ᠰᠢᠨ᠎ᠡ ᠬᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠵᠢᠷᠤᠭ ᠢ ᠨᠡᠶᠢᠲᠡᠯᠡᠵᠡᠢ
ᠨᠡᠶᠢᠲᠡᠯᠡᠭᠰᠡᠨ ᠴᠠᠭ᠄
2023/8/23

     ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠵᠣᠬᠢᠶᠠᠨ

ᠪᠠᠶᠢᠭᠤᠯᠵᠤ ᠰᠢᠨ᠎ᠡ ᠪᠠᠷ ᠨᠠᠶᠢᠷᠠᠭᠤᠯᠤᠨ ᠵᠣᠬᠢᠶᠠᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠰᠢᠨ᠎ᠡ ᠬᠡᠪᠯᠡᠯ ᠤᠨ ᠪᠠᠷᠢᠮᠵᠢᠶᠠᠲᠤ ᠭᠠᠵᠠᠷ ᠤᠨ ᠵᠢᠷᠤᠭ ᠢ ᠨᠡᠶᠢᠲᠡᠯᠡᠪᠡ᠃

     ᠣᠶᠢᠯᠠᠭᠠᠭᠰᠠᠨ ᠢᠶᠠᠷ᠂ ᠰᠢᠨ᠎ᠡ ᠬᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠪᠠᠷᠢᠮᠵᠢᠶᠠᠲᠤ ᠭᠠᠵᠠᠷ ᠤᠨ ᠵᠢᠷᠤᠭ ᠢ 8 ᠵᠦᠰᠦᠮ᠂ 16 ᠵᠦᠰᠦᠮ᠂ 32 ᠵᠦᠰᠦᠮ ᠪᠠ 64 ᠵᠦᠰᠦᠮ ᠤᠨ

ᠪᠠᠷᠢᠮᠵᠢᠶ᠎ᠠ ᠪᠠᠷ ᠨᠠᠶᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠲᠤ ᠭᠠᠵᠠᠷ ᠤᠨ ᠵᠢᠷᠤᠭ᠂  ᠠᠶᠢᠮᠠᠭ

ᠬᠤᠲᠠ ᠶᠢᠨ ᠪᠠᠷᠢᠮᠵᠢᠶᠠᠲᠤ ᠭᠠᠵᠠᠷ ᠤᠨ ᠵᠢᠷᠤᠭ᠂ ᠬᠤᠰᠢᠭᠤ ᠰᠢᠶᠠᠨ ᠤ ᠪᠠᠷᠢᠮᠵᠢᠶᠠᠲᠤ ᠭᠠᠵᠠᠷ ᠤᠨ ᠵᠢᠷᠤᠭ ᠢ  

ᠪᠠᠭᠲᠠᠭᠠᠪᠠ᠃ ᠲᠤᠰ ᠰᠢᠨ᠎ᠡ ᠬᠡᠪᠯᠡᠯ ᠤᠨ ᠭᠠᠵᠠᠷ ᠤᠨ ᠵᠢᠷᠤᠭ ᠨᠢ ᠨᠡᠩ ᠰᠠᠶᠢᠬᠠᠨ᠂ ᠨᠡᠩ ᠰᠢᠨ᠎ᠡ᠂ ᠨᠡᠩ ᠪᠦᠭᠦ ᠲᠠᠯ᠎ᠠ

 ᠶᠢᠨ ᠪᠠᠶᠢᠵᠤ᠂ ᠰᠣᠨᠢᠨ ᠮᠡᠳᠡᠭᠡᠨ ᠤ ᠤᠬᠠᠭᠤᠯᠭ᠎ᠠ ᠳᠤ ᠬᠡᠷᠡᠭᠯᠡᠬᠦ ᠭᠠᠵᠠᠷ ᠤᠨ ᠵᠢᠷᠤᠭ᠂ ᠨᠣᠮ ᠰᠡᠳᠬᠦᠯ ᠰᠣᠨᠢᠨ ᠤ

ᠵᠢᠭᠢᠷᠢᠭ ᠵᠢᠷᠤᠭ᠂ ᠵᠠᠷ ᠮᠡᠳᠡᠭᠡᠨ ᠤ ᠦᠵᠡᠭᠦᠯᠭᠡ ᠶᠢᠨ ᠠᠷᠤ ᠦᠵᠡᠭᠳᠡᠯ ᠤᠨ ᠵᠢᠷᠤᠭ᠂ ᠭᠠᠷ ᠤᠷᠠᠯᠠᠯ ᠤᠨ

ᠪᠦᠲᠦᠭᠡᠭᠳᠡᠬᠦᠨ ᠤ ᠵᠢᠷᠤᠭ ᠲᠥᠯᠥᠪᠯᠡᠭᠡ ᠵᠡᠷᠭᠡ ᠳᠤ ᠡᠬᠡ ᠮᠠᠲ᠋ᠧᠷᠢᠶᠠᠯ ᠬᠠᠩᠭᠠᠭᠰᠠᠨ ᠪᠥᠭᠡᠳ ᠢᠯᠡ ᠪᠠᠷ ᠨᠡᠶᠢᠲᠡᠯᠡᠬᠦ

ᠭᠠᠵᠠᠷ ᠤᠨ ᠵᠢᠷᠤᠭ ᠢ ᠨᠠᠶᠢᠷᠠᠭᠤᠯᠤᠨ ᠵᠣᠬᠢᠶᠠᠬᠤ ᠳᠤ ᠯᠠᠪᠯᠠᠯᠲᠠ ᠬᠠᠩᠭᠠᠭᠰᠠᠨ ᠪᠠᠶᠢᠨ᠎ᠠ᠃ ᠳᠤᠰ ᠰᠢᠨ᠎ᠡ ᠬᠡᠪᠯᠡᠯ ᠤᠨ

ᠭᠠᠵᠠᠷ ᠤᠨ ᠵᠢᠷᠤᠭ ᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠠᠯᠪᠠᠨ

 ᠤ ᠰᠦᠯᠵᠢᠶ᠎ᠡ ᠠᠴᠠ ᠰᠢᠭᠤᠳ ᠨᠡᠭᠡᠭᠡᠨ ᠦᠵᠡᠵᠦ᠂ ᠬᠡᠷᠡᠭᠯᠡᠵᠦ᠂ ᠪᠠᠭᠤᠯᠭᠠᠨ ᠠᠪᠴᠤ ᠪᠤᠯᠬᠤ ᠪᠥᠭᠡᠳ ᠪᠠᠷᠢᠮᠵᠢᠶᠠᠲᠤ

ᠭᠠᠵᠠᠷ ᠤᠨ ᠵᠢᠷᠤᠭ ᠢ ᠬᠡᠷᠡᠭᠯᠡᠬᠦ ᠦᠶ᠎ᠡ ᠳᠡᠭᠡᠨ ᠬᠢᠨᠠᠨ ᠪᠠᠶᠢᠴᠠᠭᠠᠭᠰᠠᠨ ᠵᠢᠷᠤᠭ ᠤᠨ ᠳ᠋ᠤᠭᠠᠷ ᠢ ᠲᠣᠳᠣᠷᠬᠠᠶᠢᠯᠠᠪᠠᠯ

ᠪᠣᠯᠴᠢᠬᠠᠨ᠎ᠠ᠃

 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号