ᠭᠦᠭᠡᠬᠤᠲᠠ᠄ ᠠᠶᠠᠨᠴᠢᠳ ᠣᠷᠣᠭᠤᠯᠵᠤ ᠭᠠᠷᠭᠠᠭᠰᠠᠨ ᠬᠡᠮᠵᠢᠶ᠎ᠡ 700 ᠲᠦᠮᠡᠨ ᠬᠥᠮᠥᠨ ᠤᠳᠠᠭ᠎ᠠ ᠶᠢ ᠳᠠᠪᠠᠵᠠᠢ
ᠨᠡᠶᠢᠲᠡᠯᠡᠭᠰᠡᠨ ᠴᠠᠭ᠄
2023/8/23

     7 ᠰᠠᠷ᠎ᠠ ᠶᠢᠨ 28 ᠤ ᠡᠳᠦᠷ ᠠᠶᠠᠨᠴᠢᠳ ᠣᠷᠣᠭᠤᠯᠵᠤ ᠭᠠᠷᠭᠠᠭᠰᠠᠨ ᠬᠡᠮᠵᠢᠶ᠎ᠡ 600 ᠲᠦᠮᠡᠨ ᠬᠥᠮᠥᠨ

ᠤᠳᠠᠭ᠎ᠠ ᠶᠢ ᠳᠠᠪᠠᠭᠰᠠᠨ ᠠᠴᠠ ᠨᠠᠭᠠᠰᠢ᠂ ᠵᠦᠪᠭᠡᠨ 21 ᠡᠳᠦᠷ ᠤᠨ ᠳᠠᠷᠠᠭ᠎ᠠ᠂ ᠭᠦᠭᠡᠬᠤᠲᠠ ᠶᠢᠨ ᠨᠢᠰᠬᠡᠯ ᠤᠨ

ᠪᠠᠭᠤᠳᠠᠯ ᠤᠨ ᠠᠶᠠᠨᠴᠢᠳ ᠣᠷᠣᠭᠤᠯᠵᠤ ᠭᠠᠷᠭᠠᠭᠰᠠᠨ ᠬᠡᠮᠵᠢᠶ᠎ᠡ ᠦᠳᠲᠡᠷ ᠲᠦᠷᠭᠡᠨ ᠢᠶᠠᠷ 700 ᠲᠦᠮᠡᠨ ᠬᠥᠮᠥᠨ

ᠤᠳᠠᠭ᠎ᠠ ᠳᠤ ᠬᠦᠷᠴᠡᠢ᠃ 8 ᠰᠠᠷ᠎ᠠ ᠶᠢᠨ 18 ᠤ ᠡᠳᠦᠷ ᠪᠤᠯᠲᠠᠯ᠎ᠠ᠂ ᠭᠦᠭᠡᠬᠤᠲᠠ ᠶᠢᠨ ᠨᠢᠰᠬᠡᠯ ᠤᠨ ᠪᠠᠭᠤᠳᠠᠯ ᠨᠡᠶᠢᠲᠡ

6.5 ᠲᠦᠮᠡᠨ ᠨᠢᠰᠬᠡᠯ ︵ᠤᠳᠠᠭ᠎ᠠ︶ ᠤᠨ ᠲᠡᠭᠡᠭᠡᠪᠦᠷᠢ ᠶᠢᠨ ᠨᠢᠰᠴᠦ ᠪᠠᠭᠤᠬᠤ᠂ ᠠᠶᠠᠨᠴᠢᠳ ᠣᠷᠣᠭᠤᠯᠵᠤ ᠭᠠᠷᠭᠠᠭᠰᠠᠨ

ᠬᠡᠮᠵᠢᠶ᠎ᠡ 703.4 ᠲᠦᠮᠡᠨ ᠬᠥᠮᠥᠨ ᠤᠳᠠᠭ᠎ᠠ ᠬᠦᠷᠴᠦ᠂ ᠪᠠᠷᠠᠭ᠎ᠠ ᠰᠢᠤᠳᠠᠨ ᠤ ᠣᠷᠣᠭᠤᠯᠵᠤ ᠭᠠᠷᠭᠠᠬᠤ ᠬᠡᠮᠵᠢᠶ᠎ᠡ ᠶᠢ

2.3 ᠲᠦᠮᠡᠨ ᠲᠣᠨ ᠪᠡᠶᠡᠯᠡᠭᠦᠯᠵᠦ᠂ ᠲᠣᠰ ᠲᠣᠰ 2019 ᠣᠨ ᠤ ᠠᠳᠠᠯᠢ ᠬᠤᠭᠤᠴᠠᠭᠠᠨ ᠤ 92.0%᠂ 83.

5% ᠪᠠ 92.1% ᠪᠤᠯᠲᠠᠯ᠎ᠠ ᠰᠡᠷᠭᠦᠭᠡᠪᠡ᠃

     8 ᠰᠠᠷ᠎ᠠ ᠳᠤ ᠭᠦᠭᠡᠬᠤᠲᠠ ᠶᠢᠨ ᠨᠢᠰᠬᠡᠯ ᠤᠨ ᠪᠠᠭᠤᠳᠠᠯ ᠤᠨ ᠲᠡᠭᠡᠭᠡᠪᠦᠷᠢ ᠶᠢᠨ ᠦᠢᠯᠡᠳᠪᠦᠷᠢᠯᠡᠯ ᠤᠨ ᠬᠡᠮᠵᠢᠶ᠎ᠡ

ᠦᠷᠭᠦᠯᠵᠢᠯᠡᠨ ᠥᠨᠳᠥᠷ ᠪᠠᠶᠢᠷᠢᠨ ᠳᠤ ᠪᠠᠶᠢᠵᠤ᠂ 8 ᠰᠠᠷ᠎ᠠ ᠶᠢᠨ 1 ᠤ ᠡᠳᠦᠷ ᠠᠴᠠ 8 ᠰᠠᠷ᠎ᠠ ᠶᠢᠨ 19 ᠤ ᠡᠳᠦᠷ

ᠪᠤᠯᠲᠠᠯ᠎ᠠ᠂ ᠲᠡᠭᠡᠭᠡᠪᠦᠷᠢ ᠶᠢᠨ ᠨᠢᠰᠴᠦ ᠪᠠᠭᠤᠬᠤ ᠨᠢᠰᠬᠡᠯ ᠤᠳᠠᠭ᠎ᠠ᠂ ᠠᠶᠠᠨᠴᠢᠳ ᠤᠨ ᠣᠷᠣᠭᠤᠯᠵᠤ ᠭᠠᠷᠭᠠᠬᠤ ᠬᠡᠮᠵᠢᠶ᠎ᠡ᠂

ᠪᠠᠷᠠᠭ᠎ᠠ ᠰᠢᠤᠳᠠᠨ ᠤ ᠣᠷᠣᠭᠤᠯᠵᠤ ᠭᠠᠷᠭᠠᠬᠤ ᠬᠡᠮᠵᠢᠶ᠎ᠡ ᠵᠡᠷᠭᠡ ᠭᠤᠷᠪᠠᠨ ᠵᠦᠢᠯ ᠤᠨ ᠲᠡᠭᠡᠭᠡᠪᠦᠷᠢ ᠶᠢᠨ

ᠦᠢᠯᠡᠳᠪᠦᠷᠢᠯᠡᠯ ᠤᠨ ᠬᠡᠮᠵᠢᠶ᠎ᠡ ᠶᠢᠨ ᠭᠦᠢᠴᠡᠳᠬᠡᠯ ᠲᠤᠭ᠎ᠠ ᠴᠥᠮ 2019 ᠣᠨ ᠤ ᠠᠳᠠᠯᠢ ᠬᠤᠭᠤᠴᠠᠭᠠᠨ ᠤ

 ᠬᠢ ᠠᠴᠠ ᠳᠠᠪᠠᠵᠤ᠂ ᠰᠡᠷᠭᠦᠭᠡᠭᠰᠡᠨ ᠨᠣᠷᠮ᠎ᠠ ᠨᠢ ᠲᠣᠰ ᠲᠣᠰ 110.4%᠂ 110.2% ᠪᠠ 106.5%

ᠬᠦᠷᠴᠡᠢ᠂ ᠡᠭᠦᠨ ᠳᠤ 8 ᠰᠠᠷ᠎ᠠ ᠶᠢᠨ 18 ᠤ ᠡᠳᠦᠷ ᠠᠶᠠᠨᠴᠢᠳ ᠤᠨ ᠣᠷᠣᠭᠤᠯᠵᠤ ᠭᠠᠷᠭᠠᠬᠤ ᠬᠡᠮᠵᠢᠶ᠎ᠡ ᠶᠢ 5.3

ᠲᠦᠮᠡᠨ ᠬᠥᠮᠥᠨ ᠤᠳᠠᠭ᠎ᠠ ᠪᠡᠶᠡᠯᠡᠭᠦᠯᠵᠦ᠂ ᠭᠦᠭᠡᠬᠤᠲᠠ ᠶᠢᠨ ᠨᠢᠰᠬᠡᠯ ᠤᠨ ᠪᠠᠭᠤᠳᠠᠯ ᠤᠨ ᠭᠠᠭᠴᠠ ᠡᠳᠦᠷ ᠤᠨ

ᠠᠶᠠᠨᠴᠢᠳ ᠤᠨ ᠣᠷᠣᠭᠤᠯᠵᠤ ᠭᠠᠷᠭᠠᠬᠤ ᠬᠡᠮᠵᠢᠶ᠎ᠡ ᠶᠢᠨ ᠲᠡᠦᠬᠡᠨ ᠰᠢᠨ᠎ᠡ ᠲᠡᠮᠳᠡᠭᠯᠡᠯ ᠢ ᠡᠭᠦᠳᠤᠪᠡ᠃

 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号