︽ᠠᠨ ᠺᠠᠩ ᠬᠤᠨᠳᠠᠭᠠᠲᠤ︾ ᠦᠴᠦᠸᠠᠨ ᠰᠢᠶᠠᠨ ᠤ ᠶᠢᠰᠦᠳᠦᠭᠡᠷ ᠬᠤᠭᠤᠴᠠᠭᠠᠨ ᠤ ᠠᠵᠢᠯᠲᠠᠨ ᠠᠵᠢᠯᠴᠢᠨ ᠤ ᠥᠳᠥᠨ ᠪᠥᠮᠪᠦᠭᠡ  ᠶᠢᠨ ᠤᠷᠤᠯᠳᠤᠭᠠᠨ ᠡᠬᠢᠯᠡᠯ᠎ᠡ ︕
ᠨᠡᠶᠢᠲᠡᠯᠡᠭᠰᠡᠨ ᠴᠠᠭ᠄
2023/8/28
     ᠮᠠᠨ ᠤ ᠰᠢᠶᠠᠨ ᠤ ᠥᠷᠭᠡᠨ ᠣᠯᠠᠨ ᠦᠨᠳᠦᠰᠦᠨ ᠱᠠᠲᠤᠨ ᠤ ᠠᠵᠢᠯᠲᠠᠨ ᠠᠵᠢᠯᠴᠢᠨ ᠤ ᠠᠵᠢᠯ ᠤᠨ ᠴᠢᠯᠦᠭᠡᠨ ᠤ ᠰᠣᠶᠣᠯ ᠲᠠᠮᠢᠷ ᠤᠨ ᠬᠥᠳᠡᠯᠭᠡᠭᠡᠨ ᠢ ᠪᠠᠶᠠᠯᠢᠭᠵᠢᠭᠤᠯᠬᠤ ᠶᠢᠨ ᠲᠥᠯᠥᠭᠡ᠂ 8 ᠰᠠᠷ᠎ᠠ ᠶᠢᠨ 23 ᠤ ᠡᠳᠦᠷ ᠂ ︽ᠠᠨ ᠺᠠᠩ ᠬᠤᠨᠳᠠᠭᠠᠲᠤ︾ ᠦᠴᠦᠸᠠᠨ ᠰᠢᠶᠠᠨ ᠤ ᠶᠢᠰᠦᠳᠦᠭᠡᠷ ᠬᠤᠭᠤᠴᠠᠭᠠᠨ ᠤ ᠠᠵᠢᠯᠲᠠᠨ ᠠᠵᠢᠯᠴᠢᠨ ᠤ ᠥᠳᠥᠨ ᠪᠥᠮᠪᠦᠭᠡ ᠶᠢᠨ ᠤᠷᠤᠯᠳᠤᠭᠠᠨ ᠦᠴᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠳᠤ ᠵᠢᠩᠬᠢᠨᠢ ᠪᠠᠷ ᠡᠬᠢᠯᠡᠪᠡ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠤᠷᠤᠯᠳᠤᠭᠠᠨ ᠤ ᠰᠠᠬᠢᠯᠭ᠎ᠠ ᠪᠠᠲᠤ ᠶᠢ ᠤᠩᠰᠢᠭᠰᠠᠨ ᠤ ᠳᠠᠷᠠᠭ᠎ᠠ᠂ ᠲᠠᠮᠢᠷᠴᠢᠳ ᠤᠨ ᠲᠥᠯᠥᠭᠡᠯᠡᠭᠴᠢ᠂ ᠬᠢᠨᠠᠭᠴᠢ ᠶᠢᠨ ᠲᠥᠯᠥᠭᠡᠯᠡᠭᠴᠢ ᠳᠡᠰ ᠳᠠᠷᠠᠭ᠎ᠠ ᠲᠠᠢ ᠪᠠᠷ ᠲᠠᠩᠭᠠᠷᠢᠭᠯᠠᠪᠠ᠃
     ᠣᠶᠢᠯᠠᠭᠠᠭᠰᠠᠨ ᠢᠶᠠᠷ᠂ ᠲᠤᠰ ᠤᠳᠠᠭᠠᠨ ᠤ ᠤᠷᠤᠯᠳᠤᠭᠠᠨ ᠨᠢ ᠨᠡᠶᠢᠲᠡ ᠭᠤᠷᠪᠠᠨ ᠡᠳᠦᠷ ᠶᠠᠪᠤᠭᠳᠠᠵᠤ᠂ ᠤᠷᠤᠯᠳᠤᠭᠠᠨ ᠢ ᠬᠠᠮᠲᠤ ᠶᠢᠨ ᠤᠷᠤᠯᠳᠤᠭᠠᠨ ᠤ ᠵᠠᠭᠪᠤᠷ ᠢᠶᠠᠷ ᠲᠣᠬᠢᠷᠠᠭᠤᠯᠵᠤ᠂ ᠡᠷᠡᠭᠲᠡᠢ ᠶᠢᠨ ᠬᠤᠣᠰᠯᠠᠯ᠂ ᠡᠮᠡᠭᠲᠡᠢ ᠶᠢᠨ ᠬᠤᠣᠰᠯᠠᠯ᠂ ᠡᠷᠡᠭᠲᠡᠢ ᠡᠮᠡᠭᠲᠡᠢ ᠶᠢᠨ ᠬᠤᠣᠰᠯᠠᠯ ᠤᠨ ᠭᠤᠷᠪᠠᠨ ᠵᠦᠢᠯ ᠤᠨ ᠤᠷᠤᠯᠳᠤᠭᠠᠨ ᠤ ᠵᠦᠢᠯ ᠳᠤ ᠥᠷᠢᠰᠦᠯᠳᠦᠬᠦ ᠪᠣᠯᠣᠨ᠎ᠠ᠃
     ᠦᠰᠦᠷᠴᠦ ᠬᠠᠷᠠᠢᠬᠤ᠂  ᠪᠤᠷᠤᠭᠤ ᠲᠠᠯ᠎ᠠ ᠪᠠᠷ ᠪᠥᠮᠪᠦᠭᠡ ᠲᠣᠰᠬᠤ᠂ ᠬᠥᠮᠥᠷᠢᠨ ᠴᠣᠬᠢᠬᠤ  ᠁ ᠤᠷᠤᠯᠳᠤᠭᠠᠨ ᠤ ᠲᠠᠯᠠᠪᠤᠷ ᠲᠤ ᠲᠠᠮᠢᠷᠴᠢᠳ ᠤᠨ ᠤᠷᠮ᠎ᠠ ᠵᠣᠷᠢᠭ ᠪᠠᠳᠠᠷᠠᠩᠭᠤᠢ᠂ ᠠᠮᠢᠵᠢᠷᠠᠯ ᠤᠨ ᠬᠦᠴᠦᠨ ᠲᠡᠭᠦᠯᠳᠡᠷ ᠪᠠᠶᠢᠵᠤ᠂ ᠬᠤᠷᠴᠠ ᠱᠠᠯᠠᠮᠠᠭᠠᠢ ᠡᠷᠳᠡᠮ ᠴᠢᠳᠠᠯ ᠪᠠ ᠪᠣᠯᠪᠠᠰᠤᠷᠠᠩᠭᠤᠢ ᠤᠷ᠎ᠠ ᠮᠡᠷᠭᠡᠵᠢᠯ ᠨᠢ ᠬᠥᠮᠥᠰ ᠤᠨ ᠨᠢᠳᠦ ᠶᠢ ᠡᠷᠢᠶᠡᠯᠵᠡᠭᠦᠯᠦᠨ᠂ ᠬᠦᠴᠦᠲᠡᠢ ᠫᠠᠶᠢᠰᠠ ᠬᠤᠷᠤᠶᠢᠯᠠᠬᠤ᠂ ᠥᠨᠳᠥᠷ ᠤᠷ᠎ᠠ ᠮᠡᠷᠭᠡᠵᠢᠯ ᠤᠨ ᠲᠡᠮᠡᠴᠡᠭᠡᠨ ᠨᠢ ᠥᠳᠥᠨ ᠪᠥᠮᠪᠦᠭᠡ ᠶᠢᠨ ᠬᠥᠳᠡᠯᠭᠡᠭᠡᠨ ᠤ ᠷᠢᠳᠢ ᠰᠢᠳᠢ ᠶᠢ ᠪᠦᠬᠦ ᠲᠠᠯᠠᠪᠤᠷ ᠲᠤ ᠨᠥᠯᠥᠭᠡᠯᠡᠨ᠂ ᠮᠠᠨ ᠤ ᠰᠢᠶᠠᠨ ᠤ ᠦᠨᠳᠦᠰᠦᠨ ᠱᠠᠲᠤᠨ ᠤ ᠠᠵᠢᠯᠲᠠᠨ ᠠᠵᠢᠯᠴᠢᠨ ᠤ ᠪᠦᠯᠬᠦᠮᠳᠡᠨ ᠬᠠᠮᠵᠢᠯᠴᠠᠬᠤ᠂ ᠵᠣᠷᠢᠭᠲᠠᠢ ᠪᠠᠷ ᠪᠠᠶᠢᠯᠳᠤᠵᠤ ᠵᠣᠷᠢᠭᠲᠠᠢ ᠪᠠᠷ ᠲᠡᠮᠡᠴᠡᠬᠦ᠂ ᠲᠠᠰᠤᠷᠠᠯᠲᠠ ᠦᠭᠡᠢ ᠥᠪᠡᠷ ᠲᠠᠢ ᠪᠠᠨ ᠥᠷᠢᠰᠦᠯᠳᠦᠬᠦ᠂ ᠥᠪᠡᠷ ᠢ ᠪᠠᠨ ᠢᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠬᠠᠷᠠᠭᠤᠯᠤᠭᠰᠠᠨ ᠪᠠᠶᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号