ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ | ᠲᠦᠷᠦᠭᠦᠬᠡᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ ᠂ ᠮᠠᠨ ᠤ | ᠣᠷᠣᠨ ᠲᠠᠷᠢᠶᠠᠨ ᠭᠠᠵᠠᠷ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠳᠦᠷᠢᠮ | ᠲᠣᠭᠲᠠᠭᠠᠯ ᠢ ᠴᠢᠩᠭᠠᠳᠬᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠲᠤᠭ᠎ᠠ ᠬᠡᠮᠵᠢᠶ᠎ᠡ ᠶᠢᠨ ᠪᠠᠶᠢᠭᠤᠯᠤᠯᠲᠠ ᠶᠢ | ᠠᠬᠢᠭᠤᠯᠤᠨ᠂ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠵᠤ ᠪᠠᠶᠢᠨ᠎ᠠ᠃ | ᠮᠠᠨ ᠤ ᠣᠷᠣᠨ ᠲᠠᠷᠢᠶᠠᠨ ᠭᠠᠵᠠᠷ ᠤᠨ ᠲᠠᠯᠠᠪᠠᠢ ᠪᠠᠷ ᠪᠦᠭᠦ ᠤᠯᠤᠰ ᠲᠤ ᠳᠡᠳ᠋ᠯᠡᠨ᠂ 1.72 ᠳ᠋ᠦᠩᠰᠢᠭᠤᠷ | ᠮᠦ ᠲᠠᠷᠢᠶᠠᠨ ᠭᠠᠵᠠᠷ ᠲᠠᠢ ᠪᠠᠶᠢᠵᠤ᠂ ᠪᠦᠭᠦ ᠤᠯᠤᠰ ᠤᠨ ᠲᠠᠷᠢᠶᠠᠨ ᠭᠠᠵᠠᠷ ᠤᠨ ᠲᠠᠯᠠᠪᠠᠶ ᠶᠢᠨ 8.97% ᠶᠢ | ᠡᠵᠡᠯᠡᠵᠦ ᠪᠤᠢ᠃ ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠣᠷᠣᠨ ᠲᠠᠷᠢᠶᠠᠨ ᠭᠠᠵᠠᠷ ᠢ ᠬᠠᠮᠠᠭᠠᠯᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠷᠠᠯᠲᠠ ᠪᠠ ᠡᠭᠦᠷᠢᠳᠡ | ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ | ᠬᠠᠲᠠᠭᠤ ᠴᠢᠩᠭ᠎ᠠ ᠬᠢᠨᠠᠨ ᠰᠢᠯᠭᠠᠯᠲᠠ ᠶᠢ ᠬᠡᠷᠡᠭᠵᠢᠭᠦᠯᠵᠦ᠂ ᠨᠠᠰᠤᠨ ᠲᠤᠷᠰᠢᠲᠠ ᠬᠠᠷᠢᠭᠤᠴᠠᠯᠭ᠎ᠠ ᠨᠡᠬᠡᠮᠵᠢᠯᠡᠬᠦ | ᠳᠦᠷᠢᠮ ᠢ ᠬᠡᠷᠡᠭᠵᠢᠭᠦᠯᠪᠡ᠃ ᠲᠠᠷᠢᠶᠠᠨ ᠭᠠᠵᠠᠷ ᠤᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠳᠦᠷᠢᠮ ᠢ ᠴᠢᠩᠳᠠᠯᠠᠵᠤ | ᠂ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠵᠠᠭᠠᠭᠯᠠᠨ ᠲᠣᠭᠲᠠᠭᠠᠭᠰᠠᠨ ᠦᠷ᠎ᠡ | ᠪᠦᠲᠦᠭᠡᠯ ᠢ ᠪᠠᠬᠢᠵᠢᠭᠦᠯᠦᠨ᠂ ︽ᠬᠤᠶᠠᠷ ᠢ ᠲᠡᠩᠴᠡᠭᠦᠷᠢᠲᠡᠢ ᠪᠠᠶᠢᠯᠭᠠᠵᠤ ᠨᠢᠭᠡ ᠶᠢ ᠦᠯᠦ ᠬᠥᠳᠡᠯᠭᠡᠬᠦ︾ ᠳᠦᠷᠢᠮ ᠢ | ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠤᠯᠭᠠᠬᠤ︾ ᠶᠢ ᠡᠷᠡᠰ | ᠬᠤᠷᠢᠭᠯᠠᠨ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠤᠯᠭᠠᠬᠤ︾ ᠶᠢ ᠴᠢᠩᠭ᠎ᠠ | ᠬᠠᠮᠢᠶᠠᠷᠤᠨ ᠡᠵᠡᠮᠳᠡᠵᠦ᠂ ᠲᠠᠷᠢᠶᠠᠨ ᠭᠠᠵᠠᠷ ᠢ ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ ᠠᠰᠢᠭᠯᠠᠬᠤ ᠶᠢ ᠦᠨᠡᠨ | ᠬᠦ ᠪᠠᠲᠤᠯᠠᠵᠠᠢ᠃ | ᠣᠶᠢᠯᠠᠭᠠᠭᠰᠠᠨ ᠢᠶᠠᠷ᠂ ᠮᠠᠨ ᠤ ᠣᠷᠣᠨ ᠡᠨᠡ ᠵᠢᠯ ᠤᠨ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ | 1641.41 ᠾᠧᠺᠲ᠋ᠠᠷ ᠲᠠᠷᠢᠶᠠᠨ ᠭᠠᠵᠠᠷ ᠢ ᠪᠦᠭᠦᠨ ᠢ ᠨᠥᠬᠦᠪᠦᠷᠢᠯᠡᠨ ᠪᠠᠶᠢᠭᠤᠯᠵᠤ᠂ ᠲᠠᠷᠢᠶᠠᠨ ᠭᠠᠵᠠᠷ ᠢ︽ | ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ︾ ᠶᠢ ᠪᠠᠲᠤᠯᠠᠭᠰᠠᠨ ᠪᠠᠶᠢᠨ᠎ᠠ᠃ ᠲᠠᠷᠢᠶᠠᠨ ᠭᠠᠵᠠᠷ ᠤᠨ | ᠶᠠᠰᠤ ᠴᠢᠨᠠᠷ ᠲᠤᠭ᠎ᠠ ᠬᠡᠮᠵᠢᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠬᠤ ᠳᠤ ᠲᠣᠬᠢᠷᠠᠮᠵᠢᠲᠠᠢ ᠪᠡᠯᠡᠳᠬᠡᠯ | ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠡᠮᠬᠢ ᠵᠢᠷᠤᠮ ᠲᠠᠢ ᠪᠠᠷ ᠠᠬᠢᠭᠤᠯᠵᠤ ᠂ ᠮᠠᠯ ᠠᠵᠤ ᠠᠬᠤᠢ ᠲᠠᠷᠢᠶᠠᠯᠠᠩ | ᠤᠨ ᠦᠢᠯᠡᠳᠪᠦᠷᠢᠯᠡᠯ ᠤᠨ ᠲᠠᠯᠠᠪᠠᠶ ᠶᠢ ᠤᠯᠠᠮ ᠨᠢᠭᠡ ᠠᠯᠬᠤᠮ ᠥᠷᠭᠡᠳᠬᠡᠨ᠂ ᠬᠥᠯᠥᠨ ᠪᠤᠶᠢᠷ ᠬᠤᠳᠠ᠂ ᠬᠢᠩᠭᠠᠨ | ᠠᠶᠢᠮᠠᠭ ᠵᠡᠷᠭᠡ ᠤᠰᠤᠨ ᠤ ᠡᠬᠢ ᠪᠠᠶᠠᠯᠢᠭ ᠢᠶᠠᠷ ᠡᠯᠪᠡᠭ ᠭᠠᠵᠠᠷ ᠣᠷᠣᠨ ᠤ ᠤᠰᠤᠨ ᠲᠠᠷᠢᠶ᠎ᠠ ᠶᠢᠨ ᠪᠦᠲᠦᠭᠡᠨ | ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠡᠨᠡ ᠵᠢᠯ ᠪᠦᠭᠦ ᠣᠷᠣᠨ ᠤ ᠰᠢᠨ᠎ᠡ ᠪᠠᠷ ᠪᠦᠲᠦᠭᠡᠨ ᠪᠠᠶᠢᠭᠤᠯᠵᠤ | ᠳᠠᠭᠤᠰᠬᠠᠭᠠᠳ ᠶᠠᠭ ᠬᠥᠮᠥᠷᠭᠡ ᠳᠤ ᠣᠷᠣᠭᠤᠯᠵᠤ ᠪᠠᠶᠢᠭ᠎ᠠ ᠤᠰᠤᠨ ᠲᠠᠷᠢᠶᠠᠨ ᠤ ᠳᠠᠯᠠᠪᠠᠢ ᠶᠢᠨ ᠭᠦᠢᠴᠡᠳᠬᠡᠯ | ᠲᠤᠭ᠎ᠠ 3 ᠲᠦᠮᠡᠨ ᠮᠦ ᠳᠤ ᠬᠦᠷᠴᠡᠢ᠃ ᠡᠭᠦᠨ ᠠᠴᠠ ᠭᠠᠳᠠᠨ᠎ᠠ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ | ᠳᠤ ᠬᠠᠷ᠎ᠠ ᠬᠥᠷᠥᠰᠥᠲᠦ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠬᠢᠨᠠᠨ ᠪᠠᠶᠢᠴᠠᠭᠠᠬᠤ ᠶᠢ ᠴᠢᠩᠭᠠᠳᠬᠠᠨ᠂ | ᠡᠵᠡᠯᠡᠨ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠠᠷ᠎ᠠ | ᠬᠥᠷᠥᠰᠥᠲᠦ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠤ ᠭᠦᠷᠪᠡᠯ ᠬᠠᠷ᠎ᠠ ᠬᠥᠷᠥᠰᠥᠨ ᠳᠠᠪᠬᠤᠷᠭ᠎ᠠ ᠶᠢ ᠰᠠᠯᠭᠠᠬᠤ᠂ | ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ | ᠪᠠᠶᠢᠨ᠎ᠠ᠃ |