ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/28
     8 ᠰᠠᠷ᠎ᠠ ᠶᠢᠨ 24  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ︽ᠫᠦᠵᠢᠶᠠᠩ ᠤᠨ ᠲᠤᠷᠰᠢᠯᠭ᠎ᠠ︾ ᠪᠣᠯᠣᠨ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢᠨ ᠵᠢᠱᠢᠶ᠎ᠡ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭ᠎ᠠ ᠪᠠᠷ ᠨᠢ᠂ ᠬᠡᠰᠡᠭ ᠭᠤᠣᠯ ᠳᠤᠭᠤᠶᠢᠯᠠᠩ ᠤᠨ ᠪᠦᠷᠢᠯᠳᠦᠭᠦᠨ ᠲᠤᠰ ᠲᠤᠰ ᠰᠤᠷᠤᠯᠴᠠᠬᠤ ᠭᠤᠣᠯ ᠰᠡᠳᠦᠪ ᠤᠨ ᠲᠣᠭᠤᠷᠢᠨ ᠳᠤ᠂ ᠦᠵᠡᠯ ᠰᠠᠨᠠᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠮᠢᠩᠭᠠᠨ ᠲᠦᠮᠡᠨ ᠢᠨᠵᠧᠨᠧᠷᠢᠩ︾ ᠪᠣᠯᠣᠨ︽ᠫᠦᠵᠢᠶᠠᠩ ᠤᠨ ᠲᠤᠷᠰᠢᠯᠭ᠎ᠠ︾ ᠶᠢᠨ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠡᠭᠦᠨ ᠳᠤ ᠠᠭᠤᠯᠤᠭᠳᠠᠵᠤ ᠪᠠᠶᠢᠭ᠎ᠠ ᠣᠶᠢᠯᠠᠭᠠᠭᠳᠠᠬᠤᠨ ᠠᠷᠭ᠎ᠠ ᠪᠣᠯᠣᠨ ᠲᠤᠷᠰᠢᠯᠭ᠎ᠠ ᠶᠢᠨ ᠰᠡᠩᠬᠡᠷᠡᠭᠦᠯᠦᠯ ᠢ ᠭᠦᠨᠵᠡᠭᠡᠢ ᠣᠶᠢᠯᠠᠭᠠᠵᠤ᠂ ᠲᠡᠷᠢᠭᠦᠨ ᠤ ᠭᠠᠵᠠᠷ ᠣᠷᠣᠨ ᠤ ᠨᠡᠶᠢᠲᠡᠯᠢᠭ ᠲᠤᠷᠰᠢᠯᠭ᠎ᠠ ᠶᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠰᠤᠷᠤᠯᠴᠠᠨ ᠬᠡᠷᠡᠭᠯᠡᠵᠦ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠠᠷᠠᠳ ᠤᠨ ᠲᠥᠯᠥᠭᠡ ᠪᠣᠳᠠᠲᠤ ᠶᠠᠪᠤᠳᠠᠯ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠬᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠵᠤ᠂ ᠡᠨᠡ ᠬᠤᠶᠠᠷ ᠵᠦᠢᠯ ᠤᠨ ᠠᠵᠢᠯ ᠤᠨ ᠨᠡᠩ ᠶᠡᠭᠡ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ︽ᠬᠤᠶᠠᠷ ᠢ ᠲᠣᠭᠲᠠᠭᠠᠭᠰᠠᠨ︾ ᠶᠢ ᠡᠷᠡᠰ ᠬᠠᠮᠠᠭᠠᠯᠠᠬᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠥᠨᠳᠥᠷᠴᠡ ᠳᠤ ᠵᠣᠭᠰᠣᠵᠤ᠂ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠪᠠᠶᠢᠭᠤᠯᠤᠯᠲᠠ ᠶᠢᠨ ᠲᠤᠬᠠᠢ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠶᠢ ᠭᠦᠨᠵᠡᠭᠡᠢ ᠣᠶᠢᠯᠠᠭᠠᠵᠤ᠂ ᠳᠤᠮᠳᠠᠳᠤ ᠶᠢᠨ ᠪᠣᠯᠪᠠᠰᠤᠨ ᠤ ᠲᠣᠪᠣᠶᠢᠮ᠎ᠠ ᠣᠨᠴᠠᠯᠢᠭ ᠢ ᠭᠦᠨᠵᠡᠭᠡᠢ ᠣᠶᠢᠯᠠᠭᠠᠬᠤ ᠬᠡᠷᠡᠭᠲᠡᠢ︔︽ᠬᠤᠶᠠᠷ ᠢ ᠤᠶᠠᠯᠳᠤᠭᠤᠯᠬᠤ︾ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ︔ ᠰᠣᠶᠣᠯ ᠤᠨ ᠰᠢᠨ᠎ᠡ ᠡᠭᠦᠷᠭᠡ ᠶᠢ ᠨᠡᠩ ᠰᠠᠶᠢᠲᠤᠷ ᠡᠭᠦᠷᠭᠡᠯᠡᠬᠦ ᠴᠠᠭ ᠦᠶ᠎ᠡ ᠶᠢᠨ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠰᠣᠶᠣᠯ ᠢ ᠤᠯᠠᠮᠵᠢᠯᠠᠨ ᠬᠥᠭᠵᠢᠭᠦᠯᠬᠦ ᠡᠯ᠎ᠡ ᠵᠦᠢᠯ ᠤᠨ ᠠᠵᠢᠯ ᠢ ᠮᠠᠨ ᠤ ᠰᠢᠶᠠᠨ ᠳᠤ ᠨᠠᠶᠢᠳᠠᠪᠤᠷᠢᠵᠢᠭᠤᠯᠤᠨ ᠬᠦᠴᠦᠨ ᠲᠠᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ︽ᠮᠢᠩᠭᠠᠨ ᠲᠦᠮᠡᠨ ᠢᠨᠵᠧᠨᠧᠷᠢᠩ︾ ᠢ ᠰᠤᠷᠤᠯᠴᠠᠬᠤ ᠪᠠᠷ ᠬᠥᠲᠥᠯᠥᠮᠵᠢ ᠪᠣᠯᠭᠠᠵᠤ᠂︽ᠫᠦᠵᠢᠶᠠᠩ ᠤᠨ ᠲᠤᠷᠰᠢᠯᠭ᠎ᠠ︾ ᠶᠢ ᠦᠢᠯᠡᠳᠦᠯᠭᠡᠵᠢᠭᠦᠯᠬᠦ ᠪᠠᠷ ᠭᠠᠷᠳᠠᠴᠠ ᠪᠣᠯᠭᠠᠵᠤ᠂ ᠳᠤᠲᠠᠭᠤᠳᠠᠯ ᠢ ᠨᠥᠬᠦᠪᠦᠷᠢᠯᠡᠬᠦ ᠪᠠᠷ ᠬᠦᠴᠦᠯᠡᠵᠦ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠣᠨᠴᠠᠯᠢᠭᠲᠤ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠬᠤ᠂ ᠰᠣᠶᠣᠯ ᠢᠶᠠᠷ ᠡᠨᠧᠷᠭᠢ ᠣᠯᠭᠤᠬᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠲᠤᠪᠤᠶᠢᠯᠭᠠᠬᠤ᠂ ᠨᠡᠶᠢᠭᠡᠮ ᠤᠨ ᠪᠣᠯᠪᠠᠰᠤᠨ ᠤ ᠬᠡᠮᠵᠢᠶ᠎ᠡ ᠪᠣᠯᠣᠨ ᠤᠯᠠᠨ ᠲᠦᠮᠡᠨ ᠤ ᠪᠣᠯᠪᠠᠰᠤᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠰᠠᠬᠢᠬᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠵᠡᠷᠭᠡ ᠤᠯᠠᠨ ᠲᠠᠯ᠎ᠠ ᠶᠢᠨ ᠠᠵᠢᠯ ᠤᠨ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠢ ᠤᠯᠠᠮᠵᠢᠯᠠᠨ ᠬᠥᠭᠵᠢᠭᠦᠯᠬᠦ ᠡᠯ᠎ᠡ ᠵᠦᠢᠯ ᠤᠨ ᠠᠵᠢᠯ ᠢ ᠰᠢᠰᠲ᠋ᠧᠮ ᠲᠠᠢ ᠲᠥᠯᠥᠪᠵᠢᠭᠦᠯᠵᠦ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号