ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/28
     8 ᠰᠠᠷ᠎ᠠ ᠶᠢᠨ 24 ᠠᠴᠠ 25 ᠤ ᠡᠳᠦᠷ ᠪᠤᠯᠲᠠᠯ᠎ᠠ᠂ ᠲᠥᠪ ᠤᠨ ᠤᠬᠠᠭᠤᠯᠬᠤ ᠬᠡᠯᠲᠡᠰ ᠤᠨ ︽ᠨᠠᠮ ᠤᠨ ᠪᠠᠶᠢᠭᠤᠯᠤᠯᠲᠠ︾ ᠰᠡᠳᠬᠦᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠬᠠᠮᠲᠤᠷᠠᠨ ᠡᠷᠭᠢᠯᠡᠭᠰᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠬᠤᠷᠠᠯ ᠭᠦᠭᠡᠬᠤᠲᠠ ᠳᠤ ᠬᠤᠷᠠᠯᠳᠤᠵᠤ᠂ ᠪᠦᠭᠦ ᠤᠯᠤᠰ ᠤᠨ ᠡᠯ᠎ᠡ ᠮᠤᠵᠢ ︵ᠣᠷᠣᠨ᠂ ᠬᠤᠳᠠ︶ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ 130 ᠭᠠᠷᠤᠢ ᠲᠥᠯᠥᠭᠡᠯᠡᠭᠴᠢ ᠨᠢᠭᠡ ᠲᠠᠩᠬᠢᠮ ᠳᠤ ᠴᠤᠭᠯᠠᠷᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠨ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠢᠭᠡᠳᠬᠡᠵᠦ᠂ ᠴᠢᠷᠮᠠᠶᠢᠬᠤ ᠴᠢᠭᠯᠡᠯ ᠢᠶᠠᠨ ᠲᠣᠳᠣᠷᠬᠠᠶᠢᠯᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠪᠠ ᠦᠨᠳᠦᠰᠦᠲᠡᠨ ᠤ ᠰᠡᠷᠭᠦᠨ ᠮᠠᠨᠳᠤᠯᠳᠠ ᠶᠢᠨ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠴᠢᠳᠠᠯ ᠢ ᠨᠢᠭᠲᠠᠷᠠᠭᠤᠯᠪᠠ᠃      ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠠᠷᠺᠰ ᠤᠨ ᠦᠵᠡᠯ ᠤᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ᠂ ᠫᠷᠤᠹᠧᠰᠰᠤᠷ ᠯᠢᠨ ᠵᠢᠶᠠᠨ ᠬᠤᠸᠠ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠭᠤᠴᠢ ᠰᠤᠳᠤᠯᠤᠯ ᠤᠨ ᠰᠤᠳᠤᠯᠭᠠᠨ ᠤ ᠭᠠᠵᠠᠷ ᠤᠨ ᠨᠠᠮ ᠤᠨ ᠬᠤᠷᠢᠶ᠎ᠠ ᠶᠢᠨ ᠭᠡᠰᠢᠭᠦᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠳᠠᠷᠤᠭ᠎ᠠ᠂ ᠬᠤᠶᠠᠳᠤᠭᠠᠷ ᠳᠡᠰ ᠤᠨ ᠰᠤᠳᠤᠯᠤᠭᠴᠢ ᠯᠢᠦ ᠭᠦᠸᠧ ᠰᠢᠶᠠᠩ ᠲᠤᠰ ᠲᠤᠰ ︽ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠰᠢᠨ᠎ᠡ ᠰᠣᠶᠣᠯ ᠤᠨ ᠡᠭᠦᠷᠭᠡ ᠶᠢ ᠡᠭᠦᠷᠭᠡᠯᠡᠶ᠎ᠡ︾᠂ ︽ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠤᠯᠠᠮᠵᠢᠯᠠᠯ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠭᠡ ᠪᠠᠷ ᠪᠠᠳᠠᠷᠠᠭᠤᠯᠤᠶ᠎ᠠ︾ ᠭᠡᠬᠦ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠲᠠᠶᠢᠯᠤᠮᠵᠢ ᠬᠢᠵᠡᠢ᠃ ᠪᠡᠭᠡᠵᠢᠩ᠂ ᠥᠪᠥᠷ ᠮᠣᠩᠭᠤᠯ᠂ ᠵᠢᠶᠠᠩᠰᠤ᠂ ᠱᠠᠨᠳᠦ᠋ᠩ᠂ ᠭᠤᠸᠠᠩᠳᠦ᠋ᠩ ᠠᠴᠠ ᠢᠷᠡᠭᠰᠡᠨ 5 ᠲᠥᠯᠥᠭᠡᠯᠡᠭᠴᠢ ᠰᠠᠨᠠᠯ ᠢᠶᠠᠨ ᠰᠣᠯᠢᠯᠴᠠᠵᠤ ᠦᠭᠡ ᠬᠡᠯᠡᠪᠡ᠃      ᠤᠯᠠᠨ ᠢᠶᠠᠷ ᠢᠶᠠᠨ᠂ ᠲᠤᠰ ᠤᠳᠠᠭ᠎ᠠ ᠶᠢᠨ ᠰᠤᠳᠤᠯᠤᠨ ᠶᠠᠷᠢᠯᠴᠠᠬᠤ ᠬᠤᠷᠠᠯ ᠤᠨ ᠭᠤᠣᠯ ᠰᠡᠳᠦᠪ ᠲᠣᠪᠣᠶᠢᠮ᠎ᠠ᠂ ᠠᠭᠤᠯᠭ᠎ᠠ ᠪᠠᠶᠠᠯᠢᠭ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠪᠣᠯᠣᠨ ᠰᠢᠨ᠎ᠡ ᠴᠠᠭ ᠦᠶ᠎ᠡ ᠶᠢᠨ ᠰᠢᠨ᠎ᠡ ᠰᠣᠶᠣᠯ ᠤᠨ ᠡᠭᠦᠷᠭᠡ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠢ ᠡᠵᠡᠮᠳᠡᠬᠦ ᠳᠤ ᠠᠵᠠ ᠲᠣᠭᠢᠶᠠᠯ ᠬᠠᠩᠭᠠᠭᠰᠠᠨ ᠪᠥᠭᠡᠳ ᠪᠠᠰᠠ ᠬᠠᠷᠢᠯᠴᠠᠨ ᠰᠤᠷᠤᠯᠴᠠᠬᠤ᠂ ᠬᠠᠷᠢᠯᠴᠠᠨ ᠰᠣᠯᠢᠯᠴᠠᠬᠤ᠂ ᠬᠠᠷᠢᠯᠴᠠᠨ ᠲᠣᠯᠢᠳᠠᠬᠤ ᠳᠤ ᠲᠠᠪᠴᠠᠩ ᠬᠠᠩᠭᠠᠵᠠᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠲᠡᠭᠦᠨ ᠢ ᠡᠷᠡᠰ ᠪᠠᠲᠤ ᠬᠦᠰᠡᠯᠡᠩ ᠨᠠᠮᠴᠢ ᠴᠢᠨᠠᠷ ᠢ ᠳᠠᠪᠲᠠᠨ ᠪᠤᠯᠪᠠᠰᠤᠷᠠᠭᠤᠯᠬᠤ ᠪᠠ ᠦᠢᠯᠡᠳᠦᠯᠭᠡ ᠶᠢ ᠵᠢᠯᠤᠭᠤᠳᠬᠤ᠂ ᠠᠵᠢᠯ ᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠢᠯᠡᠳᠬᠡᠵᠡᠭᠡᠪᠡ᠃      ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠭᠦᠭᠡᠬᠤᠲᠠ ᠶᠢᠨ ᠦᠴᠦᠸᠠᠨ ᠰᠢᠶᠠᠨ᠂ ᠥᠪᠥᠷ ᠮᠣᠩᠭᠤᠯ ᠤᠨ ᠮᠦᠽᠧᠢ᠂ ᠢᠯᠢ ᠣᠲᠣ ᠦᠶ᠎ᠡ ᠶᠢᠨ ᠣᠶᠤᠨᠴᠢ ᠡᠷᠡᠭᠦᠯ ᠮᠡᠨᠳᠦ ᠶᠢᠨ ᠬᠥᠨᠳᠡᠢ ᠵᠡᠷᠭᠡ ᠭᠠᠵᠠᠷ ᠲᠤ ᠬᠦᠷᠴᠦ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠣᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠪᠠᠶᠢᠴᠠᠭᠠᠨ ᠰᠤᠳᠤᠯᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号