ᡁᠢ ᠾᠦᠢ ᠲᠠᠯ᠎ᠠ ᠨᠤᠲᠤᠭ ᠰᠢᠨ᠎ᠡ ᠶᠢ ᠡᠭᠦᠳᠬᠦ ᠠᠵᠠ ᠲᠣᠬᠢᠶᠠᠯ    ᠦᠴᠦᠸᠠᠨ ᠰᠢᠶᠠᠨ ᠪᠦᠷᠢᠨ ᠠᠮᠤ ᠪᠤᠳᠠᠭ᠎ᠠ ᠬᠢᠭᠡᠳ ᠣᠶᠤᠨᠴᠢ ᠲᠠᠷᠢᠶᠠᠯᠠᠩ ᠤᠨ ᠠᠵᠤ ᠦᠢᠯᠡᠰ ᠤᠨ ᠲᠦᠷᠦᠭᠦᠴᠦᠳ ᠤᠨ ᠬᠤᠷᠠᠯ ᠵᠢᠴᠢ ᠠᠵᠤ ᠦᠢᠯᠡᠰ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2023/8/29
     ᡁᠢ ᠾᠦᠢ ᠲᠠᠯ᠎ᠠ ᠨᠤᠲᠤᠭ᠂ ᠰᠢᠨ᠎ᠡ ᠶᠢ ᠡᠭᠦᠳᠬᠦ ᠠᠵᠠ ᠲᠣᠬᠢᠶᠠᠯ᠃ 8 ᠰᠠᠷ᠎ᠠ ᠶᠢᠨ 23 ᠤ ᠡᠳᠦᠷ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠥᠬᠡᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ᠂ ᠳᠤᠮᠳᠠᠳᠤ ᠤᠯᠤᠰ ᠤᠨ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠪᠦᠷᠢᠨ ᠠᠮᠤ ᠪᠤᠳᠠᠭᠠᠨ ᠤ ᠬᠤᠪᠢᠶᠠᠷᠢ ᠨᠡᠶᠢᠭᠡᠮᠯᠢᠭ ᠠᠴᠠ ᠭᠤᠣᠯᠯᠠᠨ ᠡᠷᠭᠢᠯᠡᠭᠰᠡᠨ  ᠪᠦᠷᠢᠨ ᠠᠮᠤ ᠪᠤᠳᠠᠭ᠎ᠠ ᠬᠢᠭᠡᠳ ᠣᠶᠤᠨᠲᠤ ᠲᠠᠷᠢᠶᠠᠯᠠᠩ ᠤᠨ ᠠᠵᠤ ᠦᠢᠯᠡᠰ ᠤᠨ ᠲᠦᠷᠦᠭᠦᠴᠦᠳ ᠤᠨ ᠬᠤᠷᠠᠯ ᠵᠢᠴᠢ ᠠᠵᠤ ᠦᠢᠯᠡᠰ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠦᠴᠦᠸᠠᠨ ᠰᠢᠶᠠᠨ ᠳᠤ ᠶᠠᠪᠤᠭᠳᠠᠪᠠ᠃
     ᠲᠦᠷᠦᠭᠦᠴᠦᠳ ᠤᠨ ᠬᠤᠷᠠᠯ ᠳᠡᠭᠡᠷ᠎ᠡ᠂ ᠤᠯᠤᠰ ᠤᠨ ᠨᠣᠬᠠᠢ ᠶᠢᠨ ᠬᠤᠰᠢᠭᠤ ᠰᠠᠭᠠᠭ ᠤᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠤᠨ ᠲᠡᠷᠢᠭᠦᠨ ᠰᠢᠨᠵᠢᠯᠡᠬᠦ ᠤᠬᠠᠭᠠᠨᠲᠠᠨ ᠷᠧᠨ ᠴᠠᠩ ᠵᠥᠩ ︽ᠲᠠᠷᠢᠮᠠᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠬᠡᠷᠡᠭᠵᠢᠭᠦᠯᠦᠨ ᠣᠶᠤᠨᠴᠢ ᠲᠠᠷᠢᠶᠠᠯᠠᠩ ᠢ ᠪᠦᠲᠦᠭᠡᠨ ᠪᠠᠶᠢᠭᠤᠯᠤᠶ᠎ᠠ︾ ᠭᠡᠬᠦ ᠭᠤᠣᠯ ᠰᠡᠳᠦᠪᠲᠦ ᠶᠠᠷᠢᠶ᠎ᠠ ᠲᠠᠯᠪᠢᠪᠠ᠃ ᠲᠡᠷᠡ ᠨᠣᠬᠠᠢ ᠶᠢᠨ ᠬᠤᠰᠢᠭᠤ ᠶᠢᠨ ᠦᠷ᠎ᠡ ᠡᠳ᠋ ᠤᠨ ᠡᠬᠢ ᠪᠠᠶᠠᠯᠢᠭ ᠤᠨ ᠰᠤᠳᠤᠯᠭᠠᠨ᠂ ᠨᠣᠬᠠᠢ ᠶᠢᠨ ᠬᠤᠰᠢᠭᠤ ᠶᠢᠨ ᠡᠭᠦᠯᠳᠡᠷ ᠤᠨ ᠡᠬᠢ ᠰᠤᠷᠪᠤᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠨᠣᠬᠠᠢ ᠶᠢᠨ ᠬᠤᠰᠢᠭᠤ ᠶᠢᠨ ᠡᠭᠦᠯᠳᠡᠷ ᠢ ᠰᠠᠶᠢᠵᠢᠷᠠᠭᠤᠯᠤᠨ ᠰᠢᠨ᠎ᠡ ᠶᠢ ᠡᠭᠦᠳᠬᠦ᠂ ᠡᠭᠦᠯᠳᠡᠷ ᠤᠨ ᠡᠬᠢ ᠰᠤᠷᠪᠤᠯᠵᠢ ᠶᠢᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠵᠡᠷᠭᠡ ᠳᠥᠷᠪᠡᠨ ᠲᠠᠯ᠎ᠠ ᠠᠴᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠨᠣᠬᠠᠢ ᠶᠢᠨ ᠬᠤᠰᠢᠭᠤ ᠶᠢᠨ ᠡᠭᠦᠯᠳᠡᠷ ᠤᠨ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠰᠠᠷᠠᠭᠤᠯ ᠢᠷᠡᠭᠡᠳᠦᠢ ᠶᠢ ᠲᠣᠳᠣᠷᠬᠠᠶᠢᠯᠠᠨ ᠥᠭᠦᠯᠡᠭᠰᠡᠨ ᠪᠠᠶᠢᠨ᠎ᠠ᠃ ᠴᠠᠩ ᠵᠢᠶᠠᠩ ᠡᠷᠳᠡᠮᠲᠡᠨ᠂ ᠣᠯᠠᠨ ᠤᠯᠤᠰ ᠤᠨ ᠢᠳᠡᠭᠡᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠠᠮᠧᠷᠢᠺᠠ ᠶᠢᠨ ᠺᠤᠷᠨᠧᠯ ᠶᠡᠭᠡ ᠰᠤᠷᠭᠠᠭᠤᠯᠢ ᠶᠢᠨ ᠢᠳᠡᠭᠡᠨ ᠤ ᠰᠢᠨᠵᠢᠯᠡᠬᠦ ᠤᠬᠠᠭᠠᠨ ᠤ ᠰᠠᠯᠪᠤᠷᠢ ᠶᠢᠨ ᠫᠷᠤᠹᠧᠰᠰᠤᠷ᠂ ᠺᠤᠷᠨᠧᠯ ᠶᠡᠭᠡ ᠰᠤᠷᠭᠠᠭᠤᠯᠢ ᠶᠢᠨ ︽ᠶᠠᠨ ᠬᠥ᠋ ᠹᠠᠩ ᠲᠤᠷᠰᠢᠯᠲᠠ ᠶᠢᠨ ᠲᠠᠰᠤᠭ︾ ᠤᠨ ᠡᠷᠬᠢᠯᠡᠭᠴᠢ ᠯᠢᠦ ᠷᠦᠢ ᠬᠠᠢ ︽ᠪᠦᠷᠢᠨ ᠠᠮᠤ ᠪᠤᠳᠠᠭ᠎ᠠ ᠬᠢᠭᠡᠳ ᠡᠷᠡᠭᠦᠯ ᠮᠡᠨᠳᠦ︾ ᠭᠡᠬᠦ ᠭᠤᠣᠯ ᠰᠡᠳᠦᠪᠲᠦ ᠶᠠᠷᠢᠶ᠎ᠠ ᠲᠠᠯᠪᠢᠵᠤ᠂ ᠪᠦᠷᠢᠨ ᠠᠮᠤ ᠪᠤᠳᠠᠭᠠᠨ ᠤ ᠢᠳᠡᠭᠡᠨ ᠤ ᠬᠠᠪᠤᠳᠠᠷ ᠢ ᠡᠰᠡᠷᠭᠦᠴᠡᠬᠦ᠂ ᠦᠷᠪᠢᠰᠦᠯ ᠤᠨ ᠡᠪᠡᠳᠴᠢᠨ ᠵᠢᠴᠢ ᠥᠲᠡᠯᠬᠦ ᠵᠡᠷᠭᠡ ᠲᠠᠯ᠎ᠠ ᠳᠤ ᠦᠵᠡᠭᠦᠯᠬᠦ ᠴᠢᠬᠤᠯᠠ ᠦᠢᠯᠡᠳᠦᠯ ᠢ ᠲᠣᠳᠣᠷᠬᠠᠶᠢᠯᠠᠨ ᠥᠭᠦᠯᠡᠭᠰᠡᠨ ᠪᠠᠶᠢᠨ᠎ᠠ᠃ ᠤᠯᠤᠰ ᠤᠨ ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡᠯᠡᠯᠲᠡ ᠶᠢᠨ ᠲᠣᠪᠴᠢᠶᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠲᠡᠷᠢᠭᠦᠨ ᠰᠤᠳᠤᠯᠤᠭᠴᠢ ᠲᠠᠨ ᠪᠢᠨ︽ᠤᠯᠤᠰ ᠤᠨ ᠪᠦᠷᠢᠨ ᠠᠮᠤ ᠪᠤᠳᠠᠭᠠᠨ ᠤ ᠠᠵᠢᠯᠯᠠᠭᠠᠨ ᠤ ᠲᠥᠯᠥᠪᠯᠡᠭᠡ ᠪᠠᠷ ᠡᠷᠡᠭᠦᠯ ᠮᠡᠨᠳᠦ ᠳᠤᠮᠳᠠᠳᠤ ᠤᠯᠤᠰ ᠲᠤ ᠬᠦᠴᠦᠨ ᠨᠡᠮᠡᠷᠢᠯᠡᠶ᠎ᠡ︾ ᠭᠡᠬᠦ ᠭᠤᠣᠯ ᠰᠡᠳᠦᠪᠲᠦ ᠶᠠᠷᠢᠶ᠎ᠠ ᠲᠠᠯᠪᠢᠵᠤ᠂ ᠡᠸᠦᠮᠢᠴᠢ ᠡᠸᠦ᠋ᠷᠦᠫᠡ ᠬᠤᠭᠤᠯᠠᠨ ᠤ ᠬᠠᠷᠢᠭᠤᠴᠠᠯᠭᠠᠲᠠᠨ ︽ᠪᠦᠷᠢᠨ ᠠᠮᠤ ᠪᠤᠳᠠᠭ᠎ᠠ ᠬᠠᠭᠰᠠᠭᠠᠬᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠠᠨᠳᠤᠰᠢ︾ ᠭᠡᠬᠦ ᠭᠤᠣᠯ ᠰᠡᠳᠦᠪᠲᠦ ᠶᠠᠷᠢᠶ᠎ᠠ ᠲᠠᠯᠪᠢᠪᠠ᠃      ᠳᠠᠷᠠᠭ᠎ᠠ ᠪᠠᠷ ᠶᠠᠪᠤᠭᠳᠠᠭᠰᠠᠨ ᠪᠦᠷᠢᠨ ᠠᠮᠤ ᠪᠤᠳᠠᠭ᠎ᠠ ᠶᠢ ᠳᠡᠯᠭᠡᠷᠡᠭᠦᠯᠬᠦ ᠡᠯᠴᠢᠨ ᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠡᠭᠡᠷ᠎ᠡ᠂ ᠪᠦᠷᠢᠨ ᠠᠮᠤ ᠪᠤᠳᠠᠭ᠎ᠠ ᠶᠢ ᠳᠡᠯᠭᠡᠷᠡᠭᠦᠯᠬᠦ ᠲᠦᠷᠦᠭᠦᠦ ᠪᠦᠯᠦᠭ ᠤᠨ ᠡᠯᠴᠢᠨ ᠳᠤ ᠢᠷᠠᠭᠤ ᠠᠯᠳᠠᠷ ᠤᠨ ᠦᠨᠡᠮᠯᠡᠯ ᠣᠯᠭᠤᠪᠠ᠃      ᠳᠠᠷᠠᠭᠠᠴᠢ ᠶᠢᠨ ᠲᠣᠭᠤᠷᠢᠭ ᠰᠢᠷᠡᠭᠡᠨ ᠤ ᠶᠠᠷᠢᠯᠴᠠᠭ᠎ᠠ ᠳᠡᠭᠡᠷ᠎ᠡ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠭᠡᠨ ᠪᠠ ᠡᠮ ᠤᠨ ᠵᠦᠢᠯ ᠤᠨ ᠲᠥᠷᠥ ᠶᠢᠨ ᠪᠣᠳᠣᠯᠭ᠎ᠠ ᠰᠤᠳᠤᠯᠬᠤ ᠲᠥᠪ ᠤᠨ ᠡᠷᠬᠢᠯᠡᠭᠴᠢ ᠵᠠᠩ ᠶᠦᠩ ᠵᠢᠶᠠᠨ᠂ ᠳᠤᠮᠳᠠᠳᠤ ᠤᠯᠤᠰ ᠤᠨ ᠢᠳᠡᠭᠡᠨ ᠢᠰᠬᠡᠬᠦ ᠠᠵᠤ ᠦᠢᠯᠡᠳᠪᠦᠷᠢ ᠶᠢᠨ ᠰᠤᠳᠤᠯᠭᠠᠨ ᠤ ᠬᠦᠷᠢᠶᠡᠯᠡᠩ ᠤᠨ ᠳ᠋ᠤᠸᠠᠨ ᠱᠧᠩ ᠯᠢᠨ᠂ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠰᠢᠮ᠎ᠡ ᠲᠡᠵᠢᠭᠡᠯ ᠪᠣᠯᠣᠨ ᠡᠷᠡᠭᠦᠯ ᠮᠡᠨᠳᠦ ᠶᠢᠨ ᠰᠤᠳᠤᠯᠭᠠᠨ ᠤ ᠭᠠᠵᠠᠷ ᠤᠨ ᠳᠠᠷᠤᠭ᠎ᠠ ᠳ᠋ᠢᠩ ᠭᠠᠩ ᠴᠢᠶᠠᠩ᠂ ᠰᠢᠨᠬᠤᠸᠠ ᠴᠠᠩ ᠭᠧᠩ ᠡᠮᠨᠡᠯᠭᠡ ᠶᠢᠨ ᠬᠤᠷᠢᠶᠠᠨ ᠤ ᠰᠢᠮ᠎ᠡ ᠲᠡᠵᠢᠭᠡᠯ ᠤᠨ ᠰᠠᠯᠠᠭᠠᠨ ᠤ ᠡᠷᠬᠢᠯᠡᠭᠴᠢ ᠶᠠᠩ ᠴᠢᠨ ᠪᠢᠩ᠂ ᠢ ᠰᠢᠨ ᠺᠠᠩ ᠸᠧᠢ ᡁᠢ ᠰᠢᠨᠵᠢᠯᠡᠬᠦ ᠤᠬᠠᠭᠠᠨ ᠮᠡᠷᠭᠡᠵᠢᠯ ︵ᠪᠡᠭᠡᠵᠢᠩ︶ ᠬᠢᠵᠠᠭᠠᠷᠲᠤ ᠺᠣᠮᠫᠠᠨᠢ  ᠶᠢᠨ ᠶᠡᠷᠦᠩᠬᠡᠢ ᠳᠠᠭᠠᠭᠠᠮᠠᠯ ᠱᠢ ᠸᠧᠨ ᠫᠧᠩ᠂ ᠶᠠᠨ ᠬᠥ᠋ ᠹᠠᠩ ᠤᠨ ᠰᠢᠮ᠎ᠡ ᠲᠡᠵᠢᠭᠡᠯ ᠡᠷᠡᠭᠦᠯ ᠮᠡᠨᠳᠦ ᠶᠢᠨ ᠰᠤᠳᠤᠯᠭᠠᠨ ᠤ ᠬᠦᠷᠢᠶᠡᠯᠡᠩ ᠤᠨ ᠪᠠᠶᠢᠩᠭᠤ ᠶᠢᠨ ᠳᠡᠳ᠋ ᠳᠠᠷᠤᠭ᠎ᠠ ᠢᠦᠢ ᡁᠢ ᠴᠢᠤᠸᠠᠨ ᠬᠠᠮᠲᠤ ᠪᠠᠷ ︽ᠪᠦᠷᠢᠨ ᠠᠮᠤ ᠪᠤᠳᠠᠭᠠᠨ ᠤ ᠢᠳᠡᠭᠡᠨ ᠤᠮᠳᠠᠭᠠᠨ ᠪᠣᠯᠣᠨ ᠳᠣᠣᠷ᠎ᠠ GI ᠠᠮᠢᠳᠤᠷᠠᠯ ᠤᠨ ᠠᠷᠭ᠎ᠠ ᠮᠠᠶ᠋ᠢᠭ︾ ᠢ ᠰᠤᠳᠤᠯᠤᠨ ᠶᠠᠷᠢᠯᠴᠠᠪᠠ᠃ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠠᠯᠳᠠᠨ ᠥᠭᠦᠯᠡᠪᠦᠷᠢ ᠵᠠᠯᠭᠠᠭ᠎ᠠ ᠪᠠᠷ ᠭᠠᠷᠴᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃      ᠬᠠᠮᠤᠭ ᠰᠡᠬᠦᠯ ᠳᠤ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠠᠷᠢᠶᠠᠯᠠᠩ ᠤᠨ ᠠᠵᠤ ᠦᠢᠯᠡᠰ ᠤᠨ ᠬᠤᠳᠠᠯᠳᠤᠭᠠᠨ ᠤ ᠡᠪᠯᠡᠯ ᠤᠨ ᠳᠡᠳ᠋ ᠳᠠᠷᠤᠭ᠎ᠠ᠂ ᠶᠠᠨ ᠬᠦ᠋ ᠹᠠᠩ ᠪᠦᠯᠦᠭᠯᠡᠯ ᠤᠨ ᠡᠭᠦᠰᠬᠡᠨ ᠪᠠᠶᠢᠭᠤᠯᠤᠭᠴᠢ᠂ ᠬᠡᠷᠡᠭ ᠮᠡᠳᠡᠭᠴᠢᠳ ᠤᠨ ᠳᠠᠷᠤᠭ᠎ᠠ ᠪᠥᠭᠡᠳ CEO ᠾᠧ ᠵᠢᠶᠦ᠋ᠨ ᠭᠦᠸᠧ ︽ᠪᠦᠷᠢᠨ ᠠᠮᠤ ᠪᠤᠳᠠᠭᠠᠨ ᠤ ᠳᠡᠯᠡᠬᠡᠢ ᠶᠢᠨ ᠵᠢᠷᠤᠭ ᠲᠥᠯᠥᠪᠯᠡᠭᠡ ᠶᠢ ᠵᠢᠷᠤᠭᠯᠠᠶ᠎ᠠ︾ ᠭᠡᠬᠦ ᠭᠤᠣᠯ ᠰᠡᠳᠦᠪᠲᠦ ᠶᠠᠷᠢᠶ᠎ᠠ ᠲᠠᠯᠪᠢᠪᠠ᠃      ᠲᠦᠷᠦᠭᠦᠴᠦᠳ ᠤᠨ ᠬᠤᠷᠠᠯ ᠲᠡᠭᠦᠰᠦᠭᠰᠡᠨ ᠤ ᠳᠠᠷᠠᠭ᠎ᠠ᠂ ᠥᠨᠳᠦᠷᠯᠢᠭ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ︵ᠥᠪᠥᠷ ᠮᠣᠩᠭᠤᠯ︶ ᠤ ᠰᠢᠨ᠎ᠡ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ ᠵᠢᠴᠢ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠤᠨ ᠰᠠᠭᠤᠷᠢᠰᠢᠬᠤ ᠶᠣᠰᠣᠯᠠᠯ ᠪᠠ ᠲᠤᠸ ᠪᠦᠦ ᠲᠢᠶᠠᠨ ᠮᠣᠣ ᠥᠪᠥᠷ ᠮᠣᠩᠭᠤᠯ ᠤᠨ ᠰᠦ ᠶᠤᠸᠠᠨ ᠰᠢᠭᠤᠳ ᠨᠡᠪᠲᠡᠷᠡᠭᠦᠯᠬᠦ ᠪᠠᠶᠠᠷ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号