8 ᠰᠠᠷ᠎ᠠ ᠶᠢᠨ 25 ᠤ ᠡᠳᠦᠷ ᠦᠴᠦᠸᠠᠨ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠲᠣᠪᠴᠢᠶ᠎ᠠ ᠰᠢᠨ᠎ᠡ ᠳᠡᠯᠡᠬᠡᠢ ᠠᠭᠤᠳᠠᠮ ᠲᠠᠯᠠᠪᠠᠶ ᠳᠤ ᠪᠣᠯᠪᠠᠰᠤᠨ ᠪᠤᠰᠤ ᠠᠵᠢᠯᠯᠠᠭ᠎ᠠ ᠶᠢ | ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠮᠠᠨ ᠤ ᠰᠢᠶᠠᠨ ᠤ ᠰᠠᠭᠤᠭᠠᠯᠢ | ᠠᠷᠠᠳ ᠢ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠤᠳᠤ ᠠᠴᠠ ᠡᠬᠢᠯᠡᠨ ᠬᠢᠵᠦ᠂ ᠤᠯᠠᠨ ᠨᠡᠶᠢᠲᠡ ᠶᠢᠨ | ᠲᠥᠬᠦᠭᠡᠷᠦᠮᠵᠢ ᠶᠢ ᠬᠠᠶᠢᠷᠠᠯᠠᠨ ᠬᠠᠮᠠᠭᠠᠯᠠᠵᠤ᠂ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠵᠠᠩ ᠳᠠᠳᠬᠠᠯ ᠲᠠᠢ ᠪᠠᠶᠢᠵᠤ᠂ | ᠪᠣᠯᠪᠠᠰᠤᠨ ᠢᠶᠠᠷ ᠶᠠᠪᠤᠵᠤ ᠰᠠᠭᠤᠬᠤ᠂ ᠪᠣᠯᠪᠠᠰᠤᠨ ᠦᠴᠦᠸᠠᠨ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠤᠷᠢᠶᠠᠯᠠᠵᠤ | ᠪᠠᠶᠢᠨ᠎ᠠ᠃ | | | | | ᠠᠵᠢᠯᠯᠠᠭ᠎ᠠ ᠨᠢ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠳᠡᠪᠲᠡᠷ᠂ ᠤᠬᠠᠭᠤᠯᠭ᠎ᠠ ᠶᠢᠨ ᠤᠭᠤᠲᠠ | ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠪᠣᠯᠪᠠᠰᠤᠨ ᠪᠤᠰᠤ ᠦᠢᠯᠡ | ᠠᠵᠢᠯᠯᠠᠭ᠎ᠠ ᠶᠢᠨ ᠬᠤᠣᠷ ᠬᠥᠨᠥᠭᠡᠯ ᠪᠠ ᠣᠯᠵᠤ ᠮᠡᠳᠡᠬᠦ ᠵᠠᠯᠬᠠᠭᠠᠯ ᠢ ᠤᠬᠠᠭᠤᠯᠤᠨ ᠲᠦᠭᠡᠮᠡᠯᠵᠢᠭᠦᠯᠵᠦ᠂ ᠥᠷᠭᠡᠨ | ᠤᠯᠠᠨ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠥᠪᠡᠷ ᠤᠨ ᠪᠡᠶ᠎ᠡ ᠠᠴᠠ ᠪᠠᠨ ᠡᠬᠢᠯᠡᠨ ᠬᠢᠯᠭᠡᠵᠦ᠂ | ᠢᠳᠡᠪᠬᠢᠲᠡᠢ ᠪᠠᠷ ᠬᠥᠳᠡᠯᠦᠯᠴᠡᠨ ᠪᠣᠯᠪᠠᠰᠤᠨ ᠪᠤᠰᠤ ᠦᠢᠯᠡ ᠠᠵᠢᠯᠯᠠᠭ᠎ᠠ ᠳᠤ ︽ᠦᠭᠡᠢ︾ ᠭᠡᠵᠦ ᠬᠡᠯᠡᠵᠦ᠂ ᠮᠠᠨ ᠤ | ᠰᠢᠶᠠᠨ ᠤ ᠢᠳᠡᠪᠬᠢᠲᠡᠢ ᠪᠠᠷ ᠥᠭᠡᠳᠡᠯᠡᠨ ᠲᠠᠪᠰᠢᠬᠤ᠂ ᠪᠣᠯᠪᠠᠰᠤᠨ ᠡᠶ᠎ᠡ ᠵᠣᠬᠢᠴᠠᠯ ᠲᠠᠢ ᠨᠡᠶᠢᠭᠡᠮ ᠤᠨ ᠬᠡᠪ ᠰᠤᠷᠲᠠᠯ ᠢ | ᠴᠢᠷᠮᠠᠶᠢᠨ ᠪᠤᠢ ᠪᠣᠯᠭᠠᠪᠠ᠃ | | | | | ᠲᠣᠰ ᠤᠳᠠᠭᠠᠨ ᠤ ᠠᠵᠢᠯᠯᠠᠭ᠎ᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠨᠡᠶᠢᠲᠡ 30 ᠭᠠᠷᠤᠢ ᠬᠥᠮᠥᠨ | ᠲᠣᠮᠢᠯᠠᠨ᠂ ᠤᠬᠠᠭᠤᠯᠬᠤ ᠬᠠᠭᠤᠳᠠᠰᠤ 200 ᠭᠠᠷᠤᠢ ᠬᠤᠪᠢ ᠲᠠᠷᠬᠠᠭᠠᠵᠤ᠂ ᠰᠠᠭᠤᠭᠠᠯᠢ ᠠᠷᠠᠳ ᠤᠨ ᠮᠡᠳᠡᠬᠦ | ᠨᠣᠷᠮ᠎ᠠ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ | ᠰᠠᠭᠤᠭᠠᠯᠢ ᠠᠷᠠᠳ ᠤᠨ ᠪᠣᠯᠪᠠᠰᠤᠨ ᠬᠡᠪ ᠴᠢᠨᠠᠷ ᠪᠠ ᠬᠤᠲᠠ ᠶᠢᠨ ᠨᠡᠶᠢᠭᠡᠮ ᠤᠨ ᠪᠣᠯᠪᠠᠰᠤᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠬᠠᠤᠯᠢ ᠬᠡᠷᠡᠭᠵᠢᠭᠦᠯᠬᠦ ᠲᠣᠪᠴᠢᠶ᠎ᠠ ᠲᠣᠰ ᠤᠳᠠᠭᠠᠨ ᠤ | ᠤᠬᠠᠭᠤᠯᠭ᠎ᠠ ᠪᠠᠷ ᠠᠵᠠ ᠲᠣᠬᠢᠶᠠᠯ ᠪᠣᠯᠭᠠᠵᠤ᠂ ᠬᠤᠲᠠ ᠶᠢᠨ ᠬᠠᠮᠢᠶᠠᠷᠤᠯᠲᠠ ᠶᠢᠨ ᠬᠦᠷᠢᠶᠡᠨ ᠠᠴᠠ ᠵᠥᠷᠢᠴᠡᠭᠰᠡᠨ | ᠪᠣᠯᠪᠠᠰᠤᠨ ᠪᠤᠰᠤ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠮᠠᠨ ᠤ | ᠰᠢᠶᠠᠨ ᠤ ᠰᠠᠭᠤᠭᠠᠯᠢ ᠠᠷᠠᠳ ᠲᠤ ︽ᠴᠡᠪᠡᠷ᠂ ᠲᠡᠭᠰᠢ᠂ ᠡᠮᠬᠢ ᠵᠢᠷᠤᠮ ᠲᠠᠢ᠂ ᠪᠣᠬᠢᠷᠲᠤᠯ ᠦᠭᠡᠢ᠂ ᠠᠮᠤᠷ | ᠲᠦᠪᠰᠢᠨ︾ ᠬᠤᠲᠠ ᠶᠢᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |