ᠦᠴᠦᠸᠠᠨ ᠰᠢᠶᠠᠨ ᠤ ︽ᠶᠠᠩ ᠭᠤᠸᠠᠩ ᠠᠩᠭᠢ ᠬᠤᠪᠢᠶᠠᠬᠤ︾ ᠠᠵᠢᠯᠯᠠᠭ᠎ᠠ ᠨᠢ ᠰᠤᠷᠤᠭᠴᠢᠳ ᠲᠤ ᠡᠷᠬᠡ ᠲᠡᠭᠰᠢ ᠰᠤᠷᠭᠠᠨ ᠬᠥᠮᠦᠵᠢᠯ ᠬᠦᠷᠲᠡᠭᠡᠪᠡ
ᠨᠡᠶᠢᠲᠡᠯᠡᠭᠰᠡᠨ ᠴᠠᠭ᠄
2023/8/25
     ᠲᠡᠩᠴᠡᠭᠦᠷᠢᠲᠡᠢ ᠬᠥᠭᠵᠢᠯᠲᠡ ᠶᠢ ᠲᠦᠯᠬᠢᠨ ᠠᠬᠢᠭᠤᠯᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠤᠨ᠂ ᠰᠢᠨ᠎ᠡ ᠰᠣᠷᠣᠭᠴᠢ ᠶᠢᠨ ᠰᠤᠷᠭᠠᠭᠤᠯᠢ ᠳᠤ ᠣᠷᠣᠬᠤ ᠠᠩᠭᠢ ᠰᠣᠩᠭᠤᠬᠤ ᠪᠠᠭᠰᠢ ᠰᠣᠩᠭᠤᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠥᠯᠥᠭᠡ᠂ 8 ᠰᠠᠷ᠎ᠠ ᠶᠢᠨ 24 ᠤ ᠡᠳᠦᠷ᠂ ᠦᠴᠦᠸᠠᠨ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠠᠩᠬᠠᠨ ᠤ ᠣᠨ ᠤ ︽ᠶᠠᠩ ᠭᠤᠸᠠᠩ ᠠᠩᠭᠢ ᠬᠤᠪᠢᠶᠠᠬᠤ︾ ᠲᠤᠬᠠᠢ ᠶᠢᠨ ᠲᠠᠯᠠᠪᠤᠷ ᠤᠨ ᠬᠤᠷᠠᠯ ᠮᠠᠨ ᠤ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠳᠤ ᠶᠠᠪᠤᠭᠳᠠᠪᠠ᠃       ︽ᠶᠠᠩ ᠭᠤᠸᠠᠩ ᠠᠩᠭᠢ ᠬᠤᠪᠢᠶᠠᠬᠤ︾ ᠨᠢ ᠢᠯᠡ᠂ ᠡᠷᠬᠡ ᠲᠡᠭᠰᠢ᠂ ᠲᠥᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠨ᠂ ︽ᠰᠣᠷᠣᠭᠴᠢ ᠶᠢᠨ ᠲᠠᠰ ᠳᠠᠷᠠᠭᠠᠯᠠᠯ᠂ ᠰᠣᠷᠣᠭᠴᠢ ᠶᠢᠨ ᠳᠤᠭᠤᠶᠢᠯᠠᠩ ᠤᠨ ᠳ᠋ᠤᠭᠠᠷ᠂ ᠠᠩᠭᠢ ᠶᠢᠨ ᠡᠷᠬᠢᠯᠡᠭᠴᠢ᠂ ᠠᠩᠭᠢ ᠬᠤᠪᠢᠶᠠᠭᠰᠠᠨ ᠨᠡᠷ᠎ᠡ ᠶᠢᠨ ᠪᠦᠷᠢᠳᠬᠡᠯ᠂ ᠠᠩᠭᠢ ᠬᠤᠪᠢᠶᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ︾ ᠲᠠᠪᠤᠨ ᠠᠯᠬᠤᠮ ᠳᠠᠷᠠᠭ᠎ᠠ ᠶᠣᠰᠣᠭᠠᠷ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠰᠣᠨᠢᠨ ᠮᠡᠳᠡᠭᠡᠨ ᠤ ᠵᠠᠭᠤᠴᠢᠯᠠᠭᠤᠷ ᠵᠢᠴᠢ ᠬᠡᠰᠡᠭ ᠭᠡᠷ ᠤᠨ ᠠᠬᠠᠮᠠᠳ᠂ ᠪᠠᠭᠰᠢ ᠵᠡᠷᠭᠡ ᠡᠯ᠎ᠡ ᠡᠲᠡᠭᠡᠳ ᠤᠨ ᠲᠥᠯᠥᠭᠡᠯᠡᠭᠴᠢ ᠶᠢᠨ ᠬᠠᠮᠲᠤ ᠶᠢᠨ ᠬᠢᠨᠠᠯᠲᠠ ᠳᠣᠣᠷ᠎ᠠ ᠺᠣᠮᠫᠢᠦ᠋ᠲ᠋ᠧᠷ ᠢᠶᠠᠷ ᠲᠣᠬᠢᠶᠠᠯᠳᠤᠯ ᠢᠶᠠᠷ ᠬᠤᠪᠢᠶᠠᠷᠢᠯᠠᠵᠤ᠂ ᠰᠣᠷᠣᠭᠴᠢ ᠶᠢ ᠡᠯ᠎ᠡ ᠠᠩᠭᠢ ᠳᠤ ᠲᠡᠩᠴᠡᠭᠦᠷᠢᠲᠡᠢ ᠬᠤᠪᠢᠶᠠᠷᠢᠯᠠᠨ᠎ᠠ᠃      ︽ᠶᠠᠩ ᠭᠤᠸᠠᠩ ᠠᠩᠭᠢ ᠬᠤᠪᠢᠶᠠᠬᠤ︾ ᠨᠢ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠲᠡᠩᠴᠡᠭᠦᠷᠢᠲᠡᠢ ᠲᠣᠬᠢᠷᠠᠭᠤᠯᠤᠯᠲᠠ ᠶᠢ ᠪᠡᠶᠡᠯᠡᠭᠦᠯᠵᠦ᠂ ᠰᠣᠷᠣᠭᠴᠢ ᠨᠢᠭᠡᠪᠦᠷᠢ ᠳᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠡᠩᠴᠡᠭᠦᠷᠢᠲᠡᠢ ᠡᠳ᠋ᠯᠡᠭᠦᠯᠬᠦ ᠶᠢᠨ ᠬᠠᠮᠲᠤ ᠪᠠᠭᠰᠢ ᠨᠠᠷ ᠤᠨ ᠠᠵᠢᠯ ᠤᠨ ᠬᠠᠯᠠᠭᠤᠨ ᠰᠡᠳᠬᠢᠯᠭᠡ ᠶᠢ ᠲᠤᠶᠢᠯ ᠤᠨ ᠶᠡᠭᠡ ᠪᠠᠷ ᠳᠡᠭᠡᠭᠰᠢᠯᠡᠭᠦᠯᠵᠦ᠂ ᠭᠡᠷ ᠤᠨ ᠠᠬᠠᠮᠠᠳ ᠤᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号