ᠤᠩᠭᠤᠨ ᠳᠠᠪᠠᠭᠠᠨ ᠣᠷᠣᠢ ᠶᠢᠨ ᠪᠠᠭᠤᠷᠢ᠄ ᠤᠮᠠᠷᠠᠲᠤ ᠸᠧᠢ ᠤᠯᠤᠰ ᠤᠨ ᠶᠣᠰᠣᠯᠠᠯ ᠳᠦᠷᠢᠮ ᠤᠨ ᠪᠠᠷᠢᠯᠭ᠎ᠠ ᠶᠢᠨ ᠦᠯᠡᠳᠡᠭᠳᠡᠯ
ᠨᠡᠶᠢᠲᠡᠯᠡᠭᠰᠡᠨ ᠴᠠᠭ᠄
2023/8/23
     ᠦᠴᠦᠸᠠᠨ ᠰᠢᠶᠠᠨ ᠤ ᠤᠩᠭᠤᠨ ᠳᠠᠪᠠᠭᠠᠨ ᠣᠷᠣᠢ ᠶᠢᠨ ᠤᠮᠠᠷᠠᠲᠤ ᠸᠧᠢ ᠤᠯᠤᠰ ᠤᠨ ᠲᠠᠭᠢᠯᠭ᠎ᠠ ᠶᠢᠨ ᠪᠠᠷᠢᠯᠭ᠎ᠠ ᠶᠢᠨ ᠪᠠᠭᠤᠷᠢ ︵ᠳᠥᠭᠦᠮᠴᠢᠯᠡᠭᠡᠳ ᠤᠩᠭᠤᠨ ᠳᠠᠪᠠᠭᠠᠨ ᠣᠷᠣᠢ ᠶᠢᠨ ᠪᠠᠭᠤᠷᠢ ᠭᠡᠳᠡᠭ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠦᠭᠡᠬᠤᠲᠠ ᠶᠢᠨ ᠬᠤᠶᠢᠲᠤ ᠬᠡᠰᠡᠭ ᠤᠨ ᠳᠠᠯᠠᠨ ᠬᠠᠷ᠎ᠠ ᠠᠭᠤᠯᠠ ᠶᠢᠨ ᠤᠩᠭᠤᠨ ᠳᠠᠪᠠᠭᠠᠨ ᠤ ᠣᠷᠣᠢ ᠳᠡᠭᠡᠷ᠎ᠡ ᠪᠠᠶᠢᠵᠤ᠂ 20 ᠳ᠋ᠤᠭᠠᠷ ᠵᠠᠭᠤᠨ ᠤ ᠨᠠᠶᠠᠭᠠᠳ ᠣᠨ ᠤ ᠬᠤᠶᠠᠳᠤᠭᠠᠷ ᠤᠳᠠᠭᠠᠨ ᠤ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠳᠤ ᠢᠯᠡᠷᠡᠭᠦᠯᠵᠦ᠂ 2019 ᠣᠨ - 2022 ᠣᠨ ᠤ ᠬᠤᠭᠤᠷᠣᠨᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠬᠠᠭᠤᠴᠢ ᠰᠤᠳᠤᠯᠤᠯ ᠤᠨ ᠬᠦᠷᠢᠶᠡᠯᠡᠩ 4 ᠤᠳᠠᠭ᠎ᠠ ᠮᠠᠯᠲᠠᠨ ᠠᠭᠤᠳᠠᠯᠵᠤ᠂ ᠤᠩᠭᠤᠨ ᠳᠠᠪᠠᠭᠠᠨ ᠣᠷᠣᠢ ᠶᠢᠨ ᠪᠠᠭᠤᠷᠢ ᠶᠢᠨ ᠦᠨᠡᠨ ᠳᠦᠷᠢ ᠶᠢ ᠨᠢ ᠦᠨᠳᠦᠰᠦᠨ ᠳᠡᠭᠡᠨ ᠢᠯᠡᠷᠡᠭᠦᠯᠦᠭᠰᠡᠨ ᠪᠠᠶᠢᠨ᠎ᠠ᠃ ᠤᠩᠭᠤᠨ ᠳᠠᠪᠠᠭᠠᠨ ᠣᠷᠣᠢ ᠶᠢᠨ ᠪᠠᠭᠤᠷᠢ ᠴᠢᠬᠤᠯᠠ ᠲᠡᠦᠬᠡ ᠶᠢᠨ ᠳᠤᠷᠠᠰᠬᠠᠯᠲᠤ ᠵᠦᠢᠯ ᠤᠨ ᠦᠨ᠎ᠡ ᠥᠷᠲᠡᠭ ᠲᠠᠢ ᠪᠣᠯᠬᠤᠷ︽2020 ᠣᠨ ᠤ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ︾ ᠪᠠ ︽2020 ᠣᠨ ᠤ ᠪᠦᠭᠦ ᠤᠯᠤᠰ ᠤᠨ ᠬᠠᠭᠤᠴᠢ ᠰᠤᠳᠤᠯᠤᠯ ᠤᠨ ᠠᠷᠪᠠᠨ ᠶᠡᠭᠡ ᠰᠢᠨ᠎ᠡ ᠢᠯᠡᠷᠡᠭᠦᠯᠦᠯᠲᠡ︾ ᠳᠤ ᠵᠢᠭᠰᠠᠭᠠᠭᠳᠠᠪᠠ᠃      ᠤᠩᠭᠤᠨ ᠳᠠᠪᠠᠭᠠᠨ ᠣᠷᠣᠢ ᠶᠢᠨ ᠪᠠᠭᠤᠷᠢ ᠵᠦᠩᠶᠤᠸᠠᠨ ᠣᠷᠣᠨ ᠤ ᠸᠠᠩᠲᠤ ᠲᠥᠷᠥ ᠶᠢᠨ ᠲᠠᠭᠢᠯᠭ᠎ᠠ ᠶᠢᠨ ᠪᠠᠷᠢᠯᠭ᠎ᠠ ᠶᠢᠨ ᠭᠡᠯᠪᠡᠷᠢ ᠪᠠ ᠤᠮᠠᠷᠠᠲᠤ ᠶᠢᠨ ᠨᠡᠭᠦᠳᠡᠯᠴᠢᠨ ᠦᠨᠳᠦᠰᠦᠲᠡᠨ ᠤ ᠲᠠᠭᠢᠯᠭ᠎ᠠ ᠶᠢᠨ ᠤᠯᠠᠮᠵᠢᠯᠠᠯ ᠢ ᠶᠡᠷᠦᠩᠬᠡᠶᠢᠯᠡᠨ᠂ ᠣᠨ ᠵᠢᠯ ᠨᠢ ᠰᠢ ᠠᠨ ᠤ ᠰᠦᠢ ᠲᠠᠩ ᠤᠨ ᠶᠤᠸᠠᠨ ᠴᠢᠦ ᠪᠠ ᠪᠡᠭᠡᠵᠢᠩ ᠤᠨ ᠮᠢᠩ ᠴᠢᠩ ᠤᠨ ᠲᠢᠶᠠᠨ ᠲᠠᠨ ᠠᠴᠠ ᠡᠷᠲᠡ ᠪᠠᠶᠢᠵᠤ᠂ ᠮᠠᠨ ᠤ ᠤᠯᠤᠰ ᠤᠨ ᠡᠷᠲᠡᠨ ᠤ ᠬᠠᠭᠠᠨ ᠤ ᠤᠭᠰᠠᠭᠠᠨ ᠤ ᠲᠡᠭᠷᠢ  ᠲᠠᠭᠢᠯᠭ᠎ᠠ  ᠶᠢᠨ ᠬᠥᠭᠵᠢᠯᠲᠡ ᠶᠢᠨ ᠲᠡᠦᠬᠡ᠂ ᠤᠮᠠᠷᠠᠲᠤ ᠸᠧᠢ ᠤᠯᠤᠰ ᠤᠨ ᠲᠡᠭᠷᠢ ᠲᠠᠭᠢᠬᠤ ᠶᠣᠰᠣᠯᠠᠯ ᠤᠨ ᠳᠦᠷᠢᠮ ᠢ ᠰᠤᠳᠤᠯᠬᠤ ᠳᠤ ᠬᠤᠪᠣᠷ ᠨᠠᠨᠳᠢᠨ ᠪᠣᠳᠠᠰ ᠤᠨ ᠭᠡᠷᠡᠴᠢ ᠶᠢ ᠬᠠᠩᠭᠠᠭᠰᠠᠨ ᠪᠠᠶᠢᠨ᠎ᠠ᠃      ᠮᠢᠩᠭᠠᠨ ᠣᠨ ᠤ ᠮᠠᠨᠳᠤᠯ ᠪᠠᠭᠤᠷᠠᠯ ᠢ ᠥᠩᠭᠡᠷᠡᠭᠦᠯᠪᠡ      ᠬᠠᠪᠤᠷ ᠤᠨ ᠡᠬᠢ ᠪᠠᠷ ᠭᠦᠭᠡᠬᠤᠲᠠ ᠶᠢᠨ ᠬᠤᠶᠢᠲᠤ ᠬᠡᠰᠡᠭ ᠢᠶᠠᠷ ᠬᠥᠨᠳᠡᠯᠢᠰᠴᠦ ᠪᠠᠶᠢᠭ᠎ᠠ ᠲᠠᠯᠠᠨ ᠬᠠᠷ᠎ᠠ ᠠᠭᠤᠯᠠ ᠰᠡᠬᠦᠶᠢᠨ ᠰᠦᠨᠳᠡᠷᠯᠡᠵᠦ᠂ ᠠᠭᠤᠯᠠᠨ ᠣᠷᠣᠢ ᠳᠤ ᠪᠠᠶᠢᠷᠢᠯᠠᠵᠤ ᠪᠠᠶᠢᠭ᠎ᠠ ᠤᠩᠭᠤᠨ ᠳᠠᠪᠠᠭᠠᠨ ᠣᠷᠣᠢ ᠶᠢᠨ ᠪᠠᠭᠤᠷᠢ ᠡᠴᠢᠨ᠎ᠡ ᠨᠢᠭᠤᠴᠠᠭᠠᠢ ᠰᠠᠨᠠᠭᠳᠠᠨ᠎ᠠ᠃      ᠤᠩᠭᠤᠨ ᠳᠠᠪᠠᠭᠠᠨ ᠣᠷᠣᠢ ᠶᠢᠨ ᠪᠠᠭᠤᠷᠢ ᠭᠦᠭᠡᠬᠤᠲᠠ ᠶᠢᠨ ᠦᠴᠦᠸᠠᠨ ᠰᠢᠶᠠᠨ ᠤ ᠳᠠᠯᠠᠨ ᠬᠠᠷ᠎ᠠ ᠠᠭᠤᠯᠠ ᠶᠢᠨ ᠤᠩᠭᠤᠨ ᠳᠠᠪᠠᠭᠠᠨ ᠣᠷᠣᠢ ᠲᠣᠰᠬᠤᠨ ᠠᠴᠠ ᠪᠠᠷᠠᠭᠤᠨ ᠡᠮᠦᠨᠡᠰᠢ 1 ᠺᠢᠯᠣᠮᠧᠲᠷ ᠵᠠᠶᠢᠲᠠᠢ ᠪᠠᠶᠢᠭ᠎ᠠ ᠳᠠᠯᠠᠨ ᠬᠠᠷ᠎ᠠ ᠠᠭᠤᠯᠠ ᠶᠢᠨ ᠤᠩᠭᠤᠨ  ᠳᠠᠪᠠᠭᠠᠨ ᠤ ᠣᠷᠣᠢ ᠳᠤ ᠪᠠᠶᠢᠨ᠎ᠠ᠃ ᠤᠩᠭᠤᠨ ᠳᠠᠪᠠᠭ᠎ᠠ ᠶᠢ ᠤᠮᠠᠷᠠᠲᠤ ᠸᠧᠢ ᠤᠯᠤᠰ ᠤᠨ ᠦᠶ᠎ᠡ ᠳᠤ ᠪᠠᠢ ᠳ᠋ᠣᠣ ᠯᠢᠩ ᠳᠠᠪᠠᠭ᠎ᠠ ᠭᠡᠳᠡᠭ᠂ ᠪᠠᠢ ᠳ᠋ᠣᠣ ᠯᠢᠩ ᠳᠠᠪᠠᠭᠠᠨ ᠳᠡᠭᠡᠷ᠎ᠡ ᠪᠠᠢ ᠳ᠋ᠣᠣ ᠵᠠᠮ ᠮᠤᠨᠢ ᠠᠭᠤᠯᠠ ᠶᠢᠨ ᠡᠮᠦᠨ᠎ᠡ ᠤᠮᠠᠷ᠎ᠠ ᠶᠢ ᠨᠡᠪᠲᠡᠯᠵᠦ᠂ ᠬᠠᠭᠠᠨ ᠮᠤᠨᠢ ᠠᠭᠤᠯᠠ ᠪᠠᠷ ᠶᠠᠪᠤᠬᠤ ᠳᠠᠭᠠᠨ ᠣᠯᠠᠨᠲᠠ ᠲᠤᠰ ᠵᠠᠮ ᠢᠶᠠᠷ ᠶᠠᠪᠤᠭᠰᠠᠨ ᠪᠠᠶᠢᠳᠠᠭ᠃︽ᠸᠧᠢ ᠤᠯᠤᠰ ᠤᠨ ᠪᠢᠴᠢᠭ·ᠭᠤᠣᠽᠤ ᠶᠢᠨ ᠲᠡᠮᠳᠡᠭᠯᠡᠯ︾ ᠳᠤ᠂ ᠲᠠᠢ ᠾᠧ ᠶᠢᠨ ᠠᠷᠪᠠᠨ ᠨᠠᠢᠮᠠᠳᠤᠭᠠᠷ ᠣᠨ︵ᠣᠨ ᠲᠣᠭᠠᠯᠠᠯ ᠤᠨ 494 ᠣᠨ︶ ᠳᠤ ᠰᠢᠶᠣᠣ ᠸᠧᠨ ᠳ᠋ᠢ ᠬᠠᠭᠠᠨ ᠲᠣᠪᠠ ᠬᠤᠩ ᠨᠡᠶᠢᠰᠯᠡᠯ ᠢᠶᠠᠨ ᠫᠢᠩᠴᠧᠩ︵ᠣᠳᠣ ᠶᠢᠨ ᠱᠠᠨ ᠰᠢ ᠮᠤᠵᠢ ᠶᠢᠨ ᠳ᠋ᠠᠲ᠋ᠦ᠋ᠩ ᠬᠤᠲᠠ︶ ᠠᠴᠠ ᠯᠦᠧᠧᠶᠠᠩ ᠳᠤ ᠨᠡᠭᠦᠯᠭᠡᠬᠦ ᠠᠴᠠ ᠡᠮᠦᠨ᠎ᠡ᠂ ᠳᠣᠯᠤᠭ᠎ᠠ᠂ ᠨᠠᠢᠮᠠᠳᠤᠭᠠᠷ ᠰᠠᠷ᠎ᠠ ᠳᠤ ᠤᠮᠠᠷᠠᠰᠢ ᠱᠧᠩ ᠯᠧ - ᠮᠤᠨᠢ ᠠᠭᠤᠯᠠ ᠪᠠᠷ ᠲᠣᠭᠤᠷᠢᠨ ᠪᠠᠶᠢᠴᠠᠭᠠᠬᠤ ᠳᠠᠭᠠᠨ ᠤᠷᠢᠳ ᠬᠤᠵᠢᠳ ᠬᠠᠭᠠᠨ ᠤ ᠤᠩᠭᠤᠨ ᠳᠤ ᠪᠠᠷᠠᠳᠠᠬᠤ᠂ ᠲᠡᠭᠷᠢ ᠲᠠᠭᠢᠬᠤ ᠵᠡᠷᠭᠡ ᠠᠵᠢᠯᠯᠠᠭ᠎ᠠ ᠬᠢᠭᠰᠡᠨ ᠢ ᠲᠡᠮᠳᠡᠭᠯᠡᠵᠦ ᠪᠠᠶᠢᠨ᠎ᠠ᠂ ᠡᠭᠦᠨ ᠳᠤ ᠮᠤᠨᠢ ᠠᠭᠤᠯᠠ ᠪᠠᠷ ᠶᠠᠪᠤᠵᠤ ᠲᠡᠭᠷᠢ ᠳᠠᠬᠢᠭᠰᠠᠨ ᠨᠢ ᠤᠩᠭᠤᠨ ᠳᠠᠪᠠᠭᠠᠨ ᠣᠷᠣᠢ ᠶᠢᠨ ᠪᠠᠭᠤᠷᠢ ᠳᠤ ᠬᠢᠭᠰᠡᠨ ᠲᠡᠭᠷᠢ ᠲᠠᠭᠢᠬᠤ ᠠᠵᠢᠯᠯᠠᠭ᠎ᠠ   ᠶᠢ ᠬᠡᠯᠡᠵᠦ ᠪᠠᠶᠢᠬᠤ ᠪᠣᠯᠣᠯᠴᠠᠭ᠎ᠠ ᠲᠠᠢ᠃ ᠥᠪᠥᠷ ᠮᠣᠩᠭᠤᠯ ᠤᠨ ᠮᠦᠽᠧᠢ ᠶᠢᠨ ᠬᠦᠷᠢᠶᠡᠯᠡᠩ ᠤᠨ ᠳᠡᠳ᠋ ᠳᠠᠷᠤᠭ᠎ᠠ ᠵᠠᠩ ᠸᠧᠨ ᠫᠢᠩ᠄︽ᠰᠤᠷᠪᠤᠯᠵᠢ ᠪᠢᠴᠢᠭ ᠤᠨ ᠲᠡᠮᠳᠡᠭᠯᠡᠯ ᠲᠠᠢ ᠤᠶᠠᠯᠳᠤᠭᠤᠯᠤᠭᠠᠳ᠂ ᠰᠢᠶᠣᠣ ᠸᠧᠨ ᠳ᠋ᠢ ᠬᠠᠭᠠᠨ ᠤ ᠲᠡᠭᠷᠢ ᠳᠠᠬᠢᠭᠰᠠᠨ ᠨᠢ ᠳᠠᠷᠤᠢ ᠤᠩᠭᠤᠨ ᠳᠠᠪᠠᠭᠠᠨ ᠣᠷᠣᠢ ᠶᠢᠨ ᠪᠠᠭᠤᠷᠢ ᠪᠠᠶᠢᠭ᠎ᠠ ᠭᠠᠵᠠᠷ ᠪᠤᠯᠬᠤ ᠶᠢ ᠠᠩᠬ᠎ᠠ ᠠᠯᠬᠤᠮ ᠮᠠᠭᠠᠳᠯᠠᠵᠠᠢ︾ ᠭᠡᠵᠦ ᠬᠡᠯᠡᠵᠦ ᠪᠠᠶᠢᠪᠠ᠃
     ᠤᠩᠭᠤᠨ ᠳᠠᠪᠠᠭᠠᠨ ᠣᠷᠣᠢ ᠶᠢᠨ ᠪᠠᠭᠤᠷᠢ ᠶᠢ ᠨᠢᠰᠬᠡᠯ ᠢᠶᠠᠷ ᠰᠡᠭᠦᠳᠡᠷᠯᠡᠭᠰᠡᠨ ᠵᠢᠷᠤᠭ      ᠳᠠᠯᠠᠨ ᠬᠠᠷ᠎ᠠ ᠠᠭᠤᠯᠠ ᠮᠤᠨᠢ ᠠᠭᠤᠯᠠ ᠨᠢᠷᠤᠭᠤ ᠶᠢᠨ ᠳᠤᠮᠳᠠ ᠬᠡᠰᠡᠭ ᠲᠤ ᠣᠷᠣᠰᠢᠵᠤ᠂ ᠤᠩᠭᠤᠨ ᠳᠠᠪᠠᠭᠠᠨ ᠤ ᠣᠷᠣᠢ ᠨᠢ ᠲᠡᠭᠰᠢ ᠨᠠᠮᠬᠠᠨ᠂ ᠳᠠᠯᠠᠶ ᠶᠢᠨ ᠲᠦᠪᠰᠢᠨ ᠠᠴᠠ 1660 ᠮᠧᠲᠷ ᠡᠷᠭᠦᠭᠳᠡᠵᠡᠢ᠂ ᠲᠤᠰ ᠪᠠᠭᠤᠷᠢ ᠡᠨᠡ ᠬᠦ ᠨᠠᠮᠬᠠᠨ ᠠᠭᠤᠯᠠᠨ ᠤ ᠳᠤᠮᠳᠠ ᠬᠡᠰᠡᠭ ᠲᠤ ᠣᠷᠣᠰᠢᠵᠤ᠂ ᠬᠤᠯᠠ ᠠᠴᠠ ᠪᠥᠮᠪᠥᠷᠭᠡᠨ ᠰᠢᠷᠣᠢ ᠶᠢᠨ ᠣᠪᠣᠭ᠎ᠠ ᠰᠢᠭ᠋ ᠬᠠᠷᠠᠭᠳᠠᠨ᠎ᠠ᠃ ᠮᠤᠨᠢ ᠠᠭᠤᠯᠠ ᠶᠢᠨ ᠠᠷᠤ ᠳᠤ ᠪᠠᠶᠢᠭ᠎ᠠ ᠦᠴᠦᠸᠠᠨ ᠰᠢᠶᠠᠨ ᠤ ᠭᠤᠣᠯ ᠪᠤᠯᠬᠤ ᠭᠠᠵᠠᠷ ᠣᠷᠣᠨ ᠨᠢ ᠦᠴᠦᠸᠠᠨ ᠤ ᠬᠤᠲᠣᠭᠤᠷ ᠲᠤ ᠲᠥᠪᠯᠡᠷᠡᠵᠦ᠂ ᠦᠴᠦᠸᠠᠨ ᠤ ᠬᠤᠲᠣᠭᠤᠷ ᠢ ᠤᠮᠠᠷᠠᠲᠤ ᠸᠧᠢ ᠤᠯᠤᠰ ᠤᠨ ᠦᠶ᠎ᠡ ᠳᠤ ᠪᠠᠶᠢᠮᠦ᠋ᠸᠧ ᠭᠡᠵᠦ᠂ ᠬᠤᠵᠢᠮ ᠨᠢ ᠲᠡᠦᠬᠡᠨ ᠳᠤ ᠠᠯᠳᠠᠷᠲᠠᠢ︽ᠤᠮᠠᠷᠠᠲᠤ ᠸᠧᠢ ᠶᠢᠨ ᠵᠢᠷᠭᠤᠭᠠᠨ ᠪᠠᠯᠭᠠᠰᠤ︾ ᠶᠢᠨ ᠨᠢᠭᠡ ᠪᠤᠯᠬᠤ ᠦᠴᠦᠸᠠᠨ ᠪᠠᠯᠭᠠᠰᠤ ᠶᠢ ᠪᠠᠶᠢᠭᠤᠯᠤᠭᠰᠠᠨ ᠪᠠᠶᠢᠳᠠᠭ᠃ ᠤᠮᠠᠷᠠᠲᠤ ᠸᠧᠢ ᠤᠯᠤᠰ ᠤᠨ ᠵᠢᠷᠭᠤᠭᠠᠨ ᠪᠠᠯᠭᠠᠰᠤ ᠭᠡᠳᠡᠭ ᠨᠢ ᠪᠠᠶᠢᠭᠤᠯᠤᠭᠰᠠᠨ ᠡᠬᠢᠨ ᠤ ᠦᠶ᠎ᠡ ᠳᠤ ᠬᠠᠭᠤᠴᠢᠨ ᠨᠡᠶᠢᠰᠯᠡᠯ ᠱᠧᠩ ᠯᠧ ᠵᠢᠴᠢ ᠨᠡᠶᠢᠰᠯᠡᠯ ᠫᠢᠩᠴᠧᠩ ᠤᠨ ᠤᠮᠠᠷᠠᠲᠤ ᠬᠢᠯᠢ ᠶᠢ ᠬᠦᠷᠢᠶᠡᠯᠡᠭᠰᠡᠨ 6 ᠴᠡᠷᠢᠭ ᠰᠠᠭᠤᠭᠰᠠᠨ ᠪᠠᠯᠭᠠᠰᠤ ᠶᠢ ᠵᠢᠭᠠᠵᠤ ᠪᠠᠶᠢᠪᠠ᠃ ᠦᠴᠦᠸᠠᠨ ᠪᠠᠯᠭᠠᠰᠤ ᠶᠢ ᠨᠡᠯᠢᠶᠡᠳ ᠣᠷᠣᠢ ᠪᠠᠶᠢᠭᠤᠯᠵᠠᠢ᠂ ᠦᠴᠦᠸᠠᠨ ᠤ ᠬᠤᠲᠣᠭᠤᠷ ᠤᠨ ᠣᠷᠴᠢᠮ ᠤᠨ ᠭᠠᠵᠠᠷ ᠤᠮᠠᠷᠠᠲᠤ ᠸᠧᠢ ᠤᠯᠤᠰ ᠤᠨ ᠡᠬᠢᠨ ᠤ ᠦᠶ᠎ᠡ ᠳᠤ ᠶᠦᠨ ᠵᠥᠩ ᠪᠠᠯᠭᠠᠰᠤᠨ ︵ᠣᠲᠣ ᠶᠢᠨ ᠲᠣᠭᠲᠠᠬᠤ ᠰᠢᠶᠠᠨ ᠤ ᠶᠦᠨ ᠵᠥᠩ ᠵᠢᠶᠦ᠋ᠨ ᠤ ᠬᠠᠭᠤᠴᠢᠨ ᠬᠤᠲᠠ︶ ᠳᠤ ᠬᠠᠷᠢᠶᠠᠯᠠᠭᠳᠠᠵᠤ᠂ ᠪᠠᠷᠤᠭ 5 ᠳ᠋ᠤᠭᠠᠷ ᠵᠠᠭᠤᠨ ᠤ ᠳᠠᠯᠠᠭᠠᠳ ᠣᠨ ᠤ ᠡᠬᠢ ᠪᠠᠷ ᠦᠴᠦᠸᠠᠨ ᠪᠠᠯᠭᠠᠰᠤ ᠶᠢ ᠡᠬᠢᠯᠡᠨ ᠪᠠᠶᠢᠭᠤᠯᠵᠠᠢ᠂ ᠡᠭᠦᠨ ᠤ ᠳᠡᠭᠡᠷ᠎ᠡ ᠠᠳᠠᠯᠢ ᠬᠤᠭᠤᠴᠠᠭᠠᠨ ᠳᠤ ᠪᠠᠶᠢᠭᠤᠯᠤᠭᠰᠠᠨ ᠹᠦ᠋ ᠮᠢᠩ ᠪᠠᠯᠭᠠᠰᠤ ᠶᠢ ᠨᠡᠮᠡᠪᠡᠯ ᠵᠢᠷᠭᠤᠭᠠᠨ ᠪᠠᠯᠭᠠᠰᠤ ᠨᠢ ᠨᠡᠮᠡᠭᠳᠡᠭᠡᠳ ᠨᠠᠢᠮᠠᠨ ᠪᠠᠯᠭᠠᠰᠤ ᠪᠣᠯᠤᠭᠰᠠᠨ ᠪᠤᠯᠪᠠᠴᠤ ᠮᠥᠨ ᠯᠡ︽ᠵᠢᠷᠭᠤᠭᠠᠨ ᠪᠠᠯᠭᠠᠰᠤ︾ᠭᠡᠳᠡᠭ᠃ ᠦᠴᠦᠸᠠᠨ ᠪᠠᠯᠭᠠᠰᠤ ᠪᠣᠯ ᠵᠢᠷᠭᠤᠭᠠᠨ ᠪᠠᠯᠭᠠᠰᠤᠨ ᠤ ᠳᠣᠲᠣᠷᠠᠬᠢ ᠨᠡᠯᠢᠶᠡᠳ ᠬᠦᠴᠦᠷᠬᠡᠭ ᠪᠠᠯᠭᠠᠰᠤ ᠪᠣᠯᠣᠨ᠎ᠠ᠃       ᠲᠠᠢ ᠾᠧ ᠶᠢᠨ ᠠᠷᠪᠠᠨ ᠨᠠᠢᠮᠠᠳᠤᠭᠠᠷ ᠣᠨ︵ᠣᠨ ᠲᠣᠭᠠᠯᠠᠯ ᠤᠨ 494 ᠣᠨ︶ ᠳᠤ ᠰᠢᠶᠣᠣ ᠸᠧᠨ ᠳ᠋ᠢ ᠬᠠᠭᠠᠨ ᠪᠡᠶ᠎ᠡ ᠪᠠᠷ ᠢᠶᠠᠨ ᠮᠤᠨᠢ ᠠᠭᠤᠯᠠ ᠶᠢᠨ ᠲᠠᠭᠢᠯᠭ᠎ᠠ ᠶᠢ ᠡᠷᠭᠢᠯᠡᠭᠰᠡᠨ ᠠᠴᠠ ᠬᠤᠶᠢᠰᠢ ᠲᠠᠢ ᠾᠧ ᠶᠢᠨ ᠬᠤᠷᠢᠨ ᠨᠢᠭᠡᠳᠦᠭᠡᠷ ᠣᠨ ︵ᠣᠨ ᠲᠣᠭᠠᠯᠠᠯ ᠤᠨ 497 ᠣᠨ︶ ᠳᠤ ᠰᠢᠶᠣᠣ ᠸᠧᠨ ᠳ᠋ᠢ ᠬᠠᠭᠠᠨ ᠬᠠᠭᠠᠨ ᠤ ᠤᠩᠭᠤᠨ ᠳᠤ ᠪᠠᠷᠠᠳᠠᠭᠰᠠᠨ ᠪᠤᠯᠪᠠᠴᠤ ᠮᠤᠨᠢ ᠠᠭᠤᠯᠠ ᠪᠠᠷ ᠲᠣᠭᠤᠷᠢᠨ ᠪᠠᠶᠢᠴᠠᠭᠠᠭᠰᠠᠨ ᠦᠭᠡᠢ᠂ ᠰᠢᠶᠣᠣ ᠸᠧᠨ ᠳ᠋ᠢ ᠬᠠᠭᠠᠨ ᠤ ᠳᠠᠷᠠᠭᠠᠬᠢ ᠤᠮᠠᠷᠠᠲᠤ ᠸᠧᠢ ᠤᠯᠤᠰ ᠤᠨ ᠬᠠᠭᠠᠨ ᠱᠧᠩ ᠯᠧ - ᠮᠤᠨᠢ ᠠᠭᠤᠯᠠ ᠶᠢ ᠲᠣᠭᠤᠷᠢᠨ ᠪᠠᠶᠢᠴᠠᠭᠠᠬᠤ ᠪᠠᠨ ᠪᠣᠯᠢᠵᠠᠢ᠃ ᠤᠮᠠᠷᠠᠲᠤ ᠴᠢ ᠤᠯᠤᠰ ᠤᠨ ᠦᠶ᠎ᠡ ᠳᠤ ᠭᠦᠷᠦᠭᠡᠳ ᠲᠠᠭᠢᠯᠭ᠎ᠠ ᠶᠢᠨ ᠮᠠᠨᠳᠠᠯ ᠢ ᠥᠭᠡᠷᠡᠴᠢᠯᠡᠨ ᠠᠰᠢᠭᠯᠠᠭᠠᠳ ᠴᠡᠷᠢᠭ ᠤᠨ ᠪᠠᠬᠢᠯᠡᠯᠲᠡ ᠪᠣᠯᠭᠠᠵᠠᠢ᠃      ᠤᠩᠭᠤᠨ ᠳᠠᠪᠠᠭᠠᠨ ᠣᠷᠣᠢ ᠶᠢᠨ ᠪᠠᠭᠤᠷᠢ ᠶᠢ ᠢᠯᠡᠷᠡᠭᠦᠯᠦᠭᠰᠡᠨ ᠪᠠ ᠲᠡᠭᠦᠨ ᠤ ᠰᠢᠨᠵᠢ ᠴᠢᠨᠠᠷ ᠢ ᠮᠠᠭᠠᠳᠯᠠᠨ ᠲᠣᠭᠲᠠᠭᠠᠭᠰᠠᠨ ᠶᠠᠪᠤᠳᠠᠯ ᠨᠢ ᠸᠧᠢ ᠶᠢᠨ ᠡᠮᠦᠨᠡᠲᠦ ᠤᠮᠠᠷᠠᠲᠤ ᠲᠦᠷᠦ ᠶᠢᠨ ᠦᠶ᠎ᠡ ᠶᠢᠨ ᠬᠠᠭᠠᠨ ᠤ ᠤᠭᠰᠠᠭᠠᠲᠠᠨ ᠤ ᠲᠡᠭᠷᠢ ᠲᠠᠭᠢᠯᠭ᠎ᠠ ᠶᠢᠨ ᠦᠯᠡᠳᠡᠭᠳᠡᠯ ᠤᠨ ᠰᠤᠳᠤᠯᠭᠠᠨ ᠤ ᠬᠤᠭᠤᠰᠤᠨ ᠢ ᠨᠥᠬᠦᠪᠦᠷᠢᠯᠡᠭᠰᠡᠨ ᠪᠠᠶᠢᠨ᠎ᠠ᠃      ︽ᠤᠩᠭᠤᠨ ᠳᠠᠪᠠᠭᠠᠨ ᠣᠷᠣᠢ ᠶᠢᠨ ᠪᠠᠭᠤᠷᠢ ᠶᠢᠨ ᠦᠨᠡᠨ ᠳᠦᠷᠢ︾ ᠶᠢ ᠢᠯᠡᠷᠡᠭᠦᠯᠪᠡ      ᠤᠩᠭᠤᠨ ᠳᠠᠪᠠᠭᠠᠨ ᠣᠷᠣᠢ ᠶᠢᠨ ᠪᠠᠭᠤᠷᠢ ᠶᠢ ᠢᠯᠡᠷᠡᠭᠦᠯᠦᠭᠰᠡᠨ ᠡᠬᠢᠨ ᠤ ᠦᠶ᠎ᠡ ᠳᠤ ᠭᠠᠳᠠᠨ᠎ᠠ ᠠᠴᠠ ᠨᠢ ᠦᠵᠡᠪᠡᠯ ᠨᠢᠭᠡ ᠪᠥᠮᠪᠥᠷᠭᠡᠨ ᠲᠣᠮᠣ ᠰᠢᠷᠣᠢ ᠶᠢᠨ ᠣᠪᠣᠭ᠎ᠠ ᠲᠡᠳᠦᠢ ᠪᠠᠶᠢᠵᠠᠢ᠃ ᠡᠨᠡ ᠬᠦ ᠢᠮᠠᠭᠠᠨ ᠰᠦᠷᠦᠭ ᠲᠤ ᠲᠡᠮᠡᠭᠡ ᠵᠣᠭᠰᠣᠭᠰᠠᠨ ᠮᠡᠲᠦ ᠣᠪᠣᠭ᠎ᠠ ᠶᠠᠮᠠᠷ ᠨᠢᠭᠡᠨ ᠲᠡᠦᠬᠡᠨ ᠴᠠᠭ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠦᠯᠡᠳᠡᠭᠳᠡᠯ ᠪᠠᠶᠢᠵᠤ ᠮᠡᠳᠡᠨ᠎ᠡ ᠭᠡᠵᠦ ᠵᠠᠷᠢᠮ ᠡᠷᠳᠡᠮᠲᠡᠨ ᠳᠤᠷᠠᠳᠤᠭᠰᠠᠨ ᠪᠠᠶᠢᠳᠠᠭ᠃ 2014 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠬᠠᠭᠤᠴᠢ ᠰᠤᠳᠤᠯᠤᠯ ᠤᠨ ᠬᠦᠷᠢᠶᠡᠯᠡᠩ ᠤᠨ ᠠᠵᠢᠯᠲᠠᠨ ᠤᠩᠭᠤᠨ ᠳᠠᠪᠠᠭᠠᠨ ᠣᠷᠣᠢ ᠶᠢᠨ ᠪᠠᠭᠤᠷᠢ ᠶᠢ ᠨᠠᠷᠢᠯᠢᠭ ᠪᠠᠶᠢᠴᠠᠭᠠᠪᠠ᠂ ᠪᠠᠭᠤᠷᠢ ᠶᠢᠨ ᠭᠡᠯᠪᠡᠷᠢ ᠪᠦᠲᠦᠴᠡ ᠪᠣᠯᠣᠨ ᠭᠠᠵᠠᠷ ᠤᠨ ᠭᠠᠳᠠᠷᠭᠤ ᠠᠴᠠ ᠠᠪᠤᠭᠰᠠᠨ ᠦᠯᠡᠳᠡᠭᠳᠡᠯ ᠪᠣᠳᠠᠰ ᠢ ᠶᠡᠷᠦᠩᠬᠡᠶᠢᠯᠡᠨ ᠵᠠᠳᠠᠯᠵᠤ᠂ ᠳᠠᠭᠢᠨ ᠰᠤᠷᠪᠤᠯᠵᠢ ᠪᠢᠴᠢᠭ ᠤᠨ ᠲᠡᠮᠳᠡᠭᠯᠡᠯ ᠲᠠᠢ ᠤᠶᠠᠯᠳᠤᠭᠤᠯᠤᠭᠠᠳ᠂ ᠤᠮᠠᠷᠠᠲᠤ ᠸᠧᠢ ᠤᠯᠤᠰ ᠤᠨ ᠦᠶ᠎ᠡ ᠶᠢᠨ ᠶᠣᠰᠣᠯᠠᠯ ᠳᠦᠷᠢᠮ ᠤᠨ ᠪᠠᠷᠢᠯᠭ᠎ᠠ ᠶᠢᠨ ᠦᠯᠡᠳᠡᠭᠳᠡᠯ ᠪᠤᠯᠬᠤ ᠶᠢ ᠠᠩᠬ᠎ᠠ ᠠᠯᠬᠤᠮ ᠨᠤᠲᠠᠯᠠᠭᠰᠠᠨ ᠪᠠᠶᠢᠨ᠎ᠠ᠃      2022 ᠣᠨ ᠳᠤ᠂ ᠬᠠᠭᠤᠴᠢ ᠰᠤᠳᠤᠯᠤᠭᠴᠢᠳ ᠤᠩᠭᠤᠨ ᠳᠠᠪᠠᠭᠠᠨ ᠣᠷᠣᠢ ᠶᠢᠨ ᠪᠠᠭᠤᠷᠢ ᠶᠢ ᠬᠠᠭᠠᠰ ᠵᠢᠯ ᠦᠷᠭᠦᠯᠵᠢᠯᠡᠨ ᠮᠠᠯᠲᠠᠵᠤ ᠠᠭᠤᠳᠠᠯᠪᠠ᠃ ᠡᠨᠡ ᠤᠳᠠᠭᠠᠨ ᠤ ᠠᠭᠤᠳᠠᠯᠤᠭᠰᠠᠨ ᠭᠤᠣᠯ ᠬᠠᠷᠠᠯᠲᠠ ᠪᠣᠯ ᠪᠠᠭᠤᠷᠢ ᠶᠢᠨ ᠡᠯ᠎ᠡ ᠵᠦᠢᠯ ᠤᠨ ᠦᠯᠡᠳᠡᠭᠳᠡᠯ ᠳᠤ ᠵᠠᠳᠠᠯᠤᠯᠲᠠ ᠬᠢᠬᠦ ᠶᠠᠪᠤᠳᠠᠯ ᠪᠣᠯᠣᠨ᠎ᠠ᠂ ᠲᠡᠭᠡᠭᠡᠳ ᠨᠡᠯᠢᠶᠡᠳ ᠲᠣᠳᠣᠷᠬᠠᠢ ᠴᠠᠭ ᠤᠨ ᠲᠡᠩᠭᠡᠯᠢᠭ ᠲᠠᠢ ᠪᠣᠯᠵᠤ᠂ ᠮᠠᠯᠲᠠᠵᠤ ᠭᠠᠷᠭᠠᠭᠰᠠᠨ ᠸᠠᠭᠠᠷ ᠰᠠᠪᠠ᠂ ᠶᠠᠰᠤᠨ ᠬᠡᠷᠡᠭᠰᠡᠯ᠂ ᠴᠢᠯᠠᠭᠤᠨ ᠵᠡᠪᠰᠡᠭ ᠵᠡᠷᠭᠡ ᠠᠴᠠ ᠨᠢ ᠦᠵᠡᠪᠡᠯ᠂ ᠣᠨ ᠵᠢᠯ ᠨᠢ ᠤᠮᠠᠷᠠᠲᠤ ᠸᠧᠢ ᠤᠯᠤᠰ ᠪᠠ ᠤᠮᠠᠷᠠᠲᠤ ᠴᠢ ᠤᠯᠤᠰ ᠤᠨ ᠦᠶ᠎ᠡ ᠳᠤ ᠲᠥᠪᠯᠡᠷᠡᠵᠦ ᠪᠠᠶᠢᠪᠠ᠃︽ᠣᠳᠣᠬᠠᠨ ᠳᠤ ᠪᠢᠳᠡ ᠶᠠᠭ ᠦᠴᠦᠸᠠᠨ ᠰᠢᠶᠠᠨ ᠤ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠲᠥᠪ ᠲᠠᠢ ᠬᠠᠮᠲᠤ ᠡᠨᠡ ᠬᠡᠳᠦᠨ ᠵᠢᠯ ᠤᠨ ᠮᠠᠯᠲᠠᠵᠤ ᠠᠭᠤᠳᠠᠯᠤᠭᠰᠠᠨ ᠦᠷ᠎ᠡ ᠪᠦᠲᠦᠭᠡᠯ ᠤᠨ ᠲᠤᠬᠠᠢ ᠡᠮᠬᠢᠯᠡᠬᠦ ᠠᠵᠢᠯ ᠢ ᠬᠢᠵᠦ ᠪᠠᠶᠢᠨ᠎ᠠ︾ᠭᠡᠵᠦ 4 ᠤᠳᠠᠭ᠎ᠠ ᠮᠠᠯᠲᠠᠵᠤ ᠠᠭᠤᠳᠠᠯᠬᠤ ᠠᠵᠢᠯ ᠳᠤ ᠤᠷᠤᠯᠴᠠᠬᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠬᠦᠷᠢᠶᠡᠯᠡᠩ ᠤᠨ ᠠᠵᠢᠯᠲᠠᠨ ᠰᠢᠶᠠ ᠶᠤᠸᠠᠢ ᠱᠧᠩ ᠬᠡᠯᠡᠪᠡ᠃
     ᠤᠩᠭᠤᠨ ᠳᠠᠪᠠᠭᠠᠨ ᠣᠷᠣᠢ ᠶᠢᠨ ᠪᠠᠭᠤᠷᠢ ᠶᠢᠨ ᠮᠠᠨᠳᠠᠯ ᠳᠤ ᠭᠠᠷᠬᠤ ᠱᠠᠲᠤ      ᠣᠶᠢᠯᠠᠭᠠᠭᠰᠠᠨ ᠢᠶᠠᠷ᠂ ᠤᠩᠭᠤᠨ ᠳᠠᠪᠠᠭᠠᠨ ᠣᠷᠣᠢ ᠶᠢᠨ ᠪᠠᠭᠤᠷᠢ ᠶᠢᠨ ᠲᠠᠷᠬᠠᠯᠲᠠ ᠶᠢᠨ ᠲᠠᠯᠠᠪᠠᠶ ᠨᠢ ᠪᠠᠷᠤᠭ 10000 ᠲᠡᠭᠰᠢ ᠳᠥᠷᠪᠡᠯᠵᠢᠨ ᠮᠧᠲᠷ ᠪᠠᠶᠢᠨ᠎ᠠ᠃ 2019 ᠣᠨ - 2022 ᠣᠨ ᠤ ᠬᠠᠭᠤᠴᠢ ᠰᠤᠳᠤᠯᠤᠯ ᠤᠨ ᠠᠭᠤᠳᠠᠯᠤᠯᠲᠠ ᠪᠠᠷ ᠳᠡᠮᠵᠢᠨ᠂ ᠢᠯᠡᠷᠡᠭᠦᠯᠦᠭᠰᠡᠨ ᠲᠠᠯᠠᠪᠠᠶ ᠨᠢ 2000 ᠭᠠᠷᠤᠢ ᠲᠡᠭᠰᠢ ᠳᠥᠷᠪᠡᠯᠵᠢᠨ ᠮᠧᠲᠷ ᠲᠤ ᠬᠦᠷᠴᠦ᠂ ᠪᠠᠭᠤᠷᠢ ᠶᠢᠨ ᠭᠡᠯᠪᠡᠷᠢ ᠪᠦᠲᠦᠴᠡ ᠶᠢ ᠲᠣᠭᠲᠠᠭᠠᠨ᠂ ᠳᠣᠲᠣᠷ᠎ᠠ ᠠᠴᠠ ᠭᠠᠳᠠᠭᠰᠢ ᠮᠠᠨᠳᠠᠯ᠂ ᠳᠣᠲᠣᠷ᠎ᠠ ᠭᠤᠤ᠂ ᠳᠣᠲᠣᠷ᠎ᠠ ᠬᠡᠷᠡᠮ᠂ ᠭᠠᠳᠠᠨ᠎ᠠ ᠬᠡᠷᠡᠮ᠂ ᠭᠠᠳᠠᠨ᠎ᠠ ᠭᠤᠤ ᠵᠡᠷᠭᠡ 5 ᠬᠡᠰᠡᠭ ᠢᠶᠠᠷ ᠪᠦᠷᠢᠯᠳᠦᠵᠦ᠂ ᠶᠡᠷᠦᠩᠬᠡᠢ ᠳ᠋ᠢᠶᠠᠮᠧᠲᠷ  ᠨᠢ 100 ᠮᠧᠲᠷ ᠰᠢᠬᠠᠮ ᠪᠠᠶᠢᠵᠤ᠂ ᠮᠠᠯᠲᠠᠵᠤ ᠭᠠᠷᠭᠠᠭᠰᠠᠨ ᠦᠯᠡᠳᠡᠭᠳᠡᠯ ᠪᠣᠳᠠᠰ ᠢ ᠤᠮᠠᠷᠠᠲᠤ ᠸᠧᠢ ᠤᠯᠤᠰ ᠤᠨ ᠲᠠᠭᠢᠯᠭ᠎ᠠ ᠶᠢᠨ ᠦᠯᠡᠳᠡᠭᠳᠡᠯ᠂ ᠤᠮᠠᠷᠠᠲᠤ ᠴᠢ ᠤᠯᠤᠰ ᠤᠨ ᠴᠡᠷᠢᠭ ᠤᠨ ᠶᠠᠪᠤᠳᠠᠯ ᠤᠨ ᠦᠯᠡᠳᠡᠭᠳᠡᠯ ᠭᠡᠵᠦ ᠬᠤᠶᠠᠷ ᠬᠤᠭᠤᠴᠠᠭ᠎ᠠ ᠬᠤᠪᠢᠶᠠᠵᠤ ᠪᠣᠯᠣᠨ᠎ᠠ᠃      ᠪᠠᠭᠤᠷᠢ ᠶᠢᠨ ᠳᠤᠮᠳᠠ ᠬᠡᠰᠡᠭ ᠨᠢ ᠨᠢᠭᠡ ᠲᠣᠭᠤᠷᠢᠭ ᠭᠡᠯᠪᠡᠷᠢ ᠲᠠᠢ ᠮᠠᠨᠳᠠᠯ ᠪᠣᠯᠣᠨ᠎ᠠ᠂ ᠭᠠᠳᠠᠨ᠎ᠠ ᠭᠦᠪᠡᠭᠡ ᠨᠢ ᠬᠠᠩᠳᠠᠭᠰᠠᠨ ᠰᠢᠷᠣᠢ ᠶᠢᠨ ᠬᠡᠷᠡᠮ ᠪᠠᠶᠢᠵᠤ᠂ ᠳᠣᠲᠣᠷ᠎ᠠ ᠲᠠᠯ᠎ᠠ ᠶᠢ ᠨᠢ ᠰᠢᠷᠣᠢ ᠪᠠᠷ ᠳᠦᠭᠦᠷᠭᠡᠭᠡᠳ᠂ ᠲᠠᠪᠴᠠᠩ ᠮᠠᠶ᠋ᠢᠭ ᠤᠨ ᠲᠣᠭᠤᠷᠢᠭ ᠮᠠᠨᠳᠠᠯ ᠢ ᠴᠣᠭᠴᠠᠯᠠᠨ᠂ ᠮᠠᠨᠳᠠᠯ ᠤᠨ ᠭᠠᠳᠠᠭᠤᠷ ᠨᠢ ᠮᠠᠨᠳᠠᠯ ᠳᠤ ᠭᠠᠷᠬᠤ ᠱᠠᠲᠤ ᠪᠠᠷ ᠬᠦᠷᠢᠶᠡᠯᠡᠵᠡᠢ᠃ ᠮᠠᠨᠳᠠᠯ ᠢ ᠲᠡᠭᠰᠢ ᠭᠠᠵᠠᠷ ᠠᠴᠠ ᠡᠬᠢᠯᠡᠨ ᠪᠠᠶᠢᠭᠤᠯᠵᠤ᠂ ᠳᠣᠣᠷ᠎ᠠ ᠠᠴᠠ ᠳᠡᠭᠡᠭᠰᠢ ᠪᠠᠨ ᠠᠭᠠᠵᠢᠮ ᠢᠶᠠᠷ ᠵᠢᠰᠢᠭᠦᠦ ᠪᠣᠯᠵᠤ᠂ ᠣᠭᠲᠣᠯᠣᠭᠠᠰᠤ ᠨᠢ ᠱᠠᠲᠤᠯᠵᠢᠨ ᠭᠡᠯᠪᠡᠷᠢ ᠲᠠᠢ᠂ ᠰᠠᠭᠤᠷᠢ ᠬᠡᠰᠡᠭ ᠤᠨ ᠳ᠋ᠢᠶᠠᠮᠧᠲᠷ ᠨᠢ ᠪᠠᠷᠤᠭ 34.5 ᠮᠧᠲᠷ᠂ ᠣᠷᠣᠢ ᠶᠢᠨ ᠬᠡᠰᠡᠭ ᠤᠨ ᠳ᠋ᠢᠶᠠᠮᠧᠲᠷ ᠨᠢ ᠪᠠᠷᠤᠭ 23.5 ᠮᠧᠲᠷ᠂ ᠦᠯᠡᠳᠡᠭᠳᠡᠯ ᠤᠨ ᠥᠨᠳᠥᠷ ᠨᠢ 2.9 - 4.4 ᠮᠧᠲᠷ ᠪᠤᠢ᠃ ᠬᠠᠩᠳᠠᠭᠰᠠᠨ ᠰᠢᠷᠣᠢ ᠶᠢᠨ ᠲᠠᠪᠴᠠᠩ ᠤᠨ ᠭᠠᠳᠠᠨ᠎ᠠ ᠲᠠᠯ᠎ᠠ ᠪᠠᠷ ᠨᠢ ᠲᠣᠭᠤᠷᠢᠭᠠᠳ ᠱᠠᠲᠤ ᠲᠠᠢ᠂ ᠳᠡᠭᠡᠷ᠎ᠡ ᠳᠣᠣᠷ᠎ᠠ ᠨᠡᠶᠢᠲᠡ 13 ᠱᠠᠲᠤ ᠲᠠᠢ᠂ ᠱᠠᠲᠤ ᠪᠦᠷᠢ ᠶᠢᠨ ᠥᠨᠳᠥᠷ ᠨᠢ ᠪᠠᠷᠤᠭ 30 ᠰᠠᠨᠲ᠋ᠢᠮᠧᠲᠷ᠂ ᠥᠷᠭᠡᠨ ᠨᠢ ᠪᠠᠷᠤᠭ 40 ᠰᠠᠨᠲ᠋ᠢᠮᠧᠲᠷ ᠪᠠᠶᠢᠳᠠᠭ᠃ ᠤᠮᠠᠷᠠᠲᠤ ᠴᠢ ᠤᠯᠤᠰ ᠤᠨ ᠦᠶ᠎ᠡ ᠳᠤ ᠮᠠᠨᠳᠠᠯ ᠢ ᠥᠭᠡᠷᠡᠴᠢᠯᠡᠨ ᠪᠠᠶᠢᠭᠤᠯᠬᠤ ᠳᠠᠭᠠᠨ ᠳᠣᠲᠣᠷ᠎ᠠ ᠶᠢ ᠨᠢ ᠬᠤᠭᠤᠰᠤᠯᠠᠭᠠᠳ᠂ ᠵᠡᠭᠦᠨ ᠡᠮᠦᠨ᠎ᠡ ᠨᠢ ᠬᠠᠭᠠᠯᠭ᠎ᠠ ᠭᠠᠷᠭᠠᠨ᠂ ᠴᠡᠷᠢᠭ ᠤᠨ ᠪᠠᠬᠢᠯᠡᠯᠲᠡ ᠪᠣᠯᠭᠠᠵᠠᠢ᠃ ᠮᠠᠨᠳᠠᠯ ᠤᠨ ᠳᠣᠲᠣᠷᠠᠬᠢ ᠭᠡᠷ ᠲᠠᠬᠢ ᠰᠢᠷᠣᠢ ᠶᠢᠨ ᠨᠦᠬᠡ ᠪᠠ ᠭᠡᠷ ᠤᠨ ᠪᠠᠭᠤᠷᠢ ᠳᠡᠭᠡᠷᠡᠬᠢ ᠣᠪᠣᠭᠠᠨ ᠠᠴᠠ ᠤᠮᠠᠷᠠᠲᠤ ᠴᠢ ᠤᠯᠤᠰ ᠤᠨ ᠬᠦᠷᠡᠯ ᠵᠣᠭᠤᠰ᠂ ᠸᠠᠭᠠᠷ ᠰᠠᠪᠠ ᠵᠢᠴᠢ ᠠᠷᠪᠢᠨ ᠴᠡᠷᠢᠭ ᠤᠨ ᠵᠡᠪᠰᠡᠭ᠂ ᠠᠮᠢᠳᠤᠷᠠᠯ ᠤᠨ ᠬᠡᠷᠡᠭᠰᠡᠯ ᠵᠡᠷᠭᠡ ᠶᠢ ᠮᠠᠯᠲᠠᠵᠤ ᠢᠯᠡᠷᠡᠭᠦᠯᠦᠭᠰᠡᠨ ᠨᠢ ᠭᠡᠷ ᠪᠠᠶᠢᠰᠢᠩ ᠤᠨ ᠪᠠᠭᠤᠷᠢ ᠪᠠ ᠰᠢᠷᠣᠢ ᠶᠢᠨ ᠬᠤᠲᠣᠭᠤᠷ ᠨᠢ ᠪᠦᠷ ᠤᠮᠠᠷᠠᠲᠤ ᠴᠢ ᠤᠯᠤᠰ ᠤᠨ ᠦᠯᠡᠳᠡᠭᠳᠡᠯ ᠪᠤᠯᠬᠤ ᠶᠢ ᠬᠠᠷᠠᠭᠤᠯᠵᠤ ᠪᠠᠶᠢᠨ᠎ᠠ᠃ ᠮᠠᠨᠳᠠᠯ ᠤᠨ ᠭᠠᠳᠠᠭᠤᠷ ᠳᠣᠲᠣᠷ᠎ᠠ᠂ ᠭᠠᠳᠠᠨ᠎ᠠ ᠬᠤᠶᠠᠷ ᠲᠣᠭᠤᠷᠢᠯ ᠭᠤᠤ ᠲᠠᠢ᠂ ᠳᠣᠲᠣᠷ᠎ᠠ ᠭᠤᠤ ᠶᠢᠨ ᠢᠷᠤᠭᠠᠷ ᠠᠴᠠ ᠮᠣᠷᠢ ᠪᠠ ᠬᠤᠨᠢᠨ ᠤ ᠶᠠᠰᠤ ᠣᠯᠳᠠᠵᠠᠢ᠃ ᠳᠣᠲᠣᠷ᠎ᠠ ᠭᠤᠤ᠂ ᠭᠠᠳᠠᠨ᠎ᠠ ᠭᠤᠤ ᠶᠢᠨ ᠬᠤᠭᠤᠷᠣᠨᠳᠤ ᠨᠢ ᠳᠣᠲᠣᠷ᠎ᠠ ᠬᠡᠷᠡᠮ᠂ ᠭᠠᠳᠠᠨ᠎ᠠ ᠬᠡᠷᠡᠮ ᠲᠠᠢ᠂ ᠳᠠᠷᠤᠢ ᠬᠠᠭᠠᠨ ᠲᠡᠭᠷᠢ ᠲᠠᠭᠢᠬᠤ ᠳᠤ ᠪᠢᠴᠢᠭ ᠴᠡᠷᠢᠭ ᠤᠨ ᠨᠣᠶᠠᠳ ᠲᠦᠰᠢᠮᠡᠳ ᠪᠠᠷ᠎ᠠ ᠪᠣᠯᠵᠤ ᠵᠣᠬᠰᠣᠬᠤ ᠲᠠᠪᠴᠠᠩ ᠪᠣᠯᠣᠨ᠎ᠠ᠃ ᠲᠤᠰ ᠪᠠᠭᠤᠷᠢ ᠬᠠᠨ ᠤᠯᠤᠰ ᠸᠧᠢ ᠤᠯᠤᠰ ᠠᠴᠠ ᠨᠠᠭᠠᠰᠢᠬᠢ ᠶᠣᠰᠣᠯᠠᠯ ᠳᠦᠷᠢᠮ ᠤᠨ ᠪᠠᠷᠢᠯᠭ᠎ᠠ ᠶᠢᠨ ᠣᠨᠴᠠᠯᠢᠭ ᠢ ᠠᠭᠤᠰᠬᠠᠨ᠂ ᠢᠯᠡᠷᠬᠡᠢ ᠳᠠᠭᠢᠯᠭ᠎ᠠ ᠶᠢᠨ ᠦᠢᠯᠡᠳᠦᠯ ᠲᠠᠢ ᠪᠠᠶᠢᠬᠤ ᠶᠢ ᠬᠠᠷᠠᠭᠤᠯᠵᠠᠢ᠃
     ᠤᠩᠭᠤᠨ ᠳᠠᠪᠠᠭᠠᠨ ᠣᠷᠣᠢ ᠶᠢᠨ ᠪᠠᠭᠤᠷᠢ ᠠᠴᠠ ᠣᠯᠳᠠᠭᠰᠠᠨ ᠸᠠᠭᠠᠷ ᠰᠠᠪᠠ      ᠭᠦᠭᠡᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠪᠠ ᠬᠠᠭᠤᠴᠢ ᠰᠤᠳᠤᠯᠤᠯ ᠤᠨ ᠲᠥᠪ ᠤᠨ ᠠᠵᠢᠯᠲᠠᠨ ᠳ᠋ᠦᠩ ᠰᠠᠷᠠᠨ᠎ᠠ 2021 ᠣᠨ ᠪᠠ 2022 ᠣᠨ ᠳᠤ 2 ᠤᠳᠠᠭᠠᠨ ᠤ ᠮᠠᠯᠲᠠᠵᠤ ᠠᠭᠤᠳᠠᠯᠬᠤ ᠠᠵᠢᠯ ᠳᠤ ᠣᠷᠣᠯᠴᠠᠪᠠ᠂ ᠲᠡᠭᠦᠨ ᠤ ᠦᠵᠡᠬᠦ ᠪᠠᠷ᠂︽ᠤᠩᠭᠤᠨ ᠳᠠᠪᠠᠭᠠᠨ ᠣᠷᠣᠢ ᠶᠢᠨ ᠪᠠᠭᠤᠷᠢ ᠪᠣᠯ ᠡᠨᠡ ᠬᠦ ᠬᠤᠭᠤᠴᠠᠭᠠᠨ ᠤ ᠭᠡᠯᠪᠡᠷᠢ ᠪᠦᠲᠦᠴᠡ ᠨᠢ ᠲᠣᠳᠣᠷᠬᠠᠢ᠂ ᠴᠣᠭᠴᠠ ᠨᠢ ᠨᠡᠯᠢᠶᠡᠳ ᠶᠡᠭᠡ᠂ ᠨᠡᠯᠢᠶᠡᠳ ᠰᠠᠶᠢᠨ ᠬᠠᠳᠠᠭᠠᠯᠠᠭᠳᠠᠵᠤ ᠪᠠᠶᠢᠭ᠎ᠠ ᠲᠠᠭᠢᠯᠭ᠎ᠠ ᠶᠢᠨ ᠪᠠᠷᠢᠯᠭ᠎ᠠ ᠶᠢᠨ ᠦᠯᠡᠳᠡᠭᠳᠡᠯ ᠪᠠᠭᠤᠷᠢ ᠪᠣᠯᠣᠨ᠎ᠠ᠂ ᠲᠡᠭᠦᠨ ᠤ ᠭᠡᠯᠪᠡᠷᠢ ᠪᠦᠲᠦᠴᠡ ᠨᠢ ᠳᠤᠮᠳᠠᠳᠤ ᠤᠯᠤᠰ ᠤᠨ ᠤᠯᠠᠮᠵᠢᠯᠠᠯᠲᠤ ᠲᠠᠭᠢᠯᠭ᠎ᠠ ᠶᠢᠨ ᠶᠣᠰᠣ ᠳᠦᠷᠢᠮ ᠤᠨ ᠪᠠᠷᠢᠯᠭ᠎ᠠ ᠲᠠᠢ ᠤᠯᠠᠮᠵᠢᠯᠠᠯ ᠨᠢᠭᠡᠲᠡᠢ︾ ᠭᠡᠪᠡ᠃      ︽ᠬᠡᠳᠦᠶᠢᠪᠡᠷ ᠲᠡᠦᠬᠡᠨ ᠪᠢᠴᠢᠭ ᠳᠡᠭᠡᠷ᠎ᠡ ᠤᠮᠠᠷᠠᠲᠤ ᠸᠧᠢ ᠤᠯᠤᠰ ᠤᠨ ᠬᠠᠭᠠᠨ ᠤ ᠤᠭᠰᠠᠭᠠᠨ ᠤ ᠲᠡᠭᠷᠢ ᠲᠠᠭᠢᠬᠤ ᠲᠤᠬᠠᠢ ᠲᠡᠮᠳᠡᠭᠯᠡᠯ ᠠᠷᠪᠢᠨ ᠪᠠᠶᠢᠪᠠᠴᠤ᠂ ᠡᠨᠡ ᠤᠳᠠᠭᠠᠨ ᠤ ᠠᠭᠤᠳᠠᠯᠤᠯᠲᠠ ᠠᠴᠠ ᠡᠮᠦᠨ᠎ᠡ ᠢᠯᠡ ᠲᠣᠳᠣᠷᠬᠠᠢ ᠤᠮᠠᠷᠠᠲᠤ ᠸᠧᠢ ᠤᠯᠤᠰ ᠤᠨ ᠬᠠᠭᠠᠨ ᠤ ᠤᠭᠰᠠᠭᠠᠨ ᠤ ᠲᠡᠭᠷᠢ ᠲᠠᠭᠢᠬᠤ ᠪᠠᠷᠢᠯᠭ᠎ᠠ ᠶᠢᠨ ᠪᠠᠭᠤᠷᠢ ᠶᠢ ᠢᠯᠡᠷᠡᠭᠦᠯᠦᠭᠰᠡᠨ ᠦᠭᠡᠢ᠃ ᠠᠳᠡᠬᠢ ᠬᠠᠭᠠᠨ ᠤ ᠤᠭᠰᠠᠭᠠᠨ ᠤ ᠲᠠᠭᠢᠯᠭ᠎ᠠ ᠶᠢᠨ ᠪᠠᠭᠤᠷᠢ ᠭᠡᠯᠪᠡᠷᠢ ᠪᠦᠲᠦᠴᠡ ᠶᠢᠨ ᠲᠠᠯ᠎ᠠ ᠪᠠᠷ ᠵᠦᠩᠶᠤᠸᠠᠨ ᠣᠷᠣᠨ ᠤ ᠸᠠᠩᠲᠤ ᠲᠥᠷᠥ ᠶᠢᠨ ᠲᠠᠭᠢᠯᠭ᠎ᠠ ᠶᠢᠨ ᠶᠣᠰᠣᠯᠠᠯ ᠳᠦᠷᠢᠮ ᠪᠠ ᠤᠮᠠᠷᠠᠲᠤ ᠶᠢᠨ ᠨᠡᠭᠦᠳᠡᠯᠴᠢᠨ ᠦᠨᠳᠦᠰᠦᠲᠡᠨ ᠤ ᠲᠠᠭᠢᠯᠭ᠎ᠠ ᠶᠢᠨ ᠤᠯᠠᠮᠵᠢᠯᠠᠯ ᠢ ᠤᠶᠠᠯᠳᠤᠭᠤᠯᠵᠤ᠂ ᠣᠨ ᠵᠢᠯ ᠨᠢ ᠰᠢ ᠠᠨ ᠤ ᠰᠦᠢ ᠲᠠᠩ ᠤᠨ ᠦᠶ᠎ᠡ ᠶᠢᠨ ᠶᠤᠸᠠᠨ ᠴᠢᠦ ᠪᠠ ᠪᠡᠭᠡᠵᠢᠩ ᠤᠨ ᠮᠢᠩ ᠴᠢᠩ ᠤᠨ ᠦᠶ᠎ᠡ ᠶᠢᠨ ᠲᠢᠶᠠᠨ ᠲᠠᠨ ᠠᠴᠠ ᠡᠷᠲᠡ ᠪᠠᠶᠢᠵᠤ᠂ ᠮᠠᠨ ᠤ ᠤᠯᠤᠰ ᠤᠨ ᠡᠷᠲᠡᠨ ᠤ ᠬᠠᠭᠠᠨ ᠤ ᠤᠭᠰᠠᠭᠠᠨ ᠤ ᠲᠡᠭᠷᠢ  ᠲᠠᠭᠢᠯᠭ᠎ᠠ ᠶᠢᠨ ᠬᠥᠭᠵᠢᠯᠲᠡ ᠶᠢᠨ ᠲᠡᠦᠬᠡ᠂ ᠤᠮᠠᠷᠠᠲᠤ ᠸᠧᠢ ᠤᠯᠤᠰ ᠤᠨ ᠲᠡᠭᠷᠢ ᠲᠠᠭᠢᠬᠤ ᠶᠣᠰᠣᠯᠠᠯ ᠤᠨ ᠳᠦᠷᠢᠮ ᠢ ᠰᠤᠳᠤᠯᠬᠤ ᠳᠤ ᠬᠤᠪᠣᠷ ᠨᠠᠨᠳᠢᠨ ᠪᠣᠳᠠᠲᠤ ᠭᠡᠷᠡᠴᠢ ᠬᠠᠩᠭᠠᠵᠠᠢ︾ᠭᠡᠵᠦ ᠵᠠᠩ ᠸᠧᠨ ᠫᠢᠩ ᠬᠡᠯᠡᠪᠡ᠃      ᠡᠯ᠎ᠡ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠭᠡᠷᠡᠴᠢᠯᠡᠪᠡ      ᠤᠩᠭᠤᠨ ᠳᠠᠪᠠᠭᠠᠨ ᠣᠷᠣᠢ ᠶᠢᠨ ᠪᠠᠭᠤᠷᠢ ᠶᠢᠨ ᠣᠷᠣᠰᠢᠵᠤ ᠪᠠᠶᠢᠭ᠎ᠠ ᠮᠤᠨᠢ ᠠᠭᠤᠯᠠ ᠨᠢᠷᠤᠭᠤ ᠪᠣᠯ ᠡᠷᠲᠡᠨ ᠠᠴᠠ ᠠᠪᠤᠭᠠᠳ ᠲᠠᠷᠢᠶᠠᠯᠠᠬᠤ ᠣᠷᠣᠨ ᠪᠠ ᠨᠡᠭᠦᠳᠡᠯ ᠮᠠᠯᠵᠢᠯ ᠤᠨ ᠣᠷᠣᠨ ᠤ ᠴᠢᠬᠤᠯᠠ ᠵᠠᠭᠠᠭ ᠱᠤᠭᠤᠮ ᠪᠣᠯᠣᠨ᠎ᠠ᠃ ᠪᠠᠶᠢᠯᠳᠤᠭᠠᠨᠲᠤ ᠤᠯᠤᠰ ᠴᠢᠨ ᠬᠠᠨ ᠤ ᠦᠶ᠎ᠡ ᠳᠤ ᠮᠤᠨᠢ ᠠᠭᠤᠯᠠ ᠨᠢᠷᠤᠭᠤ ᠶᠢ ᠲᠠᠭᠠᠨ ᠣᠷᠳᠣ ᠴᠠᠭᠠᠨ ᠬᠡᠷᠡᠮ ᠪᠠᠶᠢᠭᠤᠯᠵᠤ᠂ ᠣᠷᠳᠣ ᠴᠠᠭᠠᠨ ᠬᠡᠷᠡᠮ ᠠᠴᠠ ᠡᠮᠦᠨᠡᠰᠢ ᠭᠤᠣᠯᠳᠠᠭᠤ ᠲᠠᠷᠢᠶᠠᠯᠠᠬᠤ ᠦᠨᠳᠦᠰᠦᠲᠡᠨ ᠠᠮᠢᠳᠤᠷᠠᠵᠤ᠂ ᠣᠷᠳᠣ ᠴᠠᠭᠠᠨ ᠬᠡᠷᠡᠮ ᠠᠴᠠ ᠬᠤᠶᠢᠰᠢ ᠭᠤᠣᠯᠳᠠᠭᠤ ᠨᠡᠭᠦᠳᠡᠯᠯᠡᠨ ᠮᠠᠯᠵᠢᠬᠤ ᠦᠨᠳᠦᠰᠦᠲᠡᠨ ᠠᠮᠢᠳᠤᠷᠠᠵᠤ ᠪᠠᠶᠢᠪᠠ᠃      ᠤᠮᠠᠷᠠᠲᠤ ᠸᠧᠢ ᠤᠯᠤᠰ︵ᠨᠡᠶᠢᠲᠡ ᠶᠢᠨ ᠣᠨ ᠲᠣᠭᠠᠯᠠᠯ ᠤᠨ 386 ᠣᠨ - ᠨᠡᠶᠢᠲᠡ ᠶᠢᠨ ᠣᠨ ᠲᠣᠭᠠᠯᠠᠯ ᠤᠨ 534 ᠣᠨ ) ᠣᠷᠳᠣ ᠴᠠᠭᠠᠨ ᠬᠡᠷᠡᠮ ᠪᠠᠶᠢᠭᠤᠯᠤᠭᠰᠠᠨ ᠦᠭᠡᠢ᠂ ᠬᠠᠷᠢᠨ ᠮᠤᠨᠢ ᠠᠭᠤᠯᠠ ᠶᠢᠨ ᠣᠷᠣᠢ ᠳᠤ ᠲᠣᠮᠣ ᠭᠡᠯᠪᠡᠷᠢ ᠶᠢᠨ ᠲᠠᠭᠢᠯᠭ᠎ᠠ ᠶᠢᠨ ᠪᠠᠷᠢᠯᠭ᠎ᠠ ᠪᠠᠷᠢᠵᠤ᠂ ᠵᠦᠩᠶᠤᠸᠠᠨ ᠣᠷᠣᠨ ᠤ ᠤᠯᠠᠮᠵᠢᠯᠠᠯᠲᠤ ᠶᠣᠰᠣ ᠳᠦᠷᠢᠮ ᠤᠨ ᠪᠠᠷᠢᠯᠭ᠎ᠠ ᠶᠢᠨ ᠭᠡᠯᠪᠡᠷᠢ ᠪᠦᠲᠦᠴᠡ ᠶᠢ ᠬᠡᠷᠡᠭᠯᠡᠭᠰᠡᠨ ᠪᠥᠭᠡᠳ ᠤᠮᠠᠷᠠᠲᠤ ᠶᠢᠨ ᠨᠡᠭᠦᠳᠡᠯᠴᠢᠨ ᠦᠨᠳᠦᠰᠦᠲᠡᠨ ᠤ ᠠᠭᠤᠯᠠ ᠲᠠᠭᠢᠬᠤ ᠶᠣᠰᠣᠯᠠᠯ ᠤᠨ ᠣᠨᠴᠠᠯᠢᠭ ᠲᠠᠢ ᠪᠠᠶᠢᠵᠤ᠂ ᠳᠤᠮᠳᠠᠳᠤ ᠤᠯᠤᠰ ᠤᠨ ᠡᠷᠲᠡᠨ ᠤ ᠨᠡᠭᠦᠳᠡᠯᠴᠢᠨ ᠦᠨᠳᠦᠰᠦᠲᠡᠨ ᠬᠢᠭᠡᠳ ᠲᠠᠷᠢᠶᠠᠯᠠᠬᠤ ᠦᠨᠳᠦᠰᠦᠲᠡᠨ ᠤ ᠬᠤᠭᠤᠷᠣᠨᠳᠣᠭᠢ ᠰᠣᠶᠣᠯ ᠤᠨ ᠰᠣᠯᠢᠯᠴᠠᠭ᠎ᠠ ᠬᠢᠭᠡᠳ ᠠᠭᠤᠰᠤᠯᠴᠠᠯ ᠤᠨ ᠠᠮᠢᠳᠤᠯᠢᠭ ᠪᠣᠳᠠᠰ ᠤᠨ ᠭᠡᠷᠡᠴᠢ ᠪᠣᠯᠵᠠᠢ᠃      ᠵᠠᠷᠢᠮ ᠡᠷᠳᠡᠮᠲᠡᠨ ᠮᠡᠷᠭᠡᠵᠢᠯᠲᠡᠨ ᠤ ᠦᠵᠡᠬᠦ ᠪᠠᠷ᠂ ᠲᠠᠭᠢᠯᠭ᠎ᠠ ᠶᠢᠨ ᠰᠣᠶᠣᠯ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠴᠢᠨ ᠬᠠᠨ ᠤᠯᠤᠰ ᠵᠢᠴᠢ ᠲᠠᠩ ᠰᠦᠩ ᠶᠤᠸᠠᠨ ᠮᠢᠩ ᠴᠢᠩ ᠤᠯᠤᠰ ᠤᠨ ᠦᠶ᠎ᠡ ᠳᠤ ᠪᠦᠷ ᠤᠯᠤᠰ ᠤᠨ ᠴᠢᠨᠠᠷᠲᠠᠢ ᠲᠠᠭᠢᠯᠭ᠎ᠠ ᠶᠢᠨ ᠲᠠᠪᠴᠠᠩ ᠪᠠ ᠲᠠᠭᠢᠯᠭ᠎ᠠ ᠶᠢᠨ ᠠᠵᠢᠯᠯᠠᠭ᠎ᠠ ᠲᠠᠢ ᠪᠠᠶᠢᠵᠠᠢ᠃ ᠤᠩᠭᠤᠨ ᠳᠠᠪᠠᠭᠠᠨ ᠣᠷᠣᠢ ᠶᠢᠨ ᠪᠠᠭᠤᠷᠢ ᠶᠢ ᠢᠯᠡᠷᠡᠭᠦᠯᠦᠭᠰᠡᠨ ᠨᠢ ᠤᠷᠤᠭᠰᠢ ᠪᠠᠨ  ᠴᠢᠨ ᠬᠠᠨ ᠤᠯᠤᠰ ᠤᠨ ᠬᠢ ᠶᠢ ᠤᠯᠠᠮᠵᠢᠯᠠᠵᠤ᠂ ᠬᠤᠶᠢᠰᠢ ᠲᠠᠩ ᠰᠦᠩ ᠶᠤᠸᠠᠨ ᠮᠢᠩ ᠴᠢᠩ ᠤᠯᠤᠰ ᠵᠠᠯᠭᠠᠮᠵᠢᠯᠠᠵᠤ᠂ ᠥᠩᠭᠡᠷᠡᠭᠰᠡᠨ ᠤ ᠲᠡᠦᠬᠡ ᠶᠢᠨ ᠬᠤᠭᠤᠰᠤᠨ ᠢ ᠨᠥᠬᠦᠪᠦᠷᠢᠯᠡᠪᠡ᠃ ᠳᠤᠮᠳᠠᠳᠤ ᠤᠯᠤᠰ ᠤᠨ ᠡᠷᠲᠡᠨ ᠤ ᠬᠠᠭᠠᠨ ᠤ ᠤᠭᠰᠠᠭᠠᠨ ᠤ ᠲᠡᠭᠷᠢ ᠲᠠᠭᠢᠯᠭ᠎ᠠ ᠶᠢᠨ ᠦᠯᠡᠳᠡᠭᠳᠡᠯ ᠤᠨ ᠬᠥᠭᠵᠢᠯᠲᠡ ᠶᠢᠨ ᠲᠡᠦᠬᠡ ᠠᠴᠠ ᠦᠵᠡᠪᠡᠯ᠂ ᠣᠳᠣᠬᠠᠨ ᠳᠤ ᠢᠯᠡᠷᠡᠭᠦᠯᠦᠭᠰᠡᠨ ᠴᠠᠭ ᠦᠶ᠎ᠡ ᠨᠢ ᠨᠡᠯᠢᠶᠡᠳ ᠡᠷᠲᠡᠨ ᠤ ᠬᠢ ᠪᠣᠯ ᠱᠠᠨᠰᠢ ᠮᠤᠵᠢ ᠶᠢᠨ ᠪᠤᠤᠵᠢ ᠬᠤᠲᠠ ᠶᠢᠨ ᠹᠧᠩᠰᠢᠶᠠᠩ ᠰᠢᠶᠠᠨ ᠤ ᠰᠢᠤᠸᠠᠢ ᡂᠢ ᠶᠢᠨ ᠪᠠᠭᠤᠷᠢ ︵ᠪᠠᠶᠢᠯᠳᠤᠭᠠᠨᠲᠤ ᠤᠯᠤᠰ ᠴᠢᠨ ᠬᠠᠨ ᠤ ᠦᠶ᠎ᠡ ᠶᠢᠨ ᠶᠦᠩ ᡁᠢ︶᠂ ᠱᠠᠨᠰᠢ ᠮᠤᠵᠢ ᠶᠢᠨ ᠰᠢ ᠠᠨ ᠬᠤᠲᠠ ᠶᠢᠨ ᠰᠦᠢ ᠳᠠᠩ ᠤᠨ ᠦᠶ᠎ᠡ ᠶᠢᠨ ᠶᠤᠸᠠᠨ ᠴᠢᠦ᠂ ᠪᠡᠭᠡᠵᠢᠩ ᠬᠤᠲᠠ ᠶᠢᠨ ᠮᠢᠩ ᠴᠢᠩ ᠤᠨ ᠦᠶ᠎ᠡ ᠶᠢᠨ ᠲᠢᠶᠠᠨ ᠲᠠᠨ ᠪᠣᠯᠣᠨ᠎ᠠ᠃      ︽ᠤᠮᠠᠷᠠᠲᠤ ᠸᠧᠢ ᠤᠯᠤᠰ ᠪᠣᠯ ᠳᠤᠮᠳᠠᠳᠤ ᠤᠯᠤᠰ ᠤᠨ ᠲᠡᠦᠬᠡᠨ ᠳᠡᠭᠡᠷᠡᠬᠢ ᠨᠡᠯᠢᠶᠡᠳ ᠴᠢᠬᠤᠯᠠ ᠴᠠᠭ ᠦᠶ᠎ᠡ ᠪᠣᠯᠣᠨ᠎ᠠ᠃ ᠡᠨᠡ ᠬᠦ ᠬᠤᠭᠤᠴᠠᠭᠠᠨ ᠳᠤ ᠡᠯ᠎ᠡ ᠦᠨᠳᠦᠰᠦᠲᠡᠨ ᠤ ᠶᠠᠪᠤᠯᠴᠠᠭ᠎ᠠ ᠠᠭᠤᠰᠤᠯᠴᠠᠯ ᠨᠡᠩ ᠴᠢᠩᠭᠠᠷᠠᠨ᠂ ᠰᠣᠶᠣᠯ ᠴᠤ ᠤᠷᠢᠳ ᠭᠠᠷᠤᠭ᠎ᠠ ᠦᠭᠡᠢ ᠰᠣᠯᠢᠯᠴᠠᠵᠤ ᠠᠭᠤᠰᠤᠯᠴᠠᠨ᠂ ᠰᠦᠢ ᠲᠠᠩ ᠤᠯᠤᠰ ᠤᠨ ᠬᠦᠴᠦᠷᠬᠡᠭᠵᠢᠯ ᠳᠤ ᠰᠠᠭᠤᠷᠢ ᠲᠠᠯᠪᠢᠵᠤ ᠥᠭᠴᠡᠢ᠃ ᠳᠤᠮᠳᠠᠳᠤ ᠶᠢᠨ ᠪᠣᠯᠪᠠᠰᠤᠨ 5000 ᠵᠢᠯ ᠲᠠᠰᠤᠷᠠᠰᠢ ᠦᠭᠡᠢ ᠦᠷᠭᠦᠯᠵᠢᠯᠡᠵᠦ ᠴᠢᠳᠠᠭᠰᠠᠨ ᠨᠢ ᠦᠶ᠎ᠡ ᠶᠢᠨ ᠦᠶ᠎ᠡ ᠳᠠᠬᠢ ᠰᠣᠶᠣᠯ ᠤᠨ ᠤᠯᠠᠮᠵᠢᠯᠠᠯ ᠬᠥᠭᠵᠢᠯᠲᠡ ᠠᠴᠠ ᠪᠣᠯᠵᠠᠢ︾ ᠭᠡᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠬᠦᠷᠢᠶᠡᠯᠡᠩ ᠤᠨ ᠰᠤᠳᠤᠯᠤᠭᠴᠢ ᠭᠧ ᡁᠢ ᠶᠦᠩ ᠬᠡᠯᠡᠪᠡ᠃      ︽ᠤᠯᠠᠮᠵᠢᠯᠠᠯ ᠤᠨ ᠲᠠᠯ᠎ᠠ ᠪᠠᠷ᠂ ᠳᠤᠮᠳᠠᠳᠤ ᠶᠢᠨ ᠪᠣᠯᠪᠠᠰᠤᠨ ᠪᠣᠯ ᠳᠤᠮᠳᠠᠳᠤ ᠤᠯᠤᠰ ᠤᠨ ᠬᠤᠶᠠᠷ ᠭᠤᠣᠯ ᠮᠥᠷᠡᠨ ᠤ ᠰᠠᠪᠠ ᠭᠠᠵᠠᠷ ᠠᠴᠠ ᠡᠭᠦᠰᠴᠡᠢ᠂ ᠲᠤᠬᠠᠶᠢᠯᠠᠪᠠᠯ ᠬᠠᠲᠤᠨ ᠭᠤᠣᠯ ᠤᠨ ᠰᠠᠪᠠ ᠭᠠᠵᠠᠷ ᠪᠠ ᠬᠥᠬᠡᠮᠥ᠋ᠷᠡᠨ ᠤ ᠰᠠᠪᠠ ᠭᠠᠵᠠᠷ ᠪᠣᠯᠣᠨ᠎ᠠ᠃  ᠪᠢᠳᠡ ᠬᠠᠷᠠᠭ᠎ᠠ ᠪᠠᠨ ᠥᠷᠭᠡᠳᠬᠡᠭᠡᠳ ᠪᠦᠭᠦᠶᠢᠯᠡ ᠵᠡᠭᠦᠨ ᠠᠽᠢᠶ᠎ᠠ ᠶᠢᠨ ᠭᠠᠵᠠᠷ ᠣᠷᠣᠨ ᠠᠴᠠ ᠠᠪᠴᠤ ᠦᠵᠡᠪᠡᠯ᠂ ᠮᠤᠨᠢ ᠠᠭᠤᠯᠠ ᠨᠢᠷᠤᠭᠤ ᠲᠠᠷᠢᠶᠠᠯᠠᠬᠤ ᠣᠷᠣᠨ ᠪᠣᠯᠣᠨ ᠨᠡᠭᠦᠳᠡᠯ ᠮᠠᠯᠵᠢᠬᠤ ᠣᠷᠣᠨ ᠤ ᠵᠠᠭᠠᠭ ᠱᠤᠭᠤᠮ ᠪᠣᠯᠤᠭᠰᠠᠨ ᠤ ᠬᠤᠪᠢ ᠳᠤ ᠬᠠᠮᠲᠤ ᠳᠤᠨᠢ ᠪᠠᠰᠠ ᠠᠭᠤᠰᠤᠯᠴᠠᠯ ᠤᠨ ᠣᠷᠣᠨ ᠪᠠᠶᠢᠵᠤ᠂ ᠪᠦᠭᠦᠶᠢᠯᠡ ᠵᠡᠭᠦᠨ ᠠᠽᠢᠶ᠎ᠠ ᠶᠢᠨ ᠭᠠᠵᠠᠷ ᠣᠷᠣᠨ ᠤ ᠲᠥᠪ ᠣᠷᠣᠨ ᠭᠡᠵᠦ ᠦᠵᠡᠵᠦ ᠪᠣᠯᠣᠨ᠎ᠠ᠃ ᠡᠨᠡ ᠬᠦ ᠵᠡᠭᠦᠨ ᠠᠽᠢᠶ᠎ᠠ ᠶᠢᠨ ᠲᠥᠪ ᠣᠷᠣᠨ ᠳᠡᠭᠡᠷ᠎ᠡ ᠤᠮᠠᠷᠠᠲᠤ ᠶᠢᠨ ᠨᠡᠭᠦᠳᠡᠯᠴᠢᠨ ᠦᠨᠳᠦᠰᠦᠲᠡᠨ ᠵᠦᠩᠶᠤᠸᠠᠨ ᠣᠷᠣᠨ ᠤ ᠮᠠᠶ᠋ᠢᠭ ᠤᠨ ᠲᠠᠭᠢᠯᠭ᠎ᠠ ᠶᠢᠨ ᠮᠠᠨᠳᠠᠯ ᠪᠠᠶᠢᠭᠤᠯᠵᠤ᠂ ᠮᠤᠨᠢ ᠠᠭᠤᠯᠠ ᠶᠢᠨ ᠰᠣᠶᠣᠯ ᠤᠨ ᠰᠦᠭ ᠰᠦᠨᠡᠰᠦ ᠶᠢ ᠪᠦᠷᠢᠯᠳᠦᠭᠦᠯᠵᠡᠢ᠃ ᠶᠠᠭ ᠡᠨᠡ ᠬᠦ ᠤᠳᠬ᠎ᠠ ᠠᠭᠤᠯᠭ᠎ᠠ ᠠᠴᠠ ᠠᠪᠴᠤ ᠬᠡᠯᠡᠪᠡᠯ᠂ ᠮᠢᠨᠤ ᠦᠵᠡᠬᠦ ᠪᠠᠷ᠂ ᠤᠩᠭᠤᠨ ᠳᠠᠪᠠᠭᠠᠨ ᠣᠷᠣᠢ ᠶᠢᠨ ᠪᠠᠭᠤᠷᠢ ᠪᠣᠯ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠭᠡᠷᠡᠴᠢ ᠮᠥᠨ᠂ ᠲᠡᠭᠦᠨ ᠢ ᠢᠯᠡᠷᠡᠭᠦᠯᠵᠦ ᠠᠭᠤᠳᠠᠯᠬᠤ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠴᠢᠬᠤᠯᠠ ᠪᠣᠳᠠᠲᠤ ᠠᠴᠢ ᠬᠤᠯᠪᠣᠭᠳᠠᠯ ᠲᠠᠢ︾ᠭᠡᠵᠦ ᠵᠠᠩ ᠸᠧᠨ ᠫᠢᠩ ᠰᠤᠷᠪᠤᠯᠵᠢᠯᠠᠬᠴᠢ ᠳᠤ ᠶᠠᠷᠢᠵᠤ ᠪᠠᠶᠢᠯ᠎ᠠ᠃      ︵ᠲᠣᠰ ᠨᠢᠭᠤᠷ ᠤᠨ ᠭᠡᠷᠡᠯ ᠵᠢᠷᠤᠭ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠬᠠᠭᠤᠴᠢ ᠰᠤᠳᠤᠯᠤᠯ ᠤᠨ ᠬᠦᠷᠢᠶᠡᠯᠡᠩ᠂ ᠤᠩᠭᠤᠨ ᠳᠠᠪᠠᠭᠠᠨ ᠣᠷᠣᠢ ᠶᠢᠨ ᠪᠠᠭᠤᠷᠢ ᠶᠢᠨ ᠬᠠᠭᠤᠴᠢ ᠰᠤᠳᠤᠯᠤᠯ ᠤᠨ ᠲᠥᠷᠥᠯ ᠵᠦᠢᠯ ᠤᠨ ᠳᠤᠭᠤᠶᠢᠯᠠᠩ ᠬᠠᠩᠭᠠᠪᠠ )
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号