ᠦᠴᠦᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 106 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ 2 ᠳ᠋ᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/28
     8 ᠰᠠᠷ᠎ᠠ ᠶᠢᠨ 24  ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 106 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ 2 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 90᠂ 91 ᠳ᠋ᠦ᠋ᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ 8 ᠰᠠᠷ᠎ᠠ ᠶᠢᠨ 22  ᠤᠨ ᠡᠳᠦᠷ ᠬᠤᠳᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠨ ᠪᠤᠭᠤᠲᠤ ᠬᠤᠳᠠ ᠳᠤ ᠬᠦᠷᠴᠦ ᠰᠢᠨᠵᠢᠯᠡᠨ ᠪᠠᠶᠢᠴᠠᠭᠠᠵᠤ ᠰᠤᠷᠤᠯᠴᠠᠭᠰᠠᠨ ᠪᠠᠶᠢᠳᠠᠯ ᠢ ᠤᠯᠠᠮᠵᠢᠯᠠᠨ ᠰᠣᠷᠣᠯᠴᠠᠵᠤ᠂ 2023 ᠣᠨ ᠤ ᠳᠡᠭᠡᠷ᠎ᠡ ᠬᠠᠭᠠᠰ ᠵᠢᠯ ᠳᠤ ᠰᠢᠶᠠᠨ ᠤ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠦᠬᠦ ᠰᠢᠶᠠᠨ ᠢᠶᠠᠷ ᠢᠶᠠᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠪᠦᠬᠦ ᠲᠠᠯ᠎ᠠ ᠪᠠᠷ ᠬᠡᠷᠡᠭᠵᠢᠭᠦᠯᠬᠦ᠂ ᠳᠤᠷ᠎ᠠ ᠪᠠᠷ ᠢᠶᠠᠨ ᠮᠠᠯᠲᠠᠬᠤ ᠶᠢ ᠴᠢᠩᠭ᠎ᠠ ᠴᠠᠭᠠᠵᠠᠯᠠᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠪᠣᠬᠢᠷᠲᠤᠯ ᠢ ᠰᠡᠷᠭᠡᠶᠢᠯᠡᠨ ᠵᠠᠰᠠᠬᠤ ᠣᠨ ᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠬᠠᠷᠭᠤᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠵᠥᠷᠢᠶ᠎ᠡ ᠪᠠᠨ ᠣᠨᠣᠪᠴᠢᠲᠠᠢ ᠡᠷᠢᠵᠦ᠂ ᠳᠤᠲᠠᠭᠤᠳᠠᠯ ᠢᠶᠠᠨ ᠨᠥᠬᠦᠪᠦᠷᠢᠯᠡᠵᠦ᠂ ᠲᠠᠬᠢᠨ ᠰᠤᠳᠤᠯᠵᠤ᠂ ᠲᠠᠬᠢᠨ ᠨᠠᠶᠢᠳᠠᠪᠤᠷᠢᠵᠢᠭᠤᠯᠵᠤ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠮᠠᠨ ᠤ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠶᠡᠬᠡᠪᠡᠷ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠷᠭᠦᠯᠵᠢᠯᠡᠨ ᠪᠣᠳᠠᠲᠠᠶᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ︔ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠶᠢᠨ ᠬᠠᠮᠲᠤ᠂ ᠬᠤᠳᠠ ᠶᠢᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠢ ᠠᠬᠢᠭᠤᠯᠬᠤ ᠠᠯᠬᠤᠮ ᠢ ᠴᠢᠩᠭ᠎ᠠ ᠳᠠᠭᠠᠵᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢᠶᠠᠨ ᠲᠥᠪ ᠪᠣᠯᠭᠠᠬᠤ᠂ ᠰᠤᠷᠤᠯᠴᠠᠬᠤ ᠪᠠᠷ ᠠᠵᠢᠯ ᠢᠶᠠᠨ ᠠᠬᠢᠭᠤᠯᠬᠤ ᠳᠤᠮᠳᠠ ᠦᠨᠡᠨ ᠪᠣᠳᠠᠲᠠᠢ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ︔ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠤᠷᠤᠭᠰᠢᠯᠠᠨ ᠲᠠᠪᠰᠢᠬᠤ ᠤᠬᠠᠮᠰᠠᠷ᠂ ᠠᠵᠠ ᠲᠣᠬᠢᠶᠠᠯ ᠤᠨ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠪᠠ ᠪᠦᠬᠦ ᠵᠢᠯ ᠤᠨ ᠠᠵᠢᠯ ᠢᠶᠠᠨ ᠪᠡᠶᠡᠯᠡᠭᠦᠯᠬᠦ ᠳᠤ ᠰᠠᠭᠤᠷᠢ ᠲᠠᠯᠪᠢᠬᠤ ᠬᠡᠷᠡᠭᠲᠡᠢ ᠭᠡᠵᠦ ᠱᠠᠭᠠᠷᠳᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号