ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠬᠥᠭᠵᠢᠯᠲᠡ ᠶᠢ ᠰᠦᠪᠡᠭᠴᠢᠯᠡᠨ ᠡᠷᠡᠮᠡᠬᠡᠶᠢᠯᠡᠨ ᠳᠠᠪᠰᠢᠵᠤ ᠰᠢᠨ᠎ᠡ ᠬᠠᠭᠤᠳᠠᠰᠤ ᠶᠢ ᠪᠢᠴᠢᠭᠯᠡᠨ᠎ᠡ -- ᠦᠴᠦᠸᠠᠨ ᠰᠢᠶᠠᠨ ᠤ ︽ᠠᠵᠢᠯᠯᠠᠭᠰᠠᠨ ᠢᠶᠠᠨ ᠠᠳᠠᠯᠢᠳᠬᠠᠵᠤ ᠠᠵᠢᠯ ᠤᠨ ᠪᠦᠲᠦᠮᠵᠢ ᠪᠠᠨ ᠳᠡᠯᠭᠡᠨ ᠦᠵᠡᠭᠦᠯᠬᠦ︾ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠬᠤᠷᠠᠯᠳᠤᠪᠠ ③
ᠨᠡᠶᠢᠲᠡᠯᠡᠭᠰᠡᠨ ᠴᠠᠭ᠄
2023/8/29
     ᠬᠢᠯᠡᠰ ᠴᠡᠭ ᠢᠶᠠᠨ ᠳᠡᠯᠭᠡᠨ ᠦᠵᠡᠭᠦᠯᠵᠦ᠂ ᠠᠵᠢᠯᠯᠠᠭᠰᠠᠨ ᠢᠶᠠᠨ ᠠᠳᠠᠯᠢᠳᠬᠠᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠡᠷᠢᠯᠬᠢᠯᠡᠨ᠎ᠡ᠃ ᠬᠤᠷᠠᠯ ᠢᠶᠠᠷ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠷᠠᠯ ᠢᠶᠠᠷ ᠠᠵᠢᠯᠯᠠᠬᠤ ᠶᠢ ᠠᠬᠢᠭᠤᠯᠵᠤ᠂ ᠬᠤᠷᠠᠯ ᠢᠶᠠᠷ ᠦᠷ᠎ᠡ ᠪᠦᠲᠦᠮᠵᠢ ᠶᠢ ᠠᠬᠢᠭᠤᠯᠤᠨ᠎ᠠ᠃ 8 ᠰᠠᠷ᠎ᠠ ᠶᠢᠨ 26 ᠤ ᠡᠳᠦᠷ᠂ ᠦᠴᠦᠸᠠᠨ ᠰᠢᠶᠠᠨ ᠤ ︽ᠠᠵᠢᠯᠯᠠᠭᠰᠠᠨ ᠢᠶᠠᠨ ᠠᠳᠠᠯᠢᠳᠬᠠᠵᠤ ᠠᠵᠢᠯ ᠤᠨ ᠪᠦᠲᠦᠮᠵᠢ ᠪᠠᠨ ᠳᠡᠯᠭᠡᠨ ᠦᠵᠡᠭᠦᠯᠬᠦ︾ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠨᠢ ᠲᠤᠰ ᠲᠤᠰ ᠬᠠᠷᠠᠭᠤᠯ ᠪᠠᠯᠭᠠᠰᠤ ᠪᠣᠯᠣᠨ ᠬᠤᠭᠤᠯᠠᠢ ᠠᠭᠤᠯᠠ ᠰᠢᠶᠠᠩ ᠳᠤ ᠬᠦᠷᠴᠦ᠂ ᠨᠢᠭᠡ ᠡᠳᠦᠷ ᠢᠶᠠᠷ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠡᠢ᠃
     ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠷᠧᠨ ᠶᠠᠨ ᠰᠢᠶᠠᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠢᠶ᠋ᠧ ᠴᠢᠦᠢ ᠫᠢᠩ ᠵᠡᠷᠭᠡ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠭᠡᠷ ᠲᠡᠭᠡᠨ ᠤᠳᠤᠷᠢᠳᠴᠤ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠ ᠰᠢᠶᠠᠩ ᠪᠠᠯᠭᠠᠰᠤᠨ ᠤ ᠳᠠᠷᠤᠭ᠎ᠠ᠂ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠣᠰ ᠤᠳᠠᠭᠠᠨ ᠤ ᠲᠤᠬᠠᠢ ᠶᠢᠨ ᠲᠠᠯᠠᠪᠤᠷ ᠤᠨ ᠠᠬᠢᠭᠤᠯᠬᠤ ᠬᠤᠷᠠᠯ ᠳᠤ ᠣᠷᠣᠯᠴᠠᠪᠠ᠃      ᠨᠢᠭᠡ ᠡᠳᠦᠷ ᠤᠨ ᠬᠤᠭᠤᠴᠠᠭᠠᠨ ᠳᠤ᠂ ᠲᠣᠭᠤᠷᠢᠨ ᠦᠵᠡᠬᠦ ᠳᠤᠭᠤᠶᠢᠯᠠᠩ ᠤᠨ ᠬᠢᠨ ᠤᠷᠢᠳ ᠬᠤᠵᠢᠳ ᠬᠠᠷᠠᠭᠤᠯ ᠪᠠᠯᠭᠠᠰᠤ ᠪᠣᠯᠣᠨ ᠬᠤᠭᠤᠯᠠᠢ ᠠᠭᠤᠯᠠ ᠰᠢᠶᠠᠩ ᠤᠨ ᠡᠯ᠎ᠡ ᠲᠣᠭᠤᠷᠢᠨ ᠦᠵᠡᠬᠦ ᠭᠠᠵᠠᠷ ᠲᠤ ᠬᠦᠷᠴᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠪᠠ ᠲᠤᠬᠠᠢ ᠶᠢᠨ ᠲᠠᠯᠠᠪᠠᠢ ᠶᠢᠨ ᠰᠣᠯᠢᠯᠴᠠᠭ᠎ᠠ ᠶᠢᠨ ᠠᠷᠭ᠎ᠠ ᠬᠡᠯᠪᠡᠷᠢ ᠪᠠᠷ ᠨᠠᠭᠤᠷ ᠤᠨ ᠰᠢᠯᠢ ᠥᠨᠳᠥᠷ ᠠᠭᠤᠯᠠ ᠨᠤᠭᠤ ᠭᠠᠵᠠᠷ ᠲᠠᠯ᠎ᠠ ᠨᠤᠲᠤᠭ ᠤᠨ ᠵᠤᠭᠠᠴᠠᠯ ᠤᠨ ᠣᠷᠣᠨ᠂ ᠳᠡᠷᠡᠰᠦᠲᠦ ᠶᠢᠨ ᠠᠶᠢᠯ ᠤᠨ ᠪᠤᠬ᠎ᠠ ᠲᠡᠷᠭᠡᠨ ᠤ ᠭᠤᠣᠯ ᠰᠡᠳᠦᠪᠲᠦ ᠪᠢᠴᠢᠯ ᠠᠮᠠᠷᠠᠯᠲᠠ ᠶᠢᠨ ᠲᠦᠷᠦᠯ ᠵᠦᠢᠯ᠂ ᠬᠤᠭᠤᠯᠠᠢ ᠠᠭᠤᠯᠠ ᠰᠢᠶᠠᠩ ᠤᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠲᠥᠪ᠂ ᠬᠤᠭᠤᠯᠠᠢ ᠠᠭᠤᠯᠠ ᠶᠢᠨ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ ᠵᠡᠷᠭᠡ ᠠᠷᠪᠠᠨ ᠲᠦᠷᠪᠡᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃      ᠲᠣᠰ ᠤᠳᠠᠭᠠᠨ ᠤ ᠲᠣᠭᠤᠷᠢᠨ ᠦᠵᠡᠬᠦ ᠲᠥᠷᠥᠯ ᠵᠦᠢᠯ ᠨᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠤᠨ ᠴᠡᠭᠴᠡᠯᠡᠨ ᠵᠠᠰᠠᠯᠲᠠ᠂ ᠨᠠᠮ ᠤᠨ ᠪᠠᠶᠢᠭᠤᠯᠤᠯᠲᠠ ᠶᠢᠨ ᠠᠵᠢᠯ᠂ ᠲᠠᠷᠢᠶᠠᠯᠠᠩ ᠤᠨ ᠦᠢᠯᠡᠳᠪᠦᠷᠢᠯᠡᠯ᠂ ᠣᠨᠴᠠᠯᠢᠭᠲᠤ ᠡᠭᠦᠯᠳᠡᠷ ᠤᠨ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠬᠤᠯᠪᠣᠭᠳᠠᠵᠤ᠂ ᠮᠠᠨ ᠤ ᠰᠢᠶᠠᠨ ᠤ ᠠᠵᠤ ᠦᠢᠯᠡᠰ ᠢ ᠠᠳᠬᠤᠬᠤ᠂ ᠲᠥᠷᠥᠯ ᠵᠦᠢᠯ ᠢ ᠠᠳᠬᠤᠬᠤ ᠢᠳᠡᠪᠬᠢᠲᠡᠢ ᠦᠷ᠎ᠡ ᠪᠦᠲᠦᠮᠵᠢ ᠶᠢ ᠲᠥᠪᠯᠡᠷᠡᠩᠭᠦᠢ ᠬᠠᠷᠠᠭᠤᠯᠤᠭᠰᠠᠨ ᠪᠠᠶᠢᠨ᠎ᠠ᠃ ᠲᠣᠭᠤᠷᠢᠨ ᠦᠵᠡᠬᠦ ᠶᠠᠪᠤᠴᠠ ᠳᠤ᠂ ᠬᠤᠷᠠᠯ ᠳᠤ ᠣᠷᠣᠯᠴᠠᠭᠰᠠᠳ ᠶᠠᠪᠤᠬᠤ ᠶᠢᠨ ᠳᠠᠭᠠᠤ ᠦᠵᠡᠵᠦ᠂ ᠰᠣᠨᠣᠰᠬᠤ ᠶᠢᠨ ᠳᠠᠭᠠᠤ ᠵᠥᠪᠯᠡᠵᠦ᠂ ᠲᠤᠷᠰᠢᠯᠭ᠎ᠠ ᠪᠠᠨ ᠰᠣᠯᠢᠯᠴᠠᠵᠤ᠂ ᠬᠠᠷᠢᠯᠴᠠᠨ ᠲᠣᠯᠢ ᠪᠣᠯᠭᠠᠵᠤ᠂ ᠪᠦᠬᠦ ᠰᠢᠶᠠᠨ ᠤ ᠳᠡᠭᠡᠳᠦ ᠳᠣᠣᠷᠠᠳᠤ ᠱᠠᠲᠤᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠳᠬᠤᠬᠤ ᠢᠲᠡᠭᠡᠯ ᠵᠣᠷᠢᠭ ᠢ ᠤᠯᠠᠮ ᠴᠢᠩᠭᠠᠳᠬᠠᠵᠤ᠂ ᠬᠠᠷᠢᠯᠴᠠᠨ ᠠᠬᠢᠭᠤᠯᠬᠤ᠂ ᠬᠠᠮᠲᠤᠪᠠᠷ ᠲᠠᠪᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃      ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠰᠢᠶᠠᠨ ᠤ ᠤᠳᠤᠷᠢᠳᠤᠯᠭ᠎ᠠ ᠶᠠᠩ ᠰᠢᠩ ᠱᠧᠩ᠂ ᠷᠧᠨ ᠶᠠᠨ ᠰᠢᠶᠠᠩ᠂ ᠶᠠᠩ ᠶᠦᠩ ᠭᠠᠩ ᠲᠤᠰ ᠲᠤᠰ ᠦᠨᠡᠯᠡᠯᠲᠡ ᠬᠢᠵᠡᠢ᠃      ᠦᠨᠡᠯᠡᠯᠲᠡ ᠳᠤ ᠵᠢᠭᠠᠵᠤ ᠭᠠᠷᠭᠠᠭᠰᠠᠨ ᠨᠢ᠂ ᠬᠠᠷᠠᠭᠤᠯ ᠪᠠᠯᠭᠠᠰᠤ᠂ ᠬᠤᠭᠤᠯᠠᠢ ᠠᠭᠤᠯᠠ ᠰᠢᠶᠠᠩ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ ︽ᠬᠤᠶᠠᠷ ᠪᠤᠭᠤᠳᠠᠢ ᠨᠢᠭᠡ ᠲᠥᠮᠥᠰᠥ ᠨᠢᠭᠡ ᠬᠤᠨᠢ︾ ᠶᠢᠨ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰ ᠪᠡᠶ᠎ᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ᠂ ᠲᠦᠷᠭᠡᠨ ᠬᠡᠷᠡᠭᠵᠢᠭᠦᠯᠵᠦ᠂ ᠡᠭᠦᠷᠭᠡ ᠪᠠᠨ ᠡᠭᠦᠷᠭᠡᠯᠡᠨ ᠠᠮᠵᠢᠯᠲᠠ ᠪᠦᠲᠦᠮᠵᠢ ᠭᠠᠷᠭᠠᠵᠤ᠂ ᠠᠵᠤ ᠦᠢᠯᠡᠰ ᠤᠨ ᠬᠥᠭᠵᠢᠯᠲᠡ ᠳᠤ ᠲᠣᠪᠣᠶᠢᠮ᠎ᠠ ᠦᠷ᠎ᠡ ᠪᠦᠲᠦᠮᠵᠢ ᠣᠯᠵᠤ᠂ ᠠᠵᠤ ᠦᠢᠯᠡᠰ ᠤᠨ ᠬᠥᠭᠵᠢᠯᠲᠡ ᠶᠢᠨ ᠶᠠᠪᠤᠴᠠ ᠳᠤ ᠨᠢᠭᠡᠳᠦᠯᠲᠡᠢ ᠲᠥᠯᠥᠪᠯᠡᠨ ᠰᠦᠪᠡᠭᠴᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠡᠯ᠎ᠡ ᠵᠦᠢᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠬᠠᠮᠲᠤ ᠪᠠᠷ ᠲᠦᠯᠬᠢᠨ ᠠᠬᠢᠭᠤᠯᠬᠤ ᠬᠡᠷᠡᠭᠲᠡᠢ᠃      ᠦᠨᠡᠯᠡᠯᠲᠡ ᠳᠤ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤᠨ ᠤ ᠬᠢᠨ ᠲᠣᠭᠤᠷᠢᠨ ᠦᠵᠡᠬᠦ ᠪᠠᠷ ᠳᠠᠮᠵᠢᠭᠤᠯᠤᠨ ᠠᠳᠠᠯᠢᠳᠬᠠᠨ ᠰᠤᠷᠤᠯᠴᠠᠵᠤ ᠭᠦᠢᠴᠡᠨ ᠳᠠᠪᠠᠵᠤ᠂ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠢᠳᠡᠪᠬᠢᠲᠡᠢ ᠪᠠᠷ ᠴᠡᠭᠴᠡᠯᠡᠨ ᠥᠭᠡᠷᠡᠴᠢᠯᠡᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠵᠤ᠂ ᠭᠠᠵᠠᠷ ᠰᠢᠷᠣᠢ ᠶᠢᠨ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠢ᠃ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠭᠦᠢᠴᠡᠳ ᠬᠦᠴᠦ ᠣᠷᠣᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠮᠠᠨ ᠤ ᠰᠢᠶᠠᠨ ᠤ ᠳᠠᠪᠠᠭᠤᠯᠢᠭ ᠡᠬᠢ ᠪᠠᠶᠠᠯᠢᠭ ᠲᠤ ᠰᠠᠭᠤᠷᠢᠯᠠᠵᠤ᠂ ᠡᠬᠢ ᠪᠠᠶᠠᠯᠢᠭ ᠤᠨ ᠳᠠᠪᠠᠭᠤᠯᠢᠭ ᠲᠠᠢ ᠣᠨᠴᠠᠯᠢᠭᠲᠤ ᠠᠵᠤ ᠦᠢᠯᠡᠰ ᠢ ᠶᠡᠬᠡᠪᠡᠷ ᠠᠭᠤᠳᠠᠯᠤᠨ ᠬᠥᠭᠵᠢᠭᠦᠯᠵᠦ᠂ ᠠᠵᠤ ᠦᠢᠯᠡᠰ ᠤᠨ ᠬᠡᠪᠴᠢᠶ᠎ᠡ ᠶᠢ ᠥᠷᠭᠡᠳᠬᠡᠵᠦ᠂ ᠠᠵᠤ ᠦᠢᠯᠡᠰ ᠤᠨ ᠲᠦᠷᠦᠯ ᠵᠦᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃      ᠦᠨᠡᠯᠡᠯᠲᠡ ᠳᠤ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠤᠬᠠᠮᠰᠠᠷ ᠢ ᠪᠠᠲᠤ ᠪᠤᠢ ᠪᠣᠯᠭᠠᠵᠤ᠂ ᠨᠠᠶᠢᠳᠠᠪᠤᠷᠢᠵᠢᠭᠤᠯᠤᠯᠲᠠ ᠶᠢ ᠭᠤᠶᠢᠪᠢᠰᠢ ᠦᠭᠡᠢ ᠰᠠᠶᠢᠲᠤᠷ ᠠᠳᠬᠤᠵᠤ᠂ ᠰᠢᠶᠠᠩ ᠪᠠᠯᠭᠠᠰᠤᠨ ᠤ ᠺᠠᠳ᠋ᠷ ᠤᠨ ᠠᠵᠢᠯ ᠤᠨ ᠲᠦᠪᠰᠢᠨ ᠪᠣᠯᠣᠨ ᠠᠵᠢᠯ ᠤᠨ ᠭᠦᠢᠴᠡᠳᠬᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠦ᠂ ︽ᠠᠵᠢᠯᠯᠠᠬᠤ︾ ᠶᠢ ᠲᠡᠷᠢᠭᠦᠨ ᠳᠤ ᠲᠠᠯᠪᠢᠬᠤ ᠠᠵᠢᠯ ᠤᠨ ᠰᠤᠷᠲᠠᠯ ᠢ ᠪᠤᠢ ᠪᠣᠯᠭᠠᠵᠤ᠂ ᠰᠢᠨ᠎ᠡ ᠶᠢ ᠡᠭᠦᠳᠬᠦ ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯ ᠤᠨ ᠰᠡᠳᠬᠢᠴᠡ ᠪᠠᠨ ᠥᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号