ᠰᠢᠮ᠎ᠡ ᠲᠡᠵᠢᠭᠡᠯ ᠰᠠᠶᠢᠳᠠᠢ ᠥᠷᠯᠥᠭᠡ ᠶᠢᠨ ᠴᠠᠢ ᠬᠤᠭᠤᠯᠠᠨ ᠳᠤ ᠨᠡᠭᠦᠷᠡᠰᠦ ᠤᠰᠤᠨ ᠤ ᠨᠢᠭᠡᠳᠪᠦᠷᠢ᠂ | ᠤᠭᠤᠷᠠᠭ᠂ ᠥᠨᠳᠡᠭᠡᠨ ᠹᠣᠰᠹᠣᠷᠲᠤ ᠥᠭᠡᠬᠦ᠂ ᠸᠢᠲ᠋ᠠᠮᠢᠨ ᠪᠠ ᠡᠷᠦᠳᠡᠰᠦ ᠪᠣᠳᠠᠰ ᠢ ᠪᠠᠭᠲᠠᠭᠠᠨ᠎ᠠ᠃ | | | 1᠂ ᠨᠡᠭᠦᠷᠡᠰᠦ ᠤᠰᠤᠨ ᠤ ᠨᠢᠭᠡᠳᠪᠦᠷᠢ ᠶᠢ ᠡᠯᠪᠡᠭ ᠠᠭᠤᠯᠤᠭᠰᠠᠨ ᠢᠳᠡᠭᠡᠨ | | ᠵᠢᠱᠢᠶᠡᠯᠡᠪᠡᠯ᠂ ᠲᠠᠯᠬ᠎ᠠ᠂ ᠮᠠᠨᠲᠠᠤ᠂ ᠬᠤᠯᠢᠮᠠᠭ ᠠᠮᠤ ᠶᠢᠨ ᠰᠢᠩᠭᠡᠨ ᠪᠤᠳᠠᠭ᠎ᠠ ᠵᠡᠷᠭᠡ ᠭᠤᠣᠯ ᠢᠳᠡᠭᠡᠨ᠃ | ᠡᠳᠡᠭᠡᠷ ᠨᠢ ᠨᠡᠭᠦᠷᠡᠰᠦ ᠤᠰᠤᠨ ᠤ ᠨᠢᠭᠡᠳᠪᠦᠷᠢ ᠶᠢ ᠠᠭᠤᠯᠵᠣ᠂ ᠲᠠᠷᠢᠬᠢᠨ ᠳᠤ ᠬᠡᠷᠡᠭᠴᠡᠭᠡ ᠲᠠᠢ ︽ᠲᠦᠯᠡᠰᠢ︾ | — ᠦᠵᠦᠮ ᠤᠨ ᠰᠢᠬᠢᠷ ᠪᠣᠯᠭᠠᠨ ᠬᠤᠪᠢᠷᠠᠭᠤᠯᠵᠤ᠂ ᠶᠡᠭᠡ ᠲᠠᠷᠢᠬᠢ ᠶᠢᠨ ᠰᠡᠳᠬᠢᠬᠦ᠂ ᠴᠡᠭᠡᠵᠢᠯᠡᠬᠦ ᠪᠠ | ᠠᠰᠠᠭᠤᠳᠠᠯ ᠢ ᠰᠢᠢᠳᠪᠦᠷᠢᠯᠡᠬᠦ ᠵᠡᠷᠭᠡ ᠶᠠᠪᠤᠳᠠᠯ ᠳᠤ ᠲᠤᠰᠠᠯᠠᠵᠦ ᠪᠣᠯᠤᠨ᠎ᠠ᠃ | | | 2᠂ ᠤᠭᠤᠷᠠᠭ ᠡᠯᠪᠡᠭ ᠠᠭᠤᠯᠤᠭᠰᠠᠨ ᠢᠳᠡᠭᠡᠨ | | ᠵᠢᠱᠢᠶᠡᠯᠡᠪᠡᠯ᠂ ᠮᠢᠬ᠎ᠠ᠂ ᠵᠢᠭᠠᠰᠤ᠂ ᠦᠨᠢᠶᠡᠨ ᠰᠦ ᠵᠡᠷᠭᠡ ᠨᠢ ᠴᠢᠰᠤᠨ ᠰᠢᠬᠢᠷ ᠢ ᠠᠭᠠᠵᠢᠮ ᠢᠶᠠᠷ | ᠳᠡᠭᠡᠭᠰᠢᠯᠡᠭᠦᠯᠦᠭᠰᠡᠨ ᠤ ᠳᠠᠷᠠᠭ᠎ᠠ ᠲᠣᠭᠲᠠᠭᠤᠨ ᠪᠠᠶᠢᠳᠠᠯ ᠢ ᠪᠠᠲᠤᠯᠠᠨ᠎ᠠ᠃ ᠤᠭᠤᠷᠠᠭ ᠳᠣᠲᠣᠷᠠᠬᠢ ᠲᠠᠷᠠᠭ ᠤᠨ | ᠰᠢᠪᠲᠦᠷᠲᠦ ᠬᠦᠴᠢᠯ ᠨᠢ ᠪᠠᠰᠠ ᠬᠥᠮᠦᠨ ᠤ ᠪᠡᠶ᠎ᠡ ᠶᠢᠨ ᠳᠤᠫᠠᠮᠢᠨ ᠪᠠ ᠪᠥᠭᠡᠷ᠎ᠡ ᠶᠢᠨ ᠳᠡᠭᠡᠳᠦ ᠪᠤᠯᠴᠢᠷᠬᠠᠶ ᠶᠢᠨ ᠡᠳ᠋ | ᠰᠢᠭᠦᠷᠡᠭᠦᠯᠬᠦ ᠶᠢ ᠠᠬᠢᠭᠤᠯᠵᠤ᠂ ᠬᠥᠮᠦᠰ ᠤᠨ ᠰᠡᠳᠬᠢᠬᠦᠶ ᠶᠢ ᠬᠤᠷᠴᠠ ᠰᠡᠷᠭᠡᠭ ᠪᠣᠯᠭᠠᠳᠠᠭ᠃ | | | 3᠂ ᠥᠨᠳᠡᠭᠡᠨ ᠹᠣᠰᠹᠣᠷᠲᠤ ᠥᠭᠡᠬᠦ ᠡᠯᠪᠡᠭ ᠠᠭᠤᠯᠤᠭᠰᠠᠨ ᠢᠳᠡᠭᠡᠨ | | ᠵᠢᠱᠢᠶᠡᠯᠡᠪᠡᠯ᠂ ᠲᠠᠬᠢᠶᠠᠨ ᠥᠨᠳᠡᠭᠡ᠂ ᠪᠤᠷᠴᠠᠭ ᠤᠨ ᠢᠳᠡᠭᠡᠨ ᠵᠡᠷᠭᠡ ᠥᠨᠳᠡᠭᠡᠨ ᠹᠣᠰᠹᠣᠷᠲᠤ ᠥᠭᠡᠬᠦ | ᠰᠢᠩᠭᠡᠭᠡᠭᠳᠡᠭᠰᠡᠨ ᠤ ᠳᠠᠷᠠᠭ᠎ᠠ ᠰᠥᠰᠥᠨ ᠤ ᠱᠦᠯᠲᠦ ᠢᠯᠭᠠᠷᠠᠭᠤᠯᠵᠤ᠂ ᠡᠭᠦᠨ ᠤ ᠤᠯᠠᠮ ᠠᠴᠠ ᠮᠡᠳᠡᠷᠡᠯ ᠤᠨ ᠵᠠᠭᠤᠴᠢ | ᠳᠠᠮᠵᠢᠭᠤᠯᠤᠭᠴᠢ ᠡᠳ᠋ ᠤᠨ ᠡᠲ᠋ᠠ ᠡᠰᠢᠯᠲᠦ ᠰᠥᠰᠥᠨ ᠤ ᠱᠦᠯᠲᠦ ᠶᠢ ᠨᠡᠶᠢᠯᠡᠭᠦᠯᠦᠨ᠂ ᠮᠡᠳᠡᠷᠡᠯ ᠤᠨ ᠰᠢᠰᠲ᠋ᠧᠮ ᠤᠨ | ᠠᠵᠢᠯᠯᠠᠭ᠎ᠠ ᠶᠢ ᠠᠬᠢᠭᠤᠯᠤᠨ ᠰᠠᠶᠢᠵᠢᠷᠠᠭᠤᠯᠳᠠᠭ᠃ | | | 4᠂ ᠸᠢᠲ᠋ᠠᠮᠢᠨ᠂ ᠡᠷᠦᠳᠡᠰᠦ ᠡᠯᠪᠡᠭ ᠠᠭᠤᠯᠤᠭᠰᠠᠨ ᠢᠳᠡᠭᠡᠨ | | ᠵᠢᠱᠢᠶᠡᠯᠡᠪᠡᠯ᠂ ᠰᠢᠨ᠎ᠡ ᠰᠣᠷᠭᠤᠭ ᠵᠢᠮᠢᠰ ᠨᠣᠭᠤᠭ᠎ᠠ᠂ ᠸᠢᠲ᠋ᠠᠮᠢᠨ ᠪᠣᠯᠤᠨ ᠡᠷᠦᠳᠡᠰᠦ ᠪᠣᠳᠠᠰ ᠪᠣᠯ ᠶᠡᠭᠡ | ᠲᠠᠷᠢᠬᠢᠨ ᠳᠤ ᠳᠤᠲᠠᠭᠳᠠᠵᠤ ᠪᠣᠯᠤᠰᠢ ᠦᠭᠡᠢ ︽ᠪᠠᠷᠢᠯᠭ᠎ᠠ ᠶᠢᠨ ᠮᠠᠲ᠋ᠧᠷᠢᠶᠠᠯ︾ ᠮᠥᠨ᠂ ᠤᠷᠭᠤᠮᠠᠯ ᠤᠨ ᠬᠢᠮᠢ ᠶᠢᠨ | ᠪᠣᠳᠠᠰ ᠨᠢ ᠶᠡᠭᠡ ᠲᠠᠷᠢᠬᠢᠨ ᠳᠤ ᠤᠴᠠᠷᠠᠭᠤᠯᠬᠤ ᠴᠢᠯᠥᠭᠡᠲᠦ ᠡᠰ ᠤᠨ ᠬᠤᠬᠢᠷᠠᠯ ᠢ ᠡᠰᠡᠷᠭᠦᠴᠡᠵᠦ᠂ ᠴᠡᠭᠡᠵᠢᠯᠡᠬᠦ | ᠴᠢᠳᠠᠪᠤᠷᠢ ᠶᠢ ᠬᠠᠮᠠᠭᠠᠯᠠᠳᠠᠭ᠃ |