ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠄ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠨ᠎ᠠ
ᠨᠡᠶᠢᠲᠡᠯᠡᠭᠰᠡᠨ ᠴᠠᠭ᠄
2023/8/23

     ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ

ᠳᠣᠲᠣᠭᠠᠳᠤ ᠶᠢ ᠬᠠᠮᠠᠭᠠᠯᠠᠬᠤ ᠲᠢᠩᠬᠢᠮ ︽ᠦᠵᠡᠯ ᠰᠠᠨᠠᠭ᠎ᠠ ᠶᠢ ᠰᠤᠷᠤᠯᠴᠠᠨ᠂ ᠨᠠᠮᠴᠢ ᠴᠢᠨᠠᠷ ᠢ ᠴᠢᠩᠭᠠᠳᠬᠠᠵᠤ᠂

ᠦᠢᠯᠡᠳᠦᠯᠭᠡ ᠶᠢ ᠴᠢᠬᠤᠯᠠᠴᠢᠯᠠᠨ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂

ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂

ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ︽ᠨᠠᠮ ᠤᠨ ᠪᠠᠶᠢᠭᠤᠯᠤᠯᠲᠠ ᠶᠢ ᠠᠳᠬᠤᠬᠤ᠂ ᠬᠡᠪ

ᠪᠣᠯᠪᠠᠰᠤᠷᠠᠯ ᠢ ᠴᠢᠩᠭᠠᠳᠬᠠᠬᠤ᠂ ᠰᠤᠷᠲᠠᠯ ᠢ ᠴᠡᠭᠴᠡᠯᠡᠬᠦ᠂ ᠳᠦᠷᠢ ᠲᠥᠷᠬᠦ ᠶᠢ ᠱᠤᠭᠤᠬᠤ︾ ᠲᠤᠰᠬᠠᠢ ᠠᠵᠢᠯᠯᠠᠭ᠎ᠠ ᠶᠢ

ᠣᠨᠴᠠᠯᠢᠭᠲᠤ ᠠᠴᠢᠶᠠᠯᠠᠪᠤᠷᠢ ᠪᠠ ᠥᠪᠡᠰᠦᠪᠡᠨ ᠰᠣᠩᠭᠤᠬᠤ ᠠᠵᠢᠯᠯᠠᠭ᠎ᠠ ᠪᠤᠯᠭᠠᠵᠤ᠂ ᠶᠡᠭᠡ ᠲᠠᠯ᠎ᠠ ᠳᠤ ᠦᠢᠯᠡᠴᠢᠯᠡᠬᠦ

ᠰᠠᠨᠠᠭᠠᠴᠢᠯᠠᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠨᠠᠭᠰᠢᠳᠠ ᠴᠢᠩᠭᠠᠳᠬᠠᠵᠤ᠂ ᠶᠡᠷᠦᠩᠬᠡᠢ

ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ

ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤᠯᠠᠭ᠎ᠠ

ᠬᠠᠩᠭᠠᠪᠠ᠃

     ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠪᠠᠶᠢᠴᠠᠭᠠᠨ ᠰᠤᠳᠤᠯᠤᠯᠲᠠ ᠶᠢ

ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠵᠤ᠂ ︽ᠮᠢᠩᠭ᠎ᠠ ᠲᠦᠮᠡ ᠶᠢᠨ ᠢᠨᠵᠧᠨᠧᠷᠢᠩ︾ ᠪᠣᠯᠣᠨ ︽ᠫᠦᠵᠢᠶᠠᠩ ᠤᠨ

ᠲᠤᠷᠰᠢᠯᠭ᠎ᠠ︾ ᠶᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ

ᠰᠠᠶᠢᠲᠠᠢ ᠬᠥᠭᠵᠢᠯᠲᠡ ᠶᠢᠨ ᠪᠣᠭᠤᠮᠢ ᠶᠢᠨ ᠠᠰᠠᠭᠤᠳᠠᠯ ᠢ ᠴᠢᠷᠮᠠᠶᠢᠨ ᠰᠢᠢᠳᠪᠦᠷᠢᠯᠡᠪᠡ᠃ ᠪᠠᠶᠢᠴᠠᠭᠠᠨ ᠰᠤᠳᠤᠯᠤᠯᠲᠠ

ᠬᠢᠬᠦ ᠪᠠᠷ ᠳᠡᠮᠵᠢᠨ᠂ ᠲᠢᠩᠬᠢᠮ ᠤᠨ ᠨᠠᠮ ᠤᠨ ᠬᠤᠷᠢᠶ᠎ᠠ ᠨᠡᠶᠢᠲᠡ 45 ᠠᠰᠠᠭᠤᠳᠠᠯ ᠢ ᠢᠯᠡᠷᠡᠭᠦᠯᠵᠦ᠂ ᠪᠦᠭᠦᠨ ᠢ

ᠠᠰᠠᠭᠤᠳᠠᠯ ᠤᠨ ᠨᠠᠷᠢᠨ ᠲᠠᠩᠰᠠᠨ ᠳᠤ ᠣᠷᠣᠭᠤᠯᠪᠠ᠃ ᠭᠦᠨᠵᠡᠭᠡᠢ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ

ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ︽ᠭᠢᠲᠤᠭ᠎ᠠ ᠶᠢᠨ ᠢᠷ ᠢ

ᠳᠣᠲᠣᠭᠰᠢ ᠬᠠᠨᠳᠤᠭᠤᠯᠬᠤ︾ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠠᠰᠠᠭᠤᠳᠠᠯ ᠢ

ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠠᠷᠬᠠᠭ ᠭᠡᠮ ᠢ ᠦᠷᠭᠦᠯᠵᠢᠯᠡᠨ ᠴᠡᠭᠴᠡᠯᠡᠨ ᠵᠠᠰᠠᠪᠠ᠃

ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ 12 ᠠᠰᠠᠭᠤᠳᠠᠯ ᠢ ᠪᠠᠷᠢᠨ ᠬᠡᠷᠡᠭᠵᠢᠭᠦᠯᠵᠦ ᠪᠠᠷᠢᠨ ᠴᠡᠭᠴᠡᠯᠡᠨ

ᠰᠠᠶᠢᠵᠢᠷᠠᠭᠤᠯᠵᠤ᠂ 27 ᠠᠰᠠᠭᠤᠳᠠᠯ ᠢ ᠭᠦᠨ ᠳᠠᠪᠬᠤᠷᠭ᠎ᠠ ᠶᠢᠨ ᠰᠢᠯᠲᠠᠭᠠᠨ ᠠᠴᠠ ᠪᠣᠯᠵᠤ ᠣᠷᠳᠣ ᠬᠤᠭᠤᠴᠠᠭ᠎ᠠ ᠪᠠᠷ

ᠴᠡᠭᠴᠡᠯᠡᠨ ᠰᠠᠶᠢᠵᠢᠷᠠᠭᠤᠯᠵᠤ᠂ 6 ᠠᠰᠠᠭᠤᠳᠠᠯ ᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠨᠢᠭᠡᠳᠦᠯᠲᠡᠢ

ᠲᠥᠯᠥᠪᠵᠢᠭᠦᠯᠵᠦ ᠬᠠᠮᠲᠤ ᠪᠠᠷ ᠰᠢᠢᠳᠪᠦᠷᠢᠯᠡᠪᠡ᠃

     ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠭᠤᠣᠯ ᠰᠡᠳᠦᠪᠲᠦ ᠬᠥᠮᠦᠵᠢᠯ ᠢ

ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠭᠤᠣᠯ ᠠᠵᠢᠯ ᠲᠠᠢ ᠨᠢᠭᠲᠠ ᠤᠶᠠᠯᠳᠤᠭᠤᠯᠵᠤ᠂ ᠤᠯᠤᠰ ᠲᠦᠷᠦ ᠶᠢᠨ

ᠠᠮᠤᠷ ᠲᠦᠪᠰᠢᠨ ᠢ ᠬᠠᠮᠠᠭᠠᠯᠠᠬᠤ ᠰᠠᠨᠠᠭᠠᠴᠢᠯᠠᠭᠠᠲᠤ ᠳᠠᠶᠢᠯᠠᠯᠳᠤᠭᠠᠨ᠂ ᠨᠡᠶᠢᠭᠡᠮ ᠤᠨ ᠠᠮᠤᠷ ᠲᠣᠭᠲᠠᠭᠤᠨ ᠢ

ᠬᠠᠮᠠᠭᠠᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠡᠨᠡ ᠵᠢᠯ ᠠᠴᠠ ᠨᠠᠭᠠᠰᠢ᠂ ᠪᠦᠭᠦ

ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ

ᠬᠡᠷᠡᠭ ᠢ ᠢᠯᠡᠷᠡᠭᠦᠯᠦᠭᠰᠡᠨ ᠲᠤᠭ᠎ᠠ ᠪᠠ ᠰᠦᠯᠵᠢᠶᠡᠨ ᠤ ᠮᠡᠬᠡᠯᠡᠯ ᠤᠨ ᠬᠥᠮᠥᠰ ᠢ ᠪᠠᠷᠢᠪᠴᠢᠯᠠᠭᠰᠠᠨ ᠲᠤᠭ᠎ᠠ ᠬᠡᠮᠵᠢᠶ᠎ᠡ

 ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 10.73%᠂ 86.56% ᠪᠠᠷ ᠨᠡᠮᠡᠭᠳᠡᠪᠡ; ᠲᠤᠬᠠᠢ ᠶᠢᠨ

ᠲᠠᠯᠠᠪᠠᠢ ᠶᠢᠨ ᠠᠮᠢᠨ ᠬᠡᠷᠡᠭ ᠢ ᠪᠦᠭᠦᠨ ᠢ ᠢᠯᠡᠷᠡᠭᠦᠯᠵᠦ᠂ 5 ᠵᠢᠯ ᠠᠴᠠ ᠳᠡᠭᠡᠭᠰᠢᠬᠢ ᠠᠮᠢᠨ ᠬᠡᠷᠡᠭ ᠤᠨ ᠳᠠᠷᠤᠭᠳᠠᠮᠠᠯ

ᠬᠡᠷᠡᠭ ᠢ ᠢᠯᠡᠷᠡᠭᠦᠯᠦᠭᠰᠡᠨ ᠲᠤᠭ᠎ᠠ ᠠᠳᠠᠯᠢ ᠬᠤᠭᠤᠴᠠᠭᠠᠨ ᠤ ᠬᠢ ᠠᠴᠠ 32.35% ᠪᠠᠷ ᠨᠡᠮᠡᠭᠳᠡᠪᠡ ;

ᠳᠣᠲᠣᠭᠠᠳᠤ ᠶᠢ ᠬᠠᠮᠠᠭᠠᠯᠠᠬᠤ ᠶᠠᠮᠤᠨ ᠤ ᠲᠤᠰᠢᠶᠠᠨ ᠰᠢᠢᠳᠪᠦᠷᠢᠯᠡᠭᠦᠯᠦᠭᠰᠡᠨ ᠰᠢᠢᠳᠪᠦᠷᠢᠯᠡᠬᠦ ᠳᠤ ᠮᠠᠰᠢ ᠪᠡᠷᠬᠡ

ᠬᠡᠷᠡᠭ ᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 83.7% ᠳᠤ  ᠭᠦᠷᠪᠡ᠃

     ᠳᠣᠲᠣᠭᠠᠳᠤ ᠶᠢ ᠬᠠᠮᠠᠭᠠᠯᠠᠬᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ

ᠲᠠᠪᠴᠠᠩ ᠳᠤ ᠠᠮᠤᠷ ᠢ ᠬᠠᠮᠠᠭᠠᠯᠠᠬᠤ᠂ ᠵᠠᠮ ᠬᠠᠷᠢᠯᠴᠠᠭᠠᠨ ᠤ ᠬᠠᠮᠢᠶᠠᠷᠤᠯᠲᠠ᠂ ᠬᠢᠯᠢ ᠪᠠᠷ ᠣᠷᠣᠵᠤ ᠭᠠᠷᠬᠤ ᠵᠡᠷᠭᠡ 7

ᠴᠠᠭᠳᠠᠭᠠᠨ ᠤ ᠲᠥᠷᠥᠯ ᠤᠨ 285 ᠵᠦᠢᠯᠡᠰ ᠢ ᠡᠯᠭᠦᠵᠦ᠂ ᠨᠢᠭᠡᠨᠲᠡ 100% ᠶᠢ ︽ᠰᠦᠯᠵᠢᠶ᠎ᠡ ᠪᠠᠷ ᠭᠦᠢᠴᠡᠳᠬᠡᠬᠦ︾᠂

100% ᠶᠢ ︽ᠠᠯᠠᠭᠠᠨ ᠳᠡᠭᠡᠷ᠎ᠡ ᠭᠦᠢᠴᠡᠳᠬᠡᠬᠦ︾᠂ 90% ᠶᠢ ︽ᠪᠦᠭᠦ ᠶᠠᠪᠤᠴᠠ ᠶᠢ ᠰᠦᠯᠵᠢᠶ᠎ᠡ ᠪᠠᠷ  

ᠭᠦᠢᠴᠡᠳᠬᠡᠬᠦ︾ ᠶᠢ ᠪᠡᠶᠡᠯᠡᠭᠦᠯᠪᠡ᠃ ᠮᠠᠨ ᠤ ᠣᠷᠣᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠠᠩᠬ᠎ᠠ

ᠤᠳᠠᠭ᠎ᠠ ᠭᠤᠶᠤᠴᠢᠯᠠᠨ ᠠᠪᠬᠤ᠂ ᠡᠷᠦᠭᠡ ᠠᠮᠠ ᠶᠢᠨ ᠳᠠᠩᠰᠠ ᠶᠢ ᠰᠢᠯᠵᠢᠭᠦᠯᠬᠦ᠂ ᠮᠠᠰᠢᠨ ᠲᠡᠷᠭᠡ ᠳᠠᠩᠰᠠᠯᠠᠭᠤᠯᠬᠤ

ᠵᠡᠷᠭᠡ ᠳᠤ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ

ᠠᠷᠠᠳ ᠲᠤ ᠲᠥᠭᠦᠮ ᠦᠵᠡᠭᠦᠯᠦᠨ ᠠᠵᠤ ᠠᠬᠤᠶᠢᠯᠠᠯ ᠳᠤ ᠠᠰᠢᠭ ᠬᠦᠷᠲᠡᠭᠡᠪᠡ᠃︽ᠠᠦ᠋ᠲ᠋ᠣᠴᠢᠯᠠᠭᠰᠠᠨ ᠴᠠᠭᠳᠠᠭᠠᠨ ᠤ

ᠲᠣᠪᠴᠢᠶ᠎ᠠ︾᠂ ︽ᠠᠦ᠋ᠲ᠋ᠣᠴᠢᠯᠠᠭᠰᠠᠨ ᠲᠡᠷᠭᠡᠨ ᠤ ᠬᠠᠮᠢᠶᠠᠷᠤᠯᠲᠠ ᠶᠢᠨ ᠭᠠᠵᠠᠷ︾ ᠨᠢ ︽7 × 24 ×ᠴᠠᠭ︾ ᠤᠨ

ᠲᠥᠭᠦᠮ ᠦᠵᠡᠭᠦᠯᠭᠦ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ

ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠴᠢᠨᠠᠭᠰᠢᠳᠠ ᠨᠡᠮᠡᠭᠳᠡᠭᠦᠯᠪᠡ᠃

     ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠰᠤᠷᠤᠯᠴᠠᠯᠭ᠎ᠠ ᠪᠠᠨ

ᠳᠡᠭᠡᠭᠰᠢᠯᠡᠭᠦᠯᠭᠦ᠂ ᠴᠡᠭᠴᠡᠯᠡᠨ ᠰᠠᠶᠢᠵᠢᠷᠠᠭᠤᠯᠵᠤ ᠬᠢᠨᠠᠯᠲᠠ ᠲᠠᠯᠪᠢᠬᠤ᠂ ᠳᠦᠷᠢᠮ ᠢ ᠨᠠᠶᠢᠳᠠᠪᠤᠷᠢᠵᠢᠭᠤᠯᠬᠤ᠂ ᠡᠩᠨᠡᠭᠡᠨ ᠤ

ᠪᠠᠶᠢᠭᠤᠯᠤᠯᠲᠠ ᠳᠤ ᠦᠷᠭᠦᠯᠵᠢᠯᠡᠨ ᠬᠦᠴᠦ ᠣᠷᠣᠭᠤᠯᠵᠤ᠂ ︽ᠬᠦᠯᠢᠶᠡᠵᠦ ᠳᠡᠶᠢᠯᠭᠦ ᠦᠭᠡᠢ︾ ᠲᠤᠯᠭᠠᠮ ᠰᠡᠳᠬᠢᠯᠭᠡ᠂

︽ᠤᠳᠠᠭᠠᠰᠢᠷᠠᠭᠤᠯᠵᠤ ᠪᠤᠯᠬᠤ ᠦᠭᠡᠢ︾ ᠲᠦᠭᠰᠢᠭᠦᠷᠢᠲᠦ ᠰᠡᠳᠬᠢᠯᠭᠡ᠂︽ᠰᠠᠭᠤᠵᠤ ᠳᠡᠶᠢᠯᠭᠦ ᠦᠭᠡᠢ︾

ᠬᠠᠷᠢᠭᠤᠴᠠᠯᠭᠠᠲᠤ ᠰᠡᠳᠬᠢᠯᠭᠡ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ

ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠠᠬᠢᠭᠤᠯᠬᠤ ᠪᠣᠳᠠᠲᠠᠢ ᠶᠢ ᠡᠷᠬᠢᠮᠯᠡᠭᠰᠡᠨ ᠠᠷᠭ᠎ᠠ

ᠬᠡᠮᠵᠢᠶ᠎ᠡ ᠪᠣᠯᠭᠠᠨ ᠬᠤᠪᠢᠷᠠᠭᠤᠯᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ

ᠬᠥᠭᠵᠢᠯᠲᠡ ᠶᠢ ᠪᠠᠲᠤᠯᠠᠨ᠎ᠠ᠃

 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号