ᠮᠠᠨ ᠤ ᠣᠷᠣᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠦᠷᠭᠦᠯᠵᠢᠯᠡᠨ ᠪᠠᠶᠠᠯᠢᠭᠵᠢᠭᠤᠯᠵᠤ ᠪᠤᠢ
ᠨᠡᠶᠢᠲᠡᠯᠡᠭᠰᠡᠨ ᠴᠠᠭ᠄
2023/8/28
     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢᠨ ᠠᠵᠢᠯ ᠢ ᠠᠬᠢᠭᠤᠯᠬᠤ ᠶᠢᠨ ᠲᠥᠯᠥᠭᠡ᠂ ᠮᠠᠨ ᠤ ᠣᠷᠣᠨ ᠬᠠᠮᠢᠶ᠎ᠠ ᠪᠦᠬᠦᠢ  ᠵᠢᠭᠠᠨ ᠰᠤᠷᠭᠠᠯᠲᠠ ᠶᠢᠨ  ᠰᠢᠯᠢᠳᠡᠭ ᠡᠬᠢ ᠪᠠᠶᠠᠯᠢᠭ ᠤᠨ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠵᠦ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠪᠤᠢ᠃      ᠥᠪᠡᠷᠲᠡᠭᠡᠨ ᠵᠠᠰᠠᠬᠤ ᠣᠷᠣᠨ ᠤ ᠵᠢᠭᠠᠨ ᠰᠤᠷᠭᠠᠯᠲᠠ ᠶᠢᠨ ᠰᠤᠳᠤᠯᠭᠠᠨ ᠤ ᠲᠠᠰᠤᠭ ᠤᠨ ᠳᠡᠳ᠋ ᠡᠷᠭᠢᠯᠡᠭᠴᠢ ᠵᠣᠣ ᠪᠢᠨ ᠤ ᠲᠠᠨᠢᠯᠴᠠᠭᠤᠯᠤᠭᠰᠠᠨ ᠢᠶᠠᠷ᠂ 2020 ᠣᠨ ᠠᠴᠠ ᠡᠬᠢᠯᠡᠨ ᠮᠠᠨ ᠤ ᠣᠷᠣᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠲᠠ ᠶᠢᠨ ᠠᠬᠢᠴᠠ ᠶᠣᠰᠣᠭᠠᠷ᠂ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠢᠵᠢᠯᠢ ᠠᠯᠬᠤᠮᠲᠤ ᠬᠢᠴᠢᠶᠡᠯ ᠢ ᠦᠢᠯᠡᠳᠪᠡ᠃ ᠣᠳᠣᠬᠠᠨ ᠪᠤᠯᠲᠠᠯ᠎ᠠ᠂ ᠪᠦᠭᠦ ᠣᠷᠣᠨ ᠤ ᠰᠢᠯᠢᠳᠡᠭ ᠪᠠᠭᠰᠢ ᠨᠠᠷ ᠢ ᠵᠣᠬᠢᠶᠠᠨ ᠪᠠᠶᠢᠭᠤᠯᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠢᠵᠢᠯᠢ ᠠᠯᠬᠤᠮᠲᠤ ᠬᠢᠴᠢᠶᠡᠯ ᠢ 400 ᠬᠢᠴᠢᠶᠡᠯ ᠤᠨ ᠴᠠᠭ ︵ᠪᠦᠯᠦᠭ︶ ᠵᠣᠬᠢᠶᠠᠨ ᠦᠢᠯᠡᠳᠴᠦ᠂ ᠪᠠᠭ᠎ᠠ ᠰᠤᠷᠭᠠᠭᠤᠯᠢ ᠶᠢᠨ ᠨᠢᠭᠡ ᠠᠴᠠ ᠭᠤᠷᠪᠠᠳᠤᠭᠠᠷ ᠣᠨ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡ ᠠᠴᠠ ᠭᠤᠷᠪᠠᠳᠤᠭᠠᠷ ᠣᠨ ᠤ ᠢᠵᠢᠯᠢ ᠠᠯᠬᠤᠮᠲᠤ ᠬᠢᠴᠢᠶᠡᠯ ᠤᠨ ᠡᠬᠢ ᠪᠠᠶᠠᠯᠢᠭ ᠤᠨ ᠪᠠᠶᠢᠭᠤᠯᠤᠯᠲᠠ ᠶᠢ ᠪᠡᠶᠡᠯᠡᠭᠦᠯᠦᠭᠰᠡᠨ ᠪᠠᠶᠢᠨ᠎ᠠ᠃      ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ   ᠠᠴᠠ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠠᠮᠲᠤ ᠪᠠᠷ ᠬᠢᠴᠢᠶᠡᠯ ᠪᠡᠯᠡᠳᠬᠡᠬᠦ ᠵᠢᠭᠠᠨ ᠰᠤᠳᠤᠯᠬᠤ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠵᠤ᠂ ᠡᠯ᠎ᠡ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠲᠥᠷᠥᠯ ᠤᠨ ᠳᠠᠭᠠᠭᠤᠯᠤᠭᠴᠢ᠂ ᠵᠢᠭᠠᠨ ᠰᠤᠷᠭᠠᠬᠤ ᠴᠢᠳᠠᠪᠤᠷᠢᠲᠠᠨ ᠵᠢᠴᠢ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭᠰᠠᠨ ᠰᠤᠷᠭᠠᠭᠤᠯᠢ ᠶᠢᠨ ︽ᠵᠢᠱᠢᠶ᠎ᠡ ᠦᠵᠡᠭᠦᠯᠭᠦ ᠴᠢᠨᠠᠷᠲᠠᠢ ᠭᠤᠣᠯᠯᠠᠭᠴᠢ ᠪᠠᠭᠰᠢ︾ ᠶᠢ ᠵᠣᠬᠢᠶᠠᠨ ᠪᠠᠶᠢᠭᠤᠯᠵᠤ᠂ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠢᠴᠢᠶᠡᠯ ᠪᠡᠯᠡᠳᠬᠡᠬᠦ ᠬᠤᠯᠪᠣᠭᠠᠲᠤ ᠴᠣᠭᠴᠠ ᠶᠢ ᠪᠠᠶᠢᠭᠤᠯᠵᠤ᠂ ᠬᠢᠴᠢᠶᠡᠯ ᠣᠷᠣᠬᠤ ᠠᠴᠠ ᠨᠢᠭᠡ ᠭᠠᠷᠠᠭ ᠤᠨ ᠡᠮᠦᠨ᠎ᠡ ᠬᠠᠮᠲᠤ ᠪᠠᠷ ᠬᠢᠴᠢᠶᠡᠯ ᠪᠡᠯᠡᠳᠬᠡᠬᠦ ᠦᠵᠡᠭᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠪᠠᠶᠢᠨ᠎ᠠ᠃ ᠣᠳᠣᠬᠠᠨ ᠳᠤ ᠨᠢᠭᠡᠨᠲᠡ 250 ᠭᠠᠷᠤᠢ ᠬᠤᠭᠤᠴᠠᠭᠠᠨ ᠤ ᠬᠠᠮᠲᠤ ᠪᠠᠷ ᠬᠢᠴᠢᠶᠡᠯ ᠪᠡᠯᠡᠳᠬᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠵᠢᠭᠠᠨ ᠰᠤᠷᠭᠠᠯᠲᠠ ᠶᠢᠨ  ᠵᠢᠷᠤᠭ ᠲᠥᠯᠥᠪᠯᠡᠭᠡ ᠵᠡᠷᠭᠡ ᠡᠬᠢ ᠪᠠᠶᠠᠯᠢᠭ ᠢ ᠨᠡᠶᠢᠲᠡ 700 ᠭᠠᠷᠤᠢ ᠬᠤᠪᠢ ᠦᠢᠯᠡᠳᠴᠦ᠂ ᠥᠪᠥᠷ ᠮᠣᠩᠭᠤᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠳᠤ ᠳᠠᠮᠵᠢᠭᠤᠯᠵᠠᠢ᠃      ︽ᠡᠭᠦᠨ ᠤ ᠵᠡᠷᠭᠡ ᠪᠠᠷ᠂ ᠡᠩ ᠤᠨ ᠥᠨᠳᠥᠷ ᠳᠤᠮᠳᠠᠳᠤ ᠶᠢᠨ ᠰᠢᠨ᠎ᠡ ᠬᠢᠴᠢᠶᠡᠯ ᠤᠨ ᠬᠡᠷᠡᠭᠵᠢᠭᠦᠯᠦᠯᠲᠡ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠪᠢᠳᠡ ᠦᠷᠭᠦᠯᠵᠢᠯᠡᠨ ᠭᠤᠷᠪᠠᠨ ᠬᠤᠭᠤᠴᠠᠭᠠᠨ ᠤ ᠡᠩ ᠤᠨ ᠥᠨᠳᠥᠷ ᠳᠤᠮᠳᠠᠳᠤ ᠶᠢᠨ ᠰᠢᠨ᠎ᠡ ᠬᠢᠴᠢᠶᠡᠯ ᠤᠨ ᠪᠠᠭᠰᠢ ᠶᠢᠨ ᠡᠬᠢ ᠪᠠᠶᠠᠯᠢᠭ ᠤᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ᠂ ᠣᠳᠣᠬᠠᠨ ᠳᠤ ᠥᠨᠳᠥᠷ ᠳᠤᠮᠳᠠᠳᠤ ᠶᠢᠨ ᠨᠢᠭᠡᠳᠦᠭᠡᠷ ᠣᠨ ᠪᠠ ᠥᠨᠳᠥᠷ  ᠳᠤᠮᠳᠠᠳᠤ ᠶᠢᠨ ᠬᠤᠶᠠᠳᠤᠭᠠᠷ ᠣᠨ ᠤ ᠲᠦᠷᠦᠭᠦᠸ ᠰᠤᠷᠤᠯᠭ᠎ᠠ ᠶᠢᠨ ᠬᠤᠭᠤᠴᠠᠭᠠᠨ ᠤ 9 ᠬᠢᠴᠢᠶᠡᠯ ᠲᠥᠷᠥᠯ ᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ ᠡᠬᠢ ᠪᠠᠶᠠᠯᠢᠭ ᠤᠨ ᠲᠤᠭ᠎ᠠ ᠬᠡᠮᠵᠢᠶ᠎ᠡ ᠨᠢ 5000 ᠭᠠᠷᠤᠢ ᠬᠤᠪᠢ ᠪᠠᠶᠢᠵᠤ᠂ ᠪᠦᠭᠦ ᠣᠷᠣᠨ ᠤ ᠡᠩ ᠤᠨ ᠥᠨᠳᠥᠷ ᠳᠤᠮᠳᠠᠳᠤ ᠶᠢᠨ ᠰᠢᠨ᠎ᠡ ᠬᠢᠴᠢᠶᠡᠯ ᠤᠨ ᠵᠢᠭᠠᠨ ᠰᠤᠷᠭᠠᠯᠲᠠ ᠳᠤ ᠯᠠᠪᠯᠠᠯᠲᠠ ᠪᠤᠯᠭᠠᠵᠤ ᠪᠤᠢ︾ ᠭᠡᠵᠦ ᠵᠤᠤ ᠪᠢᠨ ᠬᠡᠯᠡᠪᠡ᠃      ᠲᠦᠩᠯᠢᠶᠣᠣ ᠶᠢᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠪᠠᠭᠰᠢ ᠰᠦᠨ ᠭᠦᠸᠧ ᠨᠠᠨ ᠪᠦᠭᠦ ᠣᠷᠣᠨ ᠤ ᠡᠩ ᠤᠨ ᠥᠨᠳᠥᠷ ᠳᠤᠮᠳᠠᠳᠤ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠡᠬᠢ ᠪᠠᠶᠠᠯᠢᠭ ᠤᠨ ᠪᠠᠶᠢᠭᠤᠯᠤᠯᠲᠠ ᠳᠤ ᠣᠷᠣᠯᠴᠠᠬᠰᠠᠨ ᠪᠠᠶᠢᠨ᠎ᠠ᠃ ᠲᠡᠷᠡ᠄ ︽ᠡᠬᠢ ᠪᠠᠶᠠᠯᠢᠭ ᠤᠨ ᠪᠠᠶᠢᠭᠤᠯᠤᠯᠲᠠ ᠳᠤ ᠣᠷᠣᠯᠴᠠᠬᠰᠠᠨ ᠮᠠᠨᠢ ᠨᠠᠳᠠ ᠳᠤ ᠮᠠᠰᠢ ᠠᠵᠠ ᠲᠠᠢ ᠰᠠᠨᠠᠭᠳᠠᠵᠤ ᠪᠠᠶᠢᠨ᠎ᠠ᠂ ᠪᠢ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠢᠶᠠᠨ ᠰᠢᠨᠡᠴᠢᠯᠡᠵᠦ᠂ ᠢᠯᠠᠩᠭᠤᠶ᠎ᠠ ᠶᠡᠭᠡ ᠨᠢᠭᠡᠴᠢ ᠶᠢᠨ ᠵᠢᠷᠤᠭ ᠲᠥᠯᠥᠪᠯᠡᠭᠡ ᠶᠢᠨ ᠲᠤᠬᠠᠢ ᠭᠦᠨᠵᠡᠭᠡᠢ ᠲᠠᠨᠢᠯᠲᠠ ᠲᠠᠢ ᠪᠣᠯᠪᠠ᠂ ᠶᠡᠭᠡ ᠨᠢᠭᠡᠴᠢ ᠶᠢᠨ ᠲᠥᠯᠥᠪᠯᠡᠭᠡ ᠪᠣᠯ ᠰᠢᠨ᠎ᠡ ᠬᠢᠴᠢᠶᠡᠯ ᠤᠨ ᠪᠠᠷᠢᠮᠵᠢᠶ᠎ᠠ ᠵᠢᠴᠢ ᠰᠢᠨ᠎ᠡ ᠬᠢᠴᠢᠶᠡᠯ ᠤᠨ ᠣᠶᠢᠯᠠᠭᠠᠭᠳᠠᠬᠤᠨ ᠤ ᠦᠢᠯᠡᠳᠦᠯᠭᠡ ᠶᠢᠨ ᠪᠦᠲᠦᠭᠡᠭᠳᠡᠬᠦᠨ ᠮᠥᠨ᠂ ᠪᠠᠰᠠ ᠴᠤ ᠰᠤᠷᠤᠬᠴᠢᠳ ᠢ ᠬᠠᠪᠰᠤᠷᠤᠨ ᠭᠦᠨᠵᠡᠭᠡᠢ ᠰᠤᠷᠤᠯᠴᠠᠭᠤᠯᠬᠤ᠂ ᠬᠢᠴᠢᠶᠡᠯ ᠲᠦᠷᠦᠯ ᠤᠨ ᠭᠤᠣᠯᠯᠠᠭᠴᠢ ᠬᠡᠪ ᠪᠣᠯᠪᠠᠰᠤᠷᠠᠯ ᠢ ᠬᠥᠮᠥᠵᠢᠭᠦᠯᠬᠦ ᠬᠦᠴᠦᠲᠡᠢ ᠭᠠᠷᠳᠠᠴᠠ ᠮᠥᠨ᠃ ᠪᠢ ᠶᠡᠭᠡ ᠨᠢᠭᠡᠴᠢ ᠶᠢᠨ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠤ ᠦᠢᠯᠡᠳᠦᠯᠭᠡ ᠶᠢ ᠭᠦᠨᠵᠡᠭᠡᠶᠢᠷᠡᠭᠦᠯᠵᠦ᠂ ᠰᠤᠷᠤᠬᠴᠢᠳ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠷᠰᠢᠯᠭ᠎ᠠ ᠪᠠᠨ ᠳᠠᠰᠤᠷᠠᠯᠳᠠ ᠦᠭᠡᠢ ᠳ᠋ᠦᠩᠨᠡᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠳᠠᠰᠤᠷᠠᠯᠳᠠ ᠦᠭᠡᠢ ᠳᠡᠭᠡᠭᠰᠢᠯᠡᠬᠦ ᠶᠢ  ᠠᠬᠢᠭᠤᠯᠤᠨ᠎ᠠ︾ ᠭᠡᠵᠦ ᠬᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号