2022 ᠣᠨ ᠳᠤ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢᠨ ᠵᠢᠭᠠᠯᠲᠠ ᠲᠤᠭ᠎ᠠ ᠳᠡᠭᠡᠷ᠎ᠡ ᠵᠢᠯ ᠤᠨ ᠬᠢ ᠠᠴᠠ 28.4% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2023/8/24

     ᠰᠤᠷᠪᠤᠯᠵᠢᠯᠠᠬᠴᠢ 22 ᠤᠨ ᠡᠳᠦᠷ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ

ᠣᠶᠢᠯᠠᠭᠠᠭᠰᠠᠨ ᠢᠶᠠᠷ᠂ 2022 ᠣᠨ ᠳᠤ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ

ᠬᠥᠳᠡᠯᠭᠡᠭᠴᠢ ᠡᠨᠧᠷᠭᠢ ᠶᠢᠨ ᠵᠢᠭᠠᠯᠲᠠ ᠲᠤᠭ᠎ᠠ 766.8 ᠪᠣᠯᠵᠤ᠂ ᠳᠡᠭᠡᠷ᠎ᠡ ᠵᠢᠯ ᠤᠨ ᠬᠢ ᠠᠴᠠ 28.4% ᠪᠠᠷ

ᠨᠡᠮᠡᠭᠳᠡᠵᠦ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠭᠡᠯᠪᠡᠷᠢ᠂ ᠰᠢᠨ᠎ᠡ ᠬᠤᠳᠠᠯᠳᠤᠭᠠᠨ ᠤ ᠵᠠᠭᠪᠤᠷ ᠢᠶᠠᠷ

ᠭᠤᠣᠯ ᠠᠭᠤᠯᠭ᠎ᠠ ᠪᠤᠯᠭᠠᠬᠰᠠᠨ ᠰᠢᠨ᠎ᠡ ᠬᠥᠳᠡᠯᠭᠡᠭᠴᠢ ᠡᠨᠧᠷᠭᠢ ᠦᠷᠭᠦᠯᠵᠢᠯᠡᠨ ᠲᠥᠪᠯᠡᠷᠡᠩᠭᠦᠢ ᠪᠣᠶᠢᠵᠢᠵᠤ᠂ ᠠᠵᠤ

ᠠᠬᠤᠢ ᠶᠢᠨ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠪᠠᠳᠠᠷᠠᠪᠠ᠃

     ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ

ᠰᠤᠳᠤᠯᠭᠠᠨ ᠤ ᠭᠠᠵᠠᠷ ᠤᠨ ᠳᠠᠷᠤᠭ᠎ᠠ ᠯᠢᠦᠢ ᠬᠠᠢ ᠴᠢ᠂ ᠰᠦᠯᠵᠢᠶᠡᠨ ᠤ ᠬᠦᠴᠦᠷᠬᠡᠭ ᠤᠯᠤᠰ ᠪᠠ ᠲᠣᠭᠠᠴᠢᠯᠠᠭᠰᠠᠨ

ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠲᠦᠷᠭᠡᠨ ᠠᠬᠢᠵᠤ᠂ ᠰᠦᠯᠵᠢᠶᠡᠨ ᠤ ᠰᠠᠭᠤᠷᠢ ᠲᠥᠬᠦᠭᠡᠷᠦᠮᠵᠢ

ᠰᠢᠯᠢᠳᠡᠭᠵᠢᠨ ᠲᠠᠰ ᠳᠡᠪᠰᠢᠵᠦ᠂ ᠲᠣᠭᠠᠴᠢᠯᠠᠭᠰᠠᠨ ᠠᠵᠤ ᠠᠬᠤᠢ ᠬᠢᠭᠡᠳ ᠪᠣᠳᠠᠲᠤ ᠴᠣᠭᠴᠠ ᠶᠢᠨ ᠠᠵᠤ ᠠᠬᠤᠢ ᠶᠢᠨ

ᠠᠭᠤᠰᠤᠯᠴᠠᠯ ᠦᠷᠭᠦᠯᠵᠢᠯᠡᠨ ᠭᠦᠨᠵᠡᠭᠡᠶᠢᠷᠡᠵᠦ᠂ ᠲᠣᠭᠠᠴᠢᠯᠠᠭᠰᠠᠨ ᠠᠵᠤ ᠠᠬᠤᠢ ᠶᠢᠨ ᠰᠢᠨ᠎ᠡ ᠳᠠᠪᠠᠭᠤᠯᠢᠭ ᠢ

ᠲᠠᠰᠤᠷᠠᠯᠲᠠ ᠦᠭᠡᠢ ᠴᠢᠩᠭᠠᠷᠠᠭᠤᠯᠪᠠ᠃ ᠲᠥᠰᠥᠭᠡᠯᠡᠨ ᠪᠤᠳᠤᠬᠰᠠᠨ ᠢ ᠦᠨᠳᠦᠰᠦᠯᠡᠪᠡᠯ᠂ 2022 ᠣᠨ ᠳᠤ᠂

ᠰᠦᠯᠵᠢᠶᠡᠨ ᠤ ᠠᠵᠤ ᠠᠬᠤᠢ ᠶᠢᠨ ᠵᠢᠭᠠᠯᠲᠠ ᠲᠤᠭ᠎ᠠ 2739.0 ᠪᠣᠯᠵᠤ᠂ ᠳᠡᠭᠡᠷ᠎ᠡ ᠵᠢᠯ ᠤᠨ ᠬᠢ ᠠᠴᠠ 39.

6% ᠪᠠᠷ ᠨᠡᠮᠡᠭᠳᠡᠵᠡᠢ ᠭᠡᠵᠦ ᠢᠯᠡᠳᠬᠡᠪᠡ᠃

     ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ ᠬᠥᠳᠡᠯᠭᠡᠬᠦ ᠡᠨᠧᠷᠭᠢ ᠶᠢᠨ

ᠦᠰᠦᠨ ᠪᠤᠶᠢᠵᠢᠯᠲᠠ ᠶᠢ ᠬᠥᠲᠥᠯᠥᠨ ᠳᠠᠭᠠᠭᠤᠯᠪᠠ᠃ ᠲᠥᠰᠥᠭᠡᠯᠡᠨ ᠪᠤᠳᠤᠬᠰᠠᠨ ᠢ ᠦᠨᠳᠦᠰᠦᠯᠡᠪᠡᠯ᠂ 2022

ᠣᠨ ᠳᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠵᠢᠭᠠᠯᠲᠠ ᠲᠤᠭ᠎ᠠ 336.3 ᠪᠣᠯᠵᠤ᠂ ᠳᠡᠭᠡᠷ᠎ᠡ ᠵᠢᠯ ᠤᠨ

 ᠬᠢ ᠠᠴᠠ 15.5% ᠪᠠᠷ ᠨᠡᠮᠡᠭᠳᠡᠪᠡ᠃ ᠭᠤᠣᠯ ᠪᠤᠯᠬᠤ ᠪᠦᠷᠢᠯᠳᠦᠯ ᠤᠨ ᠭᠦᠢᠴᠡᠳᠬᠡᠯ ᠲᠤᠭ᠎ᠠ ᠠᠴᠠ ᠦᠵᠡᠪᠡᠯ᠂

ᠪᠦᠭᠦ ᠤᠯᠤᠰ ᠤᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ

ᠣᠷᠣᠭᠤᠯᠤᠯᠲᠠ 3.1 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 10.4%

 ᠪᠠᠷ ᠨᠡᠮᠡᠭᠳᠡᠵᠦ᠂ ᠰᠠᠭᠤᠷᠢ ᠰᠤᠳᠤᠯᠭᠠᠨ ᠤ ᠵᠠᠷᠤᠳᠠᠯ ᠤᠨ ᠰᠤᠳᠤᠯᠤᠨ ᠨᠡᠭᠡᠭᠡᠬᠦ ᠵᠠᠷᠤᠯᠭ᠎ᠠ ᠳᠤ ᠡᠵᠡᠯᠡᠬᠦ ᠬᠤᠪᠢ ᠶᠢᠨ

ᠵᠢᠩ ᠲᠣᠭᠲᠠᠭᠤᠨ ᠢᠶᠠᠷ ᠳᠡᠭᠡᠭᠰᠢᠯᠡᠵᠦ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠦᠷᠭᠦᠯᠵᠢᠯᠡᠨ

ᠨᠡᠮᠡᠭᠳᠡᠪᠡ᠃

     ᠴᠢᠳᠠᠪᠤᠷᠢᠲᠠᠨ ᠤ ᠮᠡᠳᠡᠯᠭᠡ ᠶᠢᠨ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠪᠡ᠃ ᠲᠥᠰᠥᠭᠡᠯᠡᠨ ᠪᠤᠳᠤᠬᠰᠡᠨ ᠢ

ᠦᠨᠳᠦᠰᠦᠯᠡᠪᠡᠯ᠂ 2022 ᠣᠨ ᠳᠤ᠂ ᠮᠡᠳᠡᠯᠭᠡ ᠴᠢᠳᠠᠪᠤᠷᠢ ᠶᠢᠨ ᠵᠢᠭᠠᠯᠲᠠ ᠲᠤᠭ᠎ᠠ ᠨᠢ 193.4 ᠪᠠᠶᠢᠵᠤ᠂ ᠳᠡᠭᠡᠷ᠎ᠡ

ᠵᠢᠯ ᠤᠨ ᠬᠢ ᠠᠴᠠ 5.9% ᠪᠠᠷ ᠨᠡᠮᠡᠭᠳᠡᠪᠡ᠃ ᠭᠤᠣᠯ ᠪᠤᠯᠬᠤ ᠪᠦᠷᠢᠯᠳᠦᠯ ᠤᠨ ᠭᠦᠢᠴᠡᠳᠬᠡᠯ ᠲᠤᠭ᠎ᠠ ᠠᠴᠠ

ᠦᠵᠡᠪᠡᠯ᠂ ᠲᠦᠮᠡᠨ ᠠᠵᠢᠯ ᠣᠯᠣᠭᠰᠠᠳ ᠪᠦᠷᠢ ᠳᠤ R&D ᠠᠵᠢᠯᠲᠠᠨ ᠤ ᠪᠦᠭᠦ ᠴᠠᠭ ᠤᠨ ᠬᠡᠮᠵᠢᠶ᠎ᠡ ᠨᠢ ᠵᠢᠯ

ᠪᠦᠷᠢ 635.4 ᠬᠥᠮᠥᠨ ᠵᠢᠯ ᠪᠠᠶᠢᠵᠤ᠂ ᠳᠡᠭᠡᠷ᠎ᠡ ᠵᠢᠯ ᠤᠨ ᠬᠢ ᠠᠴᠠ 11.2% ᠢᠶᠠᠷ ᠨᠡᠮᠡᠭᠳᠡᠵᠡᠶ; ᠠᠵᠤ

ᠠᠬᠤᠢ ᠶᠢᠨ ᠠᠵᠢᠯᠯᠠᠭ᠎ᠠ ᠶᠢᠨ ᠬᠥᠮᠥᠨ ᠠᠮᠠ ᠶᠢᠨ ᠳᠣᠲᠣᠷ᠎ᠠ ᠠᠰᠫᠢᠷᠠᠨᠲ ᠵᠢᠴᠢ ᠲᠡᠭᠦᠨ ᠠᠴᠠ ᠳᠡᠭᠡᠭᠰᠢᠬᠢ

ᠰᠤᠷᠤᠯᠭ᠎ᠠ ᠶᠢᠨ ᠨᠠᠮᠲᠠᠷ ᠲᠠᠢ ᠬᠥᠮᠥᠨ ᠠᠮᠠ 1.33% ᠶᠢ ᠡᠵᠡᠯᠡᠵᠦ᠂ ᠳᠡᠭᠡᠷ᠎ᠡ ᠵᠢᠯ ᠤᠨ ᠬᠢ ᠠᠴᠠ ᠵᠠᠭᠤᠨ ᠤ

ᠬᠠᠷᠢᠴᠠᠯ ᠢᠶᠠᠷ 0.04 ᠬᠤᠪᠢ ᠳᠡᠭᠡᠭᠰᠢᠯᠡᠵᠡᠢ᠃

     ᠠᠵᠤ ᠠᠬᠤᠢ ᠶᠢᠨ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠢᠯᠡᠷᠡᠪᠡ᠃ ᠲᠥᠰᠥᠭᠡᠯᠡᠨ ᠪᠤᠳᠤᠬᠰᠡᠨ ᠢ

ᠦᠨᠳᠦᠰᠦᠯᠡᠪᠡᠯ᠂ 2022 ᠣᠨ ᠳᠤ᠂ ᠠᠵᠤ ᠠᠬᠤᠢ ᠶᠢᠨ ᠠᠮᠢᠵᠢᠷᠠᠯ ᠤᠨ ᠬᠦᠴᠦᠨ ᠤ ᠵᠢᠭᠠᠯᠲᠠ ᠲᠤᠭ᠎ᠠ 402.6

ᠪᠣᠯᠵᠤ᠂ ᠳᠡᠭᠡᠷ᠎ᠡ ᠵᠢᠯ ᠤᠨ ᠬᠢ ᠠᠴᠠ 3.5% ᠪᠠᠷ ᠨᠡᠮᠡᠭᠳᠡᠪᠡ᠃ ᠭᠤᠣᠯ ᠪᠤᠯᠬᠤ ᠪᠦᠷᠢᠯᠳᠦᠯ ᠤᠨ ᠭᠦᠢᠴᠡᠳᠬᠡᠯ

ᠲᠤᠭ᠎ᠠ ᠠᠴᠠ ᠦᠵᠡᠪᠡᠯ᠂ 2022 ᠣᠨ ᠳᠤ ᠮᠠᠨ ᠤ ᠤᠯᠤᠰ ᠤᠨ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ ᠶᠢᠨ

ᠵᠣᠭᠤᠰ ᠤᠨ ᠲᠤᠭ᠎ᠠ 1891 ᠳ᠋ᠦᠩᠰᠢᠭᠤᠷ ᠳ᠋ᠣᠯᠯᠠᠷ ᠲᠤ ᠬᠦᠷᠴᠦ᠂ 8% ᠪᠠᠷ ᠨᠡᠮᠡᠭᠳᠡᠪᠡ; ᠳᠡᠭᠡᠳᠦ

ᠮᠡᠷᠭᠡᠵᠢᠯ ᠤᠨ ᠠᠵᠤ ᠦᠢᠯᠡᠰ ᠤᠨ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ ᠶᠢᠨ ᠵᠣᠭᠤᠰ ᠤᠨ ᠲᠤᠭ᠎ᠠ 683

ᠳ᠋ᠦᠩᠰᠢᠭᠤᠷ ᠳ᠋ᠣᠯᠯᠠᠷ ᠲᠤ ᠬᠦᠷᠴᠦ᠂ 30.9% ᠪᠠᠷ ᠨᠡᠮᠡᠭᠳᠡᠪᠡ᠃ ᠰᠦᠯᠵᠢᠶᠡᠨ ᠤ ᠬᠡᠷᠡᠭᠯᠡᠭᠡ ᠨᠢ ᠲᠦᠷᠭᠡᠨ

ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ 2022 ᠣᠨ ᠳᠤ

ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ 1105.8 ᠳ᠋ᠦᠩᠰᠢᠭᠤᠷ ᠬᠤᠪᠢ ᠳᠤ ᠬᠦᠷᠴᠦ᠂

2.1% ᠪᠠᠷ ᠨᠡᠮᠡᠭᠳᠡᠪᠡ᠃

     ᠭᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠪᠠ᠃ ᠲᠥᠰᠥᠭᠡᠯᠡᠨ

ᠪᠤᠳᠤᠬᠰᠠᠨ ᠢ ᠦᠨᠳᠦᠰᠦᠯᠡᠪᠡᠯ᠂ 2022 ᠣᠨ ᠳᠤ᠂ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠦᠭᠰᠡᠨ ᠵᠢᠭᠠᠯᠲᠠ

ᠲᠤᠭ᠎ᠠ 162.8 ᠪᠣᠯᠵᠤ᠂ ᠳᠡᠭᠡᠷ᠎ᠡ ᠵᠢᠯ ᠤᠨ ᠬᠢ ᠠᠴᠠ 1.2% ᠢᠶᠠᠷ ᠨᠡᠮᠡᠭᠳᠡᠪᠡ᠃ ᠭᠤᠣᠯ ᠪᠤᠯᠬᠤ ᠪᠦᠷᠢᠯᠳᠦᠯ ᠤᠨ

ᠭᠦᠢᠴᠡᠳᠬᠡᠯ ᠲᠤᠭ᠎ᠠ ᠠᠴᠠ ᠦᠵᠡᠪᠡᠯ᠂ 2022 ᠣᠨ ᠳᠤ᠂ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠮᠡᠷᠭᠡᠵᠢᠯ ᠤᠨ

ᠦᠢᠯᠡᠳᠬᠦ ᠦᠢᠯᠡᠰ ᠤᠨ ᠨᠡᠮᠡᠭᠳᠡᠯ ᠥᠷᠲᠡᠭ ᠳᠡᠭᠡᠷ᠎ᠡ ᠵᠢᠯ ᠤᠨ ᠬᠢ ᠠᠴᠠ 7.4% ᠪᠠᠷ ᠨᠡᠮᠡᠭᠳᠡᠵᠦ᠂

ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠴᠠ

ᠵᠠᠭᠤᠨ ᠤ ᠬᠠᠷᠢᠴᠠᠯ ᠢᠶᠠᠷ 3.8 ᠬᠤᠪᠢ ᠲᠦᠷᠭᠡᠨ ᠪᠤᠯᠵᠠᠶ; ᠪᠠᠶᠢᠭᠠᠯᠢ ᠶᠢᠨ ᠰᠢᠲᠠᠮᠠᠬᠠᠢ ᠬᠡᠢ᠂ ᠤᠰᠤᠨ ᠴᠠᠭᠢᠯᠭᠠᠨ᠂

ᠴᠥᠮ᠎ᠡ ᠶᠢᠨ ᠴᠠᠭᠢᠯᠭᠠᠨ᠂ ᠰᠠᠯᠬᠢᠨ ᠬᠦᠴᠦᠨ ᠤ ᠴᠠᠭᠢᠯᠭᠠᠨ ᠵᠡᠷᠭᠡ ᠴᠡᠪᠡᠷ ᠡᠨᠧᠷᠭᠢ ᠶᠢᠨ ᠡᠨᠧᠷᠭᠢ ᠶᠢᠨ

ᠬᠡᠷᠡᠭᠯᠡᠭᠡᠨ ᠤ ᠶᠡᠷᠦᠩᠬᠡᠢ ᠬᠡᠮᠵᠢᠶ᠎ᠡ ᠳᠠᠬᠢ ᠡᠵᠡᠯᠡᠬᠦ ᠬᠠᠷᠢᠴᠠᠯ ᠨᠢ 25.9% ᠪᠣᠯᠵᠤ᠂ ᠳᠡᠭᠡᠷ᠎ᠡ ᠵᠢᠯ ᠤᠨ ᠬᠢ ᠠᠴᠠ

ᠵᠠᠭᠤᠨ ᠤ ᠬᠠᠷᠢᠴᠠᠯ ᠢᠶᠠᠷ 0.4 ᠬᠤᠪᠢ ᠳᠡᠭᠡᠭᠰᠢᠯᠡᠪᠡ᠃

 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号