ᠦᠴᠦᠸᠠᠨ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠬᠤᠶᠠᠳᠤᠭᠠᠷ ᠪᠦᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/28
     8 ᠰᠠᠷ᠎ᠠ ᠶᠢᠨ 25  ᠤ ᠡᠳᠦᠷ᠂ ᠦᠴᠦᠸᠠᠨ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠬᠤᠶᠠᠳᠤᠭᠠᠷ ᠪᠦᠬᠦᠳᠡ ᠬᠤᠷᠠᠯ ᠬᠤᠷᠠᠯᠳᠤᠪᠠ᠃      ᠦᠳᠡ ᠶᠢᠨ ᠡᠮᠦᠨᠡᠬᠢ 9 ᠴᠠᠭ 30 ᠮᠢᠨᠦ᠋ᠲ ᠲᠤ᠂ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠡᠬᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠠᠷᠪᠠᠨ ᠭᠤᠷᠪᠠᠳᠤᠭᠠᠷ ᠬᠤᠭᠤᠴᠠᠭᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠭᠦᠢᠴᠡᠳᠬᠡᠬᠦ ᠵᠥᠪᠯᠡᠯ ᠤᠨ 2022 ᠣᠨ ᠤ ᠠᠵᠢᠯ ᠤᠨ ᠪᠠᠶᠢᠳᠠᠯ ᠢ ᠳ᠋ᠦᠩᠨᠡᠭᠰᠡᠨ ᠪᠥᠭᠡᠳ 2023 ᠣᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠢᠮᠠᠭᠲᠠ ᠭᠤᠶᠢᠪᠢᠰᠢ ᠦᠭᠡᠢ ᠪᠠᠷ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠳᠠᠬᠢ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ︽ᠬᠤᠶᠠᠷ ᠡᠷᠡᠭᠦᠯ ᠮᠡᠨᠳᠦ︾ ᠲᠠᠢ ᠨᠢᠭᠲᠠ ᠤᠶᠠᠯᠳᠤᠭᠤᠯᠵᠤ᠂ ᠦᠢᠯᠡᠴᠢᠯᠡᠭᠡᠨ ᠤ ᠡᠭᠦᠷᠭᠡ ᠴᠢᠳᠠᠪᠬᠢ ᠶᠢ ᠴᠢᠩᠭᠠᠳᠬᠠᠵᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠰᠢᠶᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ᠎ᠠ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠᠶᠢᠭᠤᠯᠤᠭᠳᠠᠭᠰᠠᠨ 70 ᠵᠢᠯ ᠤᠨ ᠤᠢ ᠪᠣᠯᠣᠨ᠎ᠠ᠂ ᠮᠥᠨᠴᠦ ᠦᠴᠦᠸᠠᠨ ᠤ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ᠰᠢᠨ᠎ᠡ ᠨᠢᠭᠡ ᠡᠭᠡᠯᠵᠢ ᠶᠢᠨ ᠬᠥᠭᠵᠢᠯᠲᠡ ᠶᠢᠨ ᠠᠵᠠ ᠲᠣᠬᠢᠶᠠᠯ ᠢ ᠣᠯᠬᠤ ᠵᠠᠩᠭᠢᠯᠠᠭ᠎ᠠ ᠶᠢᠨ ᠵᠢᠯ ᠪᠣᠯᠣᠨ᠎ᠠ᠃ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠠᠵᠢᠯ ᠪᠠᠶᠢᠴᠠᠭᠠᠬᠤ ᠳᠠᠭᠠᠨ ᠲᠠᠯᠪᠢᠭᠰᠠᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠶᠠᠷ ᠡᠷᠡᠭᠦᠯ ᠮᠡᠨᠳᠦ︾ ᠶᠢ ᠠᠬᠢᠭᠤᠯᠬᠤ ᠪᠠᠷ ᠠᠵᠢᠯ ᠤᠨ ᠭᠤᠣᠯ ᠬᠥᠭ ᠠᠶᠠᠰ ᠪᠣᠯᠭᠠᠵᠤ᠂ ᠤᠯᠤᠰ ᠲᠥᠷᠥ ᠶᠢᠨ ᠵᠢᠯᠣᠭᠤᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠮᠦᠨ᠎ᠡ ᠹᠷᠣᠨᠲ ᠲᠤ ᠦᠢᠯᠡᠴᠢᠯᠡᠵᠦ᠂ ᠨᠡᠩ ᠢᠯᠡᠭᠦᠦ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠳᠦᠷᠰᠦ ᠪᠠᠶᠢᠳᠠᠯ᠂ ᠨᠡᠩ ᠢᠯᠡᠭᠦᠦ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯ ᠳᠤ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠤ᠂ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠵᠦ᠂ ᠮᠠᠨ ᠤ ᠰᠢᠶᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠢ ᠪᠦᠯᠬᠦᠮᠳᠡᠭᠦᠯᠦᠨ ᠳᠠᠭᠠᠭᠤᠯᠵᠤ᠂ ︽ᠵᠢᠷᠭᠤᠭᠠᠨ ᠰᠢᠨ᠎ᠡ ᠦᠴᠦᠸᠠᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠠᠪᠤᠴᠠ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠦᠴᠦᠸᠠᠨ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠬᠤᠶᠠᠳᠤᠭᠠᠷ ᠪᠦᠬᠦᠳᠡ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠥᠯ︶ ᠶᠢ ᠪᠠᠲᠤᠯᠠᠭᠰᠠᠨ ᠪᠥᠭᠡᠳ ᠲᠤᠬᠠᠢ ᠶᠢᠨ ᠲᠠᠯᠠᠪᠤᠷ ᠲᠤ ᠭᠠᠷ ᠡᠷᠭᠦᠨ ᠪᠠᠲᠤᠯᠠᠬᠤ ᠠᠷᠭ᠎ᠠ ᠪᠠᠷ 3 ᠨᠡᠷᠡᠰ ᠦᠴᠦᠸᠠᠨ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠲᠤᠰᠢᠶᠠᠯ ᠬᠠᠪᠰᠤᠷᠭᠠᠭᠰᠠᠨ ᠳᠡᠳ᠋ ᠲᠡᠷᠢᠭᠦᠯᠡᠭᠴᠢ ᠶᠢ ᠰᠣᠩᠭᠤᠨ ᠭᠠᠷᠭᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号