨ ︽ᠥᠯᠢᠭᠡᠷ ᠬᠡᠪ︾ ᠢ

ᠪᠤᠶ ᠪᠤᠯᠭᠠᠵᠤ᠂ ︽ᠰᠣᠶᠣᠯ ᠵᠢᠭᠤᠯᠴᠢᠯᠠᠯ +︾ ᠪᠣᠯᠣᠨ ︽ᠲᠠᠷᠢᠶᠠᠯᠠᠩ ᠵᠢᠭᠤᠯᠴᠢᠯᠠᠯ +︾ ᠶᠢᠨ ᠭᠦᠨᠵᠡᠭᠡᠢ

ᠠᠭᠤᠰᠤᠯᠴᠠᠯ ᠢ ᠠᠬᠢᠭᠤᠯᠤᠭᠰᠠᠨ ᠪᠠᠶᠢᠨ᠎ᠠ᠃

     2022 ᠣᠨ ᠳᠤ ᠰᠢᠨ᠎ᠡ ᠬᠤᠲᠠ ᠲᠣᠭᠤᠷᠢᠭ ᠤᠨ 24 ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ

ᠬᠠᠮᠲᠤ ᠶᠢᠨ ᠠᠵᠤ ᠠᠬᠤᠢ ᠶᠢᠨ ᠣᠷᠣᠯᠭ᠎ᠠ ᠴᠥᠮ 20 ᠲᠦᠮᠡᠨ ᠲᠥᠭᠦᠷᠢᠭ ᠢ ᠳᠠᠪᠠᠵᠤ᠂ ᠪᠦᠭᠦ ᠣᠷᠣᠨ ᠤ

ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠨᠢᠭᠡᠨᠲᠡ ᠰᠠᠶᠢᠨ ᠰᠠᠶᠢᠬᠠᠨ

ᠬᠥᠭᠵᠢᠯᠲᠡ ᠶᠢᠨ ᠵᠠᠮ ᠢᠶᠠᠷ ᠵᠠᠮᠨᠠᠪᠠ᠃

     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠡᠷᠴᠢᠨ ᠳᠤ᠂ ᠣᠪᠣᠭ᠎ᠠ ᠲᠣᠰᠬᠤᠨ

ᠥᠪᠡᠷᠮᠢᠴᠡ ᠣᠷᠣᠨ ᠨᠤᠲᠤᠭ ᠤᠨ ᠰᠣᠶᠣᠯ ᠪᠠ ᠦᠵᠡᠰᠬᠦᠯᠡᠩᠲᠦ ᠰᠠᠶᠢᠬᠠᠨ ᠵᠢᠶᠠᠩᠨᠠᠨ ᠤ ᠴᠡᠴᠡᠷᠯᠢᠭ ᠤᠨ ᠦᠵᠡᠮᠵᠢ

 ᠪᠠᠷ ᠢᠶᠠᠨ ᠤᠯᠤᠰ ᠤᠨ ᠳᠣᠲᠣᠭᠠᠳᠤ ᠭᠠᠳᠠᠭᠠᠳᠤ ᠶᠢᠨ 1600 ᠲᠦᠮᠡ ᠰᠢᠬᠠᠮ ᠵᠢᠭᠤᠯᠴᠢᠯᠠᠭᠴᠢ ᠶᠢ ᠭᠥᠯᠢᠶᠡᠨ

ᠠᠪᠴᠤ ᠵᠣᠴᠢᠯᠠᠪᠠ᠂ ᠢᠩᠭᠢᠭᠡᠳ ᠪᠦᠭᠦ ᠤᠯᠤᠰ ᠲᠤ ᠠᠯᠳᠠᠷᠰᠢᠭᠰᠠᠨ ᠵᠢᠭᠤᠯᠴᠢᠯᠠᠯ ᠤᠨ ᠬᠠᠯᠠᠮᠰᠢᠯ ᠭᠠᠵᠠᠷ ᠪᠣᠯᠵᠠᠢ

ᠭᠡᠵᠦ ᠣᠪᠣᠭ᠎ᠠ ᠲᠣᠰᠬᠤᠨ ᠤ ᠨᠠᠮ ᠤᠨ ᠶᠡᠷᠦᠩᠬᠡᠢ ᠡᠭᠦᠷ ᠤᠨ ᠱᠦᠵᠢ ᠯᠢ ᠾᠧᠩ ᠪᠢᠶᠣᠣ ᠰᠤᠷᠪᠤᠯᠵᠢᠯᠠᠬᠴᠢ ᠳᠤ

ᠲᠠᠨᠢᠯᠴᠠᠭᠤᠯᠤᠯ᠎ᠠ᠃

     ᠣᠪᠣᠭ᠎ᠠ ᠲᠣᠰᠬᠤᠨ ᠨᠢ ᠰᠢᠨ᠎ᠡ ᠬᠤᠳᠠ ᠲᠣᠭᠤᠷᠢᠭ ᠤᠨ ᠠᠭᠤᠰᠤᠯᠴᠠᠨ ᠬᠥᠭᠵᠢᠬᠦ ᠣᠶᠢᠯᠠᠭᠠᠭᠳᠠᠬᠤᠨ ᠢ

ᠭᠦᠨᠵᠡᠭᠡᠶᠢᠷᠡᠭᠦᠯᠬᠦ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ

ᠮᠠᠨᠳᠤᠭᠤᠯᠬᠤ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠭᠰᠠᠨ ᠤ ᠬᠤᠷᠢᠶᠠᠩᠭᠤᠢ ᠳᠦᠷᠰᠦ ᠪᠣᠯᠣᠨ᠎ᠠ᠃

     ᠰᠢᠨ᠎ᠡ ᠬᠤᠳᠠ ᠲᠣᠭᠤᠷᠢᠭ ᠨᠢ ᠡᠯ᠎ᠡ ᠲᠣᠰᠬᠤᠨ ᠤ ᠣᠨᠴᠠᠯᠢᠭ ᠢ ᠦᠨᠳᠦᠰᠦᠯᠡᠵᠦ᠂ ᠲᠤᠬᠠᠢ ᠶᠢᠨ ᠭᠠᠵᠠᠷ ᠤᠨ

ᠡᠬᠢ ᠪᠠᠶᠠᠯᠢᠭ᠂ ᠤᠯᠠᠮᠵᠢᠯᠠᠯᠲᠤ ᠳᠠᠪᠠᠭᠤᠯᠢᠭ ᠠᠵᠤ ᠦᠢᠯᠡᠰ᠂ ᠰᠤᠯᠠ ᠪᠠᠶᠢᠭ᠎ᠠ ᠡᠳ᠋ ᠬᠥᠷᠥᠩᠭᠡ ᠵᠡᠷᠭᠡ ᠬᠥᠳᠡᠭᠡ

ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠳᠤ ᠠᠰᠢᠭᠲᠠᠢ ᠡᠯ᠎ᠡ ᠵᠦᠢᠯ ᠤᠨ ᠬᠦᠴᠦᠨ ᠤ ᠡᠬᠢ

ᠪᠠᠶᠠᠯᠢᠭ ᠢ ᠭᠦᠢᠴᠡᠳ ᠬᠥᠭᠵᠢᠭᠡᠵᠦ᠂ ᠡᠬᠢ ᠪᠠᠶᠠᠯᠢᠭ ᠢ ᠳᠠᠭᠠᠭᠠᠴᠢᠯᠠᠭᠤᠯᠬᠤ᠂ ᠡᠳ᠋ ᠬᠥᠷᠥᠩᠭᠡ ᠶᠢ ᠡᠵᠡᠩᠨᠡᠬᠦ᠂

ᠲᠣᠰᠬᠤᠨ ᠠᠵᠤ ᠠᠬᠤᠶᠢᠯᠠᠯ ᠬᠠᠮᠲᠤᠷᠠᠯᠴᠠᠬᠤ᠂ ᠵᠢᠭᠤᠯᠴᠢᠯᠠᠯ ᠢ ᠬᠥᠭᠵᠢᠭᠦᠯᠬᠦ ᠵᠡᠷᠭᠡ 4 ᠵᠦᠢᠯ ᠤᠨ ᠵᠠᠭᠪᠤᠷ ᠢ

ᠪᠦᠷᠢᠯᠳᠦᠭᠦᠯᠵᠦ᠂ ᠲᠤᠰᠬᠤ ᠭᠡᠷ ᠲᠣᠰᠬᠤᠨ ᠤ ᠵᠠᠭᠤᠨ ᠰᠣᠷᠭᠤᠭ ᠤᠳᠤ ᠦᠶ᠎ᠡ ᠶᠢᠨ ᠲᠠᠷᠢᠶᠠᠯᠠᠩ ᠤᠨ ᠬᠦᠷᠢᠶᠡᠯᠡᠩ

ᠲᠣᠭᠤᠷᠢᠭ᠂ ᠵᠠᠯᠠᠨ ᠪᠠᠶᠢᠰᠢᠩ ᠲᠣᠰᠬᠤᠨ ᠤ ᠰᠣᠶᠣᠯ ᠵᠢᠭᠤᠯᠴᠢᠯᠠᠯ ᠤᠨ ᠰᠤᠳᠤᠯᠭᠠᠨ ᠤ ᠰᠤᠷᠤᠯᠴᠠᠯᠭ᠎ᠠ᠂ ᠤᠰᠤᠨ

ᠲᠡᠭᠡᠷᠮ᠎ᠡ ᠲᠣᠰᠬᠤᠨ ᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠵᠡᠷᠭᠡ ᠨᠢᠭᠡ ᠪᠦᠯᠦᠭ ᠠᠮᠵᠢᠯᠲᠠ ᠲᠠᠢ

ᠨᠡᠶᠢᠲᠡᠯᠢᠭ ᠵᠢᠱᠢᠶ᠎ᠡ ᠴᠣᠯᠭᠤᠷᠠᠨ ᠭᠠᠷᠴᠤ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠠᠭᠤᠰᠤᠯᠴᠠᠨ ᠬᠥᠭᠵᠢᠬᠦ᠂

ᠲᠣᠰᠬᠤᠨ ᠤ ᠬᠠᠮᠲᠤ ᠶᠢᠨ ᠠᠵᠤ ᠦᠢᠯᠡᠰ ᠢᠶᠠᠷ ᠲᠣᠰᠬᠤᠨ ᠤ ᠠᠷᠠᠳ ᠤᠨ ᠪᠠᠶᠠᠵᠢᠬᠤ ᠶᠢ ᠳᠠᠶᠢᠴᠢᠯᠠᠬᠤ ᠰᠢᠨ᠎ᠡ ᠵᠠᠮ

 ᠢᠶᠠᠷ ᠤᠷᠤᠭᠰᠢᠯᠠᠪᠠ᠃

     ᠢᠮᠠᠭᠠᠲᠤ ᠲᠣᠰᠬᠤᠨ ᠨᠢ ᠬᠥᠭᠡᠲᠡᠯ᠎ᠡ ᠶᠡᠭᠡ ᠵᠡᠭᠡᠯᠢ ᠶᠢᠨ ᠵᠡᠭᠦᠨ ᠵᠠᠬ᠎ᠠ ᠳᠤ ᠪᠠᠶᠢᠷᠢᠯᠠᠵᠤ᠂ ᠴᠡᠯᠡᠭᠡᠷ ᠲᠠᠯ᠎ᠠ

ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠲᠠᠢ ᠵᠠᠯᠭᠠᠯᠳᠤᠵᠤ᠂ ᠵᠠᠮ ᠬᠠᠷᠢᠯᠴᠠᠭ᠎ᠠ ᠳᠥᠭᠦᠮ

ᠳᠥᠲᠡ ᠪᠣᠯᠬᠤᠷ ᠣᠯᠠᠩᠬᠢ ᠬᠤᠲᠠ ᠶᠢᠨ ᠠᠷᠠᠳ ᠭᠠᠷᠠᠭ ᠤᠨ ᠰᠡᠭᠦᠯᠴᠢ ᠪᠠᠷ ᠭᠡᠷ ᠪᠦᠯᠢ ᠪᠠᠷ ᠢᠶᠠᠨ ᠢᠮᠠᠭᠠᠲᠤ

ᠲᠣᠰᠬᠤᠨ ᠳᠤ ᠬᠦᠷᠴᠦ ᠰᠡᠯᠡᠭᠦᠴᠡᠨ ᠠᠮᠠᠷᠠᠳᠠᠭ᠃

     ᠢᠮᠠᠭᠠᠲᠤ ᠲᠣᠰᠬᠤᠨ ᠨᠢ ᠪᠠᠶᠢᠭᠠᠯᠢ ᠶᠢᠨ ᠠᠮᠢ ᠠᠬᠤᠢ ᠪᠠ ᠬᠥᠳᠡᠭᠡ ᠲᠣᠰᠬᠤᠨ ᠤ ᠰᠡᠯᠡᠭᠦᠴᠡᠯ ᠤᠨ ᠡᠬᠢ

ᠪᠠᠶᠠᠯᠢᠭ ᠲᠤ ᠲᠦᠰᠢᠭᠯᠡᠨ᠂ ︽ᠨᠠᠮ ᠤᠨ ᠡᠭᠦᠷ + ᠬᠤᠷᠰᠢᠶ᠎ᠠ + ᠠᠵᠤ ᠠᠬᠤᠶᠢᠯᠠᠯ + ᠲᠠᠷᠢᠶᠠᠯᠠᠬᠤ ᠡᠷᠦᠭᠡ︾ ᠶᠢᠨ

ᠬᠤᠯᠪᠣᠭᠠᠲᠤ ᠴᠣᠭᠴᠠ ᠶᠢ ᠪᠠᠶᠢᠭᠤᠯᠵᠤ᠂ ᠢᠮᠠᠭᠠᠲᠤ ᠶᠢᠨ ᠢᠦᠢ ᠹᠧᠩ ᠲᠠᠷᠢᠮᠠᠯ ᠤᠨ ᠲᠠᠷᠢᠶᠠᠴᠢᠳ ᠤᠨ ᠲᠤᠰᠬᠠᠢ

ᠬᠤᠷᠰᠢᠶ᠎ᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠶᠢ ᠣᠷᠣᠭᠤᠯᠤᠨ ᠠᠪᠴᠢᠷᠠᠵᠤ

ᠲᠠᠷᠢᠮᠠᠯ ᠵᠢᠴᠢ ᠪᠣᠷᠤᠯᠠᠭᠤᠯᠭ᠎ᠠ ᠶᠢᠨ ᠲᠤᠷᠰᠢᠯᠭ᠎ᠠ ᠪᠠᠨ ᠰᠣᠯᠢᠯᠴᠠᠨ᠂ ᠰᠡᠯᠡᠭᠦᠴᠡᠯ ᠵᠤᠭ᠎ᠠ ᠴᠡᠩᠭᠡᠯ ᠢᠶᠠᠷ ᠨᠢᠭᠡ

ᠴᠣᠭᠴᠠ ᠪᠤᠯᠭᠠᠬᠰᠠᠨ ᠣᠲᠣ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠪᠦᠭᠦ ᠬᠦᠴᠦᠨ ᠢᠶᠠᠷ ᠢᠶᠠᠨ

ᠪᠠᠶᠢᠭᠤᠯᠪᠠ᠃

     ᠨᠢᠭᠡᠨᠲᠡ ᠠᠩᠬ᠎ᠠ ᠠᠯᠬᠤᠮ ᠬᠡᠪᠴᠢᠶ᠎ᠡ ᠲᠠᠢ ᠪᠣᠯᠤᠭᠰᠠᠨ ᠢᠮᠠᠭᠠᠲᠤ ᠲᠣᠰᠬᠤᠨ ᠤ ᠵᠢᠮᠢᠰ ᠨᠣᠭᠤᠭ᠎ᠠ ᠲᠡᠭᠦᠬᠦ

ᠲᠠᠷᠢᠶᠠᠯᠠᠩ ᠨᠢ ᠵᠢᠯ ᠪᠦᠷᠢ ᠶᠡᠭᠡ ᠬᠡᠮᠵᠢᠶᠡᠨ ᠤ ᠵᠢᠭᠤᠯᠴᠢᠯᠠᠬᠰᠠᠳ ᠢ ᠲᠡᠳᠡᠨ ᠠᠪᠴᠢᠷᠠᠭᠰᠠᠨ ᠢᠶᠠᠷ ᠪᠠᠷᠠᠬᠤ ᠦᠭᠡᠢ

ᠲᠠᠷᠢᠶᠠᠴᠢᠳ ᠤᠨ ᠣᠷᠣᠯᠭ᠎ᠠ ᠴᠤ ᠵᠢᠯ ᠳᠠᠷᠠᠭᠠᠯᠠᠨ ᠨᠡᠮᠡᠭᠳᠡᠭᠰᠡᠨ ᠪᠠᠶᠢᠨ᠎ᠠ᠃ ᠣᠳᠣᠬᠠᠨ ᠪᠤᠯᠲᠠᠯ᠎ᠠ ᠢᠮᠠᠭᠠᠲᠤ

ᠲᠣᠰᠬᠤᠨ ᠤᠷᠢᠳ ᠬᠤᠵᠢᠳ 401 ᠳᠤᠯᠠᠭᠠᠨ ᠬᠦᠯᠡᠮᠵᠢ᠂ 3 ᠣᠶᠤᠨᠲᠤ ᠳᠤᠯᠠᠭᠠᠨ ᠬᠦᠯᠡᠮᠵᠢ ᠶᠢ ᠪᠠᠶᠢᠭᠤᠯᠵᠤ᠂

ᠲᠥᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠲᠠᠯᠠᠪᠠᠢ 837.71 ᠮᠦ ᠳᠤ ᠬᠦᠷᠴᠦ᠂

ᠭᠦᠵᠡᠯᠵᠡᠭᠡᠨ᠎ᠡ᠂ ᠢᠩᠲᠣᠣᠷ᠂ ᠭᠠᠳᠢᠷ᠎ᠠ ᠵᠢᠮᠢᠰ ᠢ ᠲᠡᠭᠦᠵᠦ ᠲᠣᠭᠤᠷᠢᠨ ᠦᠵᠡᠬᠦ ᠪᠠ ᠢᠳᠡᠰᠢᠨ ᠨᠣᠭᠤᠭ᠎ᠠ᠂ ᠬᠤᠸᠠᠷ

ᠴᠡᠴᠡᠭ ᠲᠠᠷᠢᠬᠤ ᠶᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ

 ᠶᠢ ᠪᠦᠷᠢᠯᠳᠦᠭᠦᠯᠵᠡᠢ᠃

     ︽ᠮᠢᠨᠤ ᠡᠨᠡ ᠬᠦᠯᠡᠮᠵᠢ ᠪᠣᠯ ᠠᠯᠮᠤᠷᠠᠳ᠂ ᠨᠦᠭᠦᠭᠡ ᠨᠢ ᠤᠯᠠᠭᠠᠨ ᠭᠦᠢᠯᠡᠰᠦ᠂ ᠪᠠᠰᠠ ᠡᠨᠡ ᠬᠤᠶᠠᠷ ᠨᠢ

ᠲᠤᠭᠤᠷ ᠤᠨ ᠬᠦᠯᠡᠮᠵᠢ᠂ ᠵᠥᠪᠭᠡᠨ ᠡᠨᠡ ᠬᠤᠶᠠᠷ ᠲᠤᠭᠤᠷ ᠤᠨ ᠬᠦᠯᠡᠮᠵᠢ ᠨᠢᠭᠡ ᠯᠡ ᠵᠢᠯ ᠳᠤ 3 ᠲᠦᠮᠡ ᠭᠠᠷᠤᠢ

ᠲᠥᠭᠦᠷᠢᠭ ᠤᠨ ᠣᠷᠣᠯᠭ᠎ᠠ ᠲᠠᠢ︾ ᠭᠡᠵᠦ ᠲᠣᠰᠬᠤᠨ ᠤ ᠠᠷᠠᠳ ᠸᠠᠩ ᠭᠦᠢ ᠭᠦᠢ ᠪᠠᠭᠰᠢᠷᠠᠲᠠᠯ᠎ᠠ ᠰᠠᠭᠤᠭᠰᠠᠨ ᠵᠢᠮᠢᠰ

 ᠢᠶᠠᠨ ᠬᠠᠷᠠᠭᠠᠳ ᠢᠨᠢᠶᠡᠨ ᠬᠡᠯᠡᠨ᠎ᠡ᠃

     ᠲᠠᠷᠢᠶᠠᠯᠠᠩ ᠬᠥᠳᠡᠭᠡ ᠲᠣᠰᠬᠤᠨ ᠤ ᠣᠨᠴᠠᠯᠢᠭᠲᠤ ᠡᠬᠢ ᠪᠠᠶᠠᠯᠢᠭ ᠲᠤ ᠲᠦᠰᠢᠭᠯᠡᠨ  ᠰᠢᠨ᠎ᠡ ᠬᠤᠲᠠ

ᠲᠣᠭᠤᠷᠢᠭ ᠲᠠᠷᠢᠶᠠᠯᠠᠩ ᠤᠨ ᠣᠯᠠᠨ ᠵᠦᠢᠯ ᠤᠨ ᠴᠢᠳᠠᠮᠵᠢ ᠶᠢ ᠨᠡᠭᠡᠭᠡᠨ ᠬᠥᠭᠵᠢᠭᠦᠯᠵᠦ᠂ ᠬᠥᠳᠡᠭᠡ ᠲᠣᠰᠬᠤᠨ ᠤ

ᠣᠯᠠᠨ ᠡᠰᠢᠲᠦ ᠦᠨ᠎ᠡ ᠥᠷᠲᠡᠭ ᠢ ᠠᠭᠤᠳᠠᠯᠤᠨ ᠦᠷ᠎ᠡ ᠠᠰᠢᠭ ᠣᠯᠵᠤ᠂ ᠴᠢᠩᠭᠢᠰ ᠬᠠᠭᠠᠨ ᠶᠡᠭᠡ ᠵᠡᠭᠡᠯᠢ ᠭᠤᠳᠤᠮᠵᠢ

 ᠶᠢᠨ ᠲᠤᠰᠬᠤ ᠭᠡᠷ ᠲᠣᠰᠬᠤᠨ᠂  ᠪᠣᠷᠣᠬᠤᠰᠢᠭᠤ ᠪᠠᠯᠭᠠᠰᠤᠨ ᠤ ᠢᠮᠠᠭᠠᠲᠤ ᠲᠣᠰᠬᠤᠨ᠂ ᠳ᠋ᠠ ᠶᠣᠣ ᠲᠣᠰᠬᠤᠨ᠂ ᠱᠦᠢ

ᠴᠢᠤᠸᠠᠨ ᠲᠣᠰᠬᠤᠨ ᠵᠡᠷᠭᠡ 4 ᠵᠠᠰᠠᠭ ᠵᠠᠬᠢᠷᠭᠠᠨ ᠤ ᠲᠣᠰᠬᠤᠨ ᠤ ᠬᠠᠮᠲᠤ ᠶᠢᠨ ᠠᠵᠤ ᠦᠢᠯᠡᠰ ᠤᠨ ᠬᠥᠭᠵᠢᠯᠲᠡ ᠶᠢ

ᠭᠤᠣᠯᠳᠠᠯᠭ᠎ᠠ ᠲᠠᠢ ᠲᠡᠮᠵᠢᠪᠡ᠃ ᠰᠣᠶᠣᠯ ᠵᠢᠭᠤᠯᠴᠢᠯᠠᠯ ᠤᠨ ᠠᠵᠤ ᠦᠢᠯᠡᠰ ᠢᠶᠠᠷ ᠲᠣᠰᠬᠤᠨ ᠤ ᠬᠠᠮᠲᠤ ᠶᠢᠨ ᠠᠵᠤ

ᠠᠬᠤᠢ ᠶᠢᠨ ᠬᠥᠭᠵᠢᠯᠲᠡ ᠶᠢ ᠳᠠᠶᠢᠴᠢᠯᠠᠵᠤ᠂ ᠳᠠᠭᠢᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠠᠰᠢᠭ ᠢ

ᠳᠠᠭᠢᠨ ᠬᠤᠪᠢᠶᠠᠷᠢᠯᠠᠬᠤ᠂ ᠳᠠᠭᠢᠨ ᠪᠡᠯᠡ ᠣᠷᠣᠭᠤᠯᠬᠤ᠂ ᠳᠠᠭᠢᠨ ᠨᠡᠭᠡᠭᠡᠨ ᠬᠥᠭᠵᠢᠭᠦᠯᠬᠦ᠂ ᠳᠠᠭᠢᠨ ᠦᠢᠯᠡᠰ

ᠴᠣᠭᠴᠠᠯᠠᠬᠤ ᠪᠠᠷ ᠳᠠᠮᠵᠢᠭᠤᠯᠤᠨ ᠬᠥᠳᠡᠭᠡ ᠲᠣᠰᠬᠤᠨ ᠤ ᠠᠵᠤ ᠦᠢᠯᠡᠰ ᠤᠨ ᠠᠵᠤ ᠠᠬᠤᠢ ᠶᠢᠨ ᠳᠣᠲᠣᠭᠠᠳᠤ

ᠡᠷᠭᠢᠯᠲᠡ ᠶᠢ ᠲᠠᠰᠤᠷᠠᠯᠲᠠ ᠦᠭᠡᠢ ᠴᠢᠩᠭᠠᠷᠠᠭᠤᠯᠪᠠ᠃

     ᠶᠠᠭ ᠡᠲᠡᠭᠡᠷ ᠰᠢᠨᠲᠠᠷᠠᠰᠢ ᠦᠭᠡᠢ ᠴᠢᠷᠮᠠᠶᠢᠯᠭ᠎ᠠ ᠨᠢ ᠰᠢᠨ᠎ᠡ ᠬᠤᠲᠠ ᠲᠣᠭᠤᠷᠢᠭ ᠤᠨ ᠰᠣᠶᠣᠯ ᠵᠢᠭᠤᠯᠴᠢᠯᠠᠯ

 ᠤᠨ ᠠᠭᠤᠰᠤᠯᠴᠠᠯ ᠳᠠᠬᠢ ᠲᠠᠰᠤᠷᠠᠯᠲᠠ ᠦᠭᠡᠢ ᠰᠢᠨ᠎ᠡ ᠡᠭᠦᠳᠦᠯᠲᠡ ᠪᠣᠯᠣᠨ ᠦᠢᠯᠡᠳᠦᠯᠭᠡ ᠶᠢ ᠠᠬᠢᠭᠤᠯᠪᠠ᠃ ︽ᠠᠮᠢ

ᠠᠬᠤᠢ ᠦᠵᠡᠰᠬᠦᠯᠡᠩᠲᠦ ᠰᠠᠶᠢᠬᠠᠨ᠂ ᠠᠷᠠᠳ ᠢᠷᠭᠡᠳ ᠪᠠᠶᠠᠨ ᠴᠢᠨᠡᠭᠡᠯᠢᠭ᠂ ᠠᠵᠤ ᠦᠢᠯᠡᠰ ᠬᠥᠭᠵᠢᠩᠭᠦᠢ᠂ ᠬᠥᠳᠡᠭᠡ

ᠲᠣᠰᠬᠤᠨ ᠬᠥᠭᠵᠢᠨ ᠮᠠᠨᠳᠤᠭᠰᠠᠨ︾ ᠦᠵᠡᠰᠬᠦᠯᠡᠩᠲᠦ ᠰᠠᠶᠢᠬᠠᠨ ᠵᠢᠷᠤᠭ ᠳᠠᠯᠠᠨ ᠬᠠᠷ᠎ᠠ ᠶᠢᠨ ᠬᠤᠷᠮᠣᠢ ᠳᠠᠬᠢ

ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠠᠯᠭᠤᠷᠬᠠᠨ ᠢᠶᠠᠷ ᠳᠡᠯᠭᠡᠭᠳᠡᠯ᠎ᠡ᠃

 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号