ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠣᠨᠴᠠᠭᠠᠢ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2023/8/25
     ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠠᠷᠢᠭᠤᠨ ᠭᠠᠯ ᠰᠠᠶ᠋ᠢᠬᠠᠨ ᠤᠨᠲᠠᠷᠠᠮᠠᠭᠴᠠ᠂︽ᠳᠤᠯᠠᠭᠠᠨ ᠬᠤᠲᠠ︾ᠣᠷᠳᠣᠰ ᠳᠠᠬᠢᠨᠲᠠ ᠨᠠᠶᠢᠷᠰᠠᠭ ᠬᠠᠯᠠᠭᠤᠨ ᠰᠡᠳᠬᠢᠯ ᠢᠶᠠᠷ ᠨᠠᠢᠮᠠᠨ ᠵᠦᠭ ᠤᠨ ᠵᠣᠴᠢᠳ ᠢᠶᠠᠨ ᠤᠭᠲᠤᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠣᠨᠴᠠᠭᠠᠶ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯᠵᠤᠭ᠎ᠠ ᠶᠣᠰᠣᠭᠠᠷ ᠡᠬᠢᠯᠡᠪᠡ᠃
     ᠲᠣᠰ ᠬᠤᠭᠤᠴᠠᠭᠠᠨ ᠤ ᠵᠡᠮᠳᠡᠭᠴᠦᠳ ᠤᠨ ᠣᠨᠴᠠᠭᠠᠶ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯ ᠮᠠᠨ ᠤ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ᠂ ᠤᠷᠤᠯᠳᠤᠭᠠᠨ ᠤ ᠲᠥᠷᠥᠯ ᠵᠦᠢᠯ ᠢᠶᠠᠷ ᠬᠠᠮᠤᠭ ᠤᠨ ᠪᠦᠷᠢᠨ᠂ ᠤᠷᠤᠯᠳᠤᠭᠠᠨ ᠳᠤ ᠣᠷᠣᠯᠴᠠᠬᠰᠠᠨ ᠬᠥᠮᠥᠨ ᠤ ᠲᠤᠭ᠎ᠠ ᠪᠠᠷ ᠬᠠᠮᠤᠭ ᠤᠨ ᠣᠯᠠᠨ ᠪᠣᠯᠤᠭᠰᠠᠨ ᠨᠢᠭᠡ ᠬᠤᠭᠤᠴᠠᠭᠠᠨ ᠤ ᠵᠡᠮᠳᠡᠭᠴᠦᠳ ᠤᠨ ᠶᠡᠷᠦᠩᠬᠡᠶᠢᠯᠡᠭᠰᠡᠨ ᠴᠢᠨᠠᠷᠲᠠᠢ ᠪᠡᠶ᠎ᠡ ᠶᠢᠨ ᠲᠠᠮᠢᠷ ᠤᠨ ᠴᠤᠭᠯᠠᠭᠠᠨ ᠪᠣᠯᠣᠨ᠎ᠠ᠂ ᠪᠦᠭᠦ ᠣᠷᠣᠨ ᠤ 12 ᠠᠶᠢᠮᠠᠭ ᠬᠤᠲᠠ ᠠᠴᠠ ᠢᠷᠡᠭᠰᠡᠨ 1006 ᠵᠡᠮᠳᠡᠭ ᠲᠠᠮᠢᠷᠴᠢᠨ ᠤᠷᠤᠯᠳᠤᠭᠠᠨ ᠤ ᠲᠠᠯᠠᠪᠤᠷ ᠲᠤ ᠡᠷᠡᠯᠬᠡᠭᠯᠡᠨ ᠲᠡᠮᠡᠴᠡᠵᠦ᠂ ᠢᠷᠠᠭᠤ ᠠᠯᠳᠠᠷ ᠢ ᠬᠠᠮᠲᠤ ᠪᠠᠷ ᠡᠳ᠋ᠯᠡᠬᠦ ᠪᠣᠯᠣᠨ᠎ᠠ᠃
     8 ᠰᠠᠷ᠎ᠠ ᠶᠢᠨ 23 ᠤ ᠣᠷᠣᠢ᠂ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠤᠨ ᠪᠡᠶ᠎ᠡ ᠶᠢᠨ ᠲᠠᠮᠢᠷ ᠤᠨ ᠣᠷᠳᠣᠨ ᠳᠤ ᠭᠦᠷ ᠬᠥᠭᠵᠢᠶᠡᠨ ᠢᠶᠠᠷ ᠪᠢᠯᠬᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠣᠨᠴᠠᠭᠠᠢ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠠᠳᠡ ᠦᠪᠡᠳᠡᠭᠰᠢ ᠶᠡᠭᠡ ᠪᠠᠷ ᠡᠬᠢᠯᠡᠪᠡ᠃
     20 ᠴᠠᠭ ᠤᠨ ᠦᠶ᠎ᠡ ᠪᠠᠷ᠂ ᠢᠷᠠᠭᠤ ᠰᠠᠶᠢᠬᠠᠨ ᠬᠥᠭᠵᠢᠮ ᠤᠨ ᠠᠶᠠᠰ ᠳᠤᠮᠳᠠ᠂ ᠲᠤᠭ ᠬᠠᠮᠠᠭᠠᠯᠠᠭᠴᠢᠳ ᠤᠯᠤᠰ ᠤᠨ ᠲᠤᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠤᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠣᠨᠴᠠᠭᠠᠢ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠤᠭ ᠢ ᠬᠦᠷᠢᠶᠡᠯᠡᠨ ᠬᠤᠷᠠᠯ ᠤᠨ ᠲᠠᠯᠠᠪᠠᠢ ᠳᠤ ᠠᠯᠬᠤᠨ ᠣᠷᠣᠪᠠ᠃  
     ᠰᠦᠷ ᠵᠢᠪᠬᠤᠯᠠᠩᠲᠤ ᠤᠯᠤᠰ ᠤᠨ ᠳᠠᠭᠤᠤ ᠶᠢᠨ ᠳᠤᠮᠳᠠ ᠲᠠᠪᠤᠨ ᠣᠳᠣᠲᠤ ᠤᠯᠠᠭᠠᠨ ᠲᠤᠭ ᠠᠯᠭᠤᠷᠬᠠᠨ ᠮᠠᠨᠳᠤᠯ᠎ᠠ᠃ ᠣᠷᠳᠣᠰ ᠬᠤᠲᠠ ᠶᠢᠨ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠠᠴᠠ ᠢᠷᠡᠭᠰᠡᠨ 10 ᠰᠣᠨᠣᠷ ᠤᠨ ᠰᠠᠭᠠᠳ ᠲᠠᠢ ᠪᠠᠭᠠᠴᠤᠳ ᠪᠠ 6 ᠳᠣᠭᠢᠶᠠᠨ ᠤ ᠬᠡᠯᠡᠨ ᠤ ᠪᠠᠭᠰᠢ ᠬᠤᠶᠠᠷ ᠭᠠᠷ ᠢᠶᠠᠷ ᠢᠶᠠᠨ ᠤᠯᠤᠰ ᠤᠨ ᠳᠠᠭᠤᠤ ᠶᠢ ᠬᠠᠮᠲᠤ ᠪᠠᠷ ︽ᠳᠠᠭᠤᠯᠠᠵᠤ︾ ᠡᠷᠴᠢ ᠵᠣᠷᠢᠭ ᠶᠢ ᠬᠥᠪᠴᠢᠯᠡᠵᠡᠢ᠃
     ᠲᠤᠰ ᠣᠷᠣᠢ᠂ ᠥᠪᠥᠷ ᠮᠣᠩᠭᠤᠯ ᠤᠨ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠯᠲᠠᠨ ᠮᠧᠳᠠᠯ ᠣᠯᠣᠭᠰᠠᠨ ᠠᠩᠬᠠᠳᠠᠭᠴᠢ ᠲᠠᠮᠢᠷᠴᠢᠨ ᠬᠠᠰᠯᠤᠤ᠂ 2023 ᠣᠨ ᠤ ᠪᠦᠭᠦ ᠤᠯᠤᠰ ᠤᠨ ᠵᠡᠮᠳᠡᠭᠴᠦᠳ ᠤᠨ ᠬᠦᠨᠳᠦ ᠬᠥᠩᠭᠡᠨ ᠰᠫᠣᠷᠲ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠠᠯᠲᠠᠨ ᠮᠧᠳᠠᠯ ᠣᠯᠣᠭᠰᠠᠨ ᠵᠠᠩ ᠵᠧᠨ ᠳ᠋ᠦᠩ᠂ ᠪᠡᠭᠡᠵᠢᠩ ᠤᠨ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠯᠲᠠᠨ ᠮᠧᠳᠠᠯ ᠤᠨ ᠡᠵᠡᠨ ᠮᠦᠡᠭᠭᠦᠨᠵᠢᠮᠢᠰ᠂ ᠲᠣᠣᠺᠢᠤ᠋ ᠶᠢᠨ ᠵᠡᠮᠳᠡᠭᠴᠦᠳ ᠤᠨ ᠣᠯᠢᠮᠫᠢᠺ ᠤᠨ ᠪᠡᠶ᠎ᠡ  ᠶᠢᠨ ᠲᠠᠮᠢᠷ ᠤᠨ ᠴᠤᠭᠯᠠᠭᠠᠨ ᠤ ᠠᠯᠲᠠᠨ ᠮᠧᠳᠠᠯ ᠣᠯᠣᠭᠰᠠᠨ ᠠᠩᠬᠠᠳᠠᠭᠴᠢ ᠲᠠᠮᠢᠷᠴᠢᠨ ᠰᠦᠨ ᠫᠧᠩ ᠰᠢᠶᠠᠩ᠂ 2000 ᠣᠨ ᠠᠴᠠ ᠰᠡᠭᠦᠯᠡᠷ ᠲᠦᠷᠦᠭᠰᠡᠨ ᠲᠠᠶᠢᠺᠤᠨᠳᠤᠤ ᠶᠢᠨ ᠪᠢᠴᠢᠬᠠᠨ ᠲᠠᠮᠢᠷᠴᠢᠨ ᠶᠠᠨ ᠪᠦᠸᠧ ᠪᠣᠯᠣᠨ ᠣᠯᠠᠨ ᠤᠳᠠᠭ᠎ᠠ ᠠᠯᠲᠠ ᠮᠥᠩᠭᠦᠨ ᠮᠧᠲᠠᠯ ᠣᠯᠣᠭᠰᠠᠨ ᠬᠦᠨᠳᠦ ᠡᠷᠭᠦᠯᠲᠡ ᠶᠢᠨ ᠲᠠᠮᠢᠷᠴᠢᠨ ᠸᠠᠩ ᠬᠤᠩ ᠵᠢᠶᠧ ᠵᠡᠷᠭᠡ 6 ᠭᠠᠯ ᠪᠠᠮᠪᠠᠷᠴᠢᠨ ᠬᠠᠮᠲᠤ ᠪᠠᠷ ᠭᠤᠣᠯ ᠭᠠᠯ ᠪᠠᠮᠪᠠᠷ ᠢ ᠠᠰᠠᠭᠠᠵᠤ᠂ ᠠᠷᠢᠭᠤᠨ ᠭᠠᠯ ᠢᠶᠠᠷ ᠤᠷᠤᠭᠰᠢᠯᠠᠯᠲᠠ ᠶᠢᠨ ᠵᠠᠮ ᠢ ᠭᠡᠷᠡᠯᠲᠦᠭᠦᠯᠦᠯ᠎ᠠ᠃      ᠰᠦᠨ ᠫᠧᠩ ᠰᠢᠶᠠᠩ᠄ ︽ᠲᠤᠰ ᠬᠤᠭᠤᠴᠠᠭᠠᠨ ᠤ ᠵᠡᠮᠳᠡᠭᠴᠦᠳ ᠤᠨ ᠤᠨᠴᠠᠭᠠᠢ ᠪᠡᠶ᠎ᠡ ᠶᠢᠨ ᠲᠠᠮᠢᠷ ᠤᠨ ᠴᠤᠭᠯᠠᠭᠠᠨ ᠤ ᠭᠠᠯ ᠪᠠᠮᠪᠠᠷᠴᠢᠨ ᠪᠣᠯᠤᠭᠰᠠᠨ ᠳᠠᠭᠠᠨ ᠲᠤᠶᠢᠯ ᠤᠨ ᠥᠩᠭᠡ ᠭᠡᠷᠡᠯᠲᠡᠢ ᠰᠠᠨᠠᠭᠳᠠᠵᠤ ᠪᠠᠶᠢᠨ᠎ᠠ᠂ ᠲᠠᠮᠢᠷᠴᠢᠳ ᠴᠥᠮ ᠰᠠᠶᠢᠨ ᠬᠢᠷᠢ ᠪᠦᠲᠦᠮᠵᠢ ᠣᠯᠬᠤ ᠶᠢ ᠵᠥᠩᠨᠡᠵᠦ᠂ ᠥᠪᠡᠷ ᠤᠨ ᠥᠩᠭᠡᠷᠡᠯᠲᠡ ᠪᠠᠷ ᠢᠶᠠᠨ ᠪᠤᠢ ᠪᠦᠬᠦᠢ ᠵᠡᠮᠳᠡᠭᠴᠦᠳ ᠤᠨ ᠬᠦᠴᠦᠷᠬᠡᠭᠵᠢᠨ ᠤᠷᠤᠭᠰᠢᠯᠠᠵᠤ ᠡᠷᠡᠯᠬᠡᠭᠯᠡᠨ ᠲᠡᠮᠡᠴᠡᠬᠦ ᠶᠢ ᠵᠣᠷᠢᠭᠵᠢᠭᠤᠯᠤᠶ᠎ᠠ︕︾ ᠭᠡᠪᠡ᠃      ᠡᠨᠡ ᠬᠦ ᠢᠷᠠᠭᠤ ᠠᠯᠳᠠᠷ ᠪᠠ ᠬᠦᠰᠡᠯ ᠵᠡᠭᠦᠳᠦ ᠶᠢᠨ ᠲᠠᠪᠴᠠᠩ ᠳᠡᠭᠡᠷ᠎ᠡ᠂ ᠮᠢᠩᠭ᠎ᠠ ᠭᠠᠷᠤᠢ ᠵᠡᠮᠳᠡᠭ ᠲᠠᠮᠢᠷᠴᠢᠨ ᠥᠪᠡᠷ ᠢ ᠪᠠᠨ ᠢᠯᠠᠨ ᠳᠠᠪᠠᠵᠤ᠂ ᠢᠯᠠᠯᠲᠠ ᠳᠡᠰᠢ ᠤᠷᠤᠭᠰᠢᠯᠠᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号