ᠪᠦᠭᠦ ᠣᠷᠣᠨ ᠤ ᠲᠥᠬᠦᠭᠡᠷᠦᠮᠵᠢᠲᠦ ᠮᠠᠯ ᠠᠵᠤ ᠠᠬᠤᠢ ᠲᠠᠷᠢᠶᠠᠯᠠᠩ ᠤᠨ ᠬᠥᠭᠵᠢᠭᠦᠯᠦᠯᠲᠡ ᠳᠤ ᠨᠢᠭᠡᠳᠦᠯᠲᠡᠢ ᠲᠥᠯᠥᠪᠵᠢᠭᠦᠯᠦᠨ ᠠᠰᠢᠭᠯᠠᠭᠰᠠᠨ ᠲᠥᠷᠥᠯ ᠵᠦᠢᠯ ᠤᠨ ᠪᠡᠯᠡ ᠮᠥᠩᠭᠦ 2.5 ᠳ᠋ᠦᠩᠰᠢᠭᠤᠷ ᠲᠥᠭᠦᠷᠢᠭ  ᠲᠤ ᠬᠦᠷᠴᠡᠢ
ᠨᠡᠶᠢᠲᠡᠯᠡᠭᠰᠡᠨ ᠴᠠᠭ᠄
2023/8/29
     ᠪᠦᠭᠦ ᠣᠷᠣᠨ ᠤ ᠮᠠᠯ ᠠᠵᠤ ᠠᠬᠤᠢ ᠲᠠᠷᠢᠶᠠᠯᠠᠩ ᠢ ᠠᠬᠢᠭᠤᠯᠬᠤ ᠲᠤᠰᠬᠠᠢ ᠰᠡᠳᠦᠪᠲᠦ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠪᠦᠭᠦ ᠣᠷᠣᠨ ᠢᠶᠠᠷ ᠢᠶᠠᠨ 2.5 ᠳ᠋ᠦᠩᠰᠢᠭᠤᠷ ᠲᠥᠭᠦᠷᠢᠭ ᠤᠨ ᠬᠠᠮᠢᠶ᠎ᠠ ᠪᠦᠬᠦᠢ ᠲᠥᠷᠥᠯ ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠲᠥᠬᠦᠭᠡᠷᠦᠮᠵᠢᠲᠦ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠳᠤ ᠬᠡᠷᠡᠭᠯᠡᠬᠦ ᠶᠢᠨ ᠬᠠᠮᠲᠤ ᠲᠥᠬᠦᠭᠡᠷᠦᠮᠵᠢᠲᠦ ᠮᠠᠯ ᠠᠵᠤ ᠠᠬᠤᠢ ᠲᠠᠷᠢᠶᠠᠯᠠᠩ ᠤᠨ ᠦᠢᠯᠡᠳᠬᠦᠨ ᠤ ᠥᠷᠲᠡᠭ ᠤᠨ ᠨᠡᠮᠡᠭᠳᠡᠯ ᠢ ᠡᠯ᠎ᠡ ᠬᠤᠰᠢᠭᠤ ᠰᠢᠶᠠᠨ ᠤ ︽ᠲᠠᠪᠤᠨ ᠶᠡᠭᠡ ᠡᠭᠦᠷᠭᠡ︾  ᠶᠢ ᠨᠠᠶᠢᠳᠠᠪᠤᠷᠢᠵᠢᠭᠤᠯᠬᠤ ᠶᠢ ᠬᠢᠨᠠᠨ ᠰᠢᠯᠭᠠᠬᠤ ᠭᠦᠢᠴᠡᠳᠬᠡᠯ ᠲᠤᠭ᠎ᠠ ᠳᠤ ᠵᠢᠭᠰᠠᠭᠠᠨ ᠣᠷᠣᠭᠤᠯᠵᠤ᠂ ᠲᠥᠬᠦᠭᠡᠷᠦᠮᠵᠢᠲᠦ ᠲᠠᠷᠢᠶᠠᠯᠠᠩ ᠢ 20 ᠲᠦᠮᠡᠨ ᠮᠦ ᠰᠢᠨ᠎ᠡ ᠪᠠᠷ ᠨᠡᠮᠡᠭᠳᠡᠭᠦᠯᠬᠦ ᠣᠨ ᠤ ᠬᠠᠷᠠᠯᠲᠠᠲᠤ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠭᠰᠠᠨ ᠪᠠᠶᠢᠨ᠎ᠠ᠃      ᠲᠥᠬᠦᠭᠡᠷᠦᠮᠵᠢᠲᠦ ᠮᠠᠯ ᠠᠵᠤ ᠠᠬᠤᠢ ᠲᠠᠷᠢᠶᠠᠯᠠᠩ ᠪᠣᠯ ᠡᠬᠢ ᠪᠠᠶᠠᠯᠢᠭ ᠤᠨ ᠬᠦᠯᠢᠶᠡᠰᠦᠯᠡᠯ ᠠᠴᠠ ᠵᠠᠶᠢᠯᠠᠰᠬᠢᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠪᠦᠲᠦᠮᠵᠢᠲᠡᠢ ᠠᠷᠭ᠎ᠠ ᠵᠠᠮ ᠪᠠᠶᠢᠵᠤ᠂ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠯᠤᠲᠤ ᠶᠡᠭᠡ ᠣᠷᠣᠨ ᠵᠠᠢ ᠲᠠᠢ ᠶᠤᠮ᠃ ᠪᠦᠭᠦ ᠣᠷᠣᠨ ᠤ ᠡᠯ᠎ᠡ ᠭᠠᠵᠠᠷ ᠤᠨ ᠬᠢᠨ ᠭᠤᠣᠯᠳᠠᠭᠤ ᠮᠠᠯᠵᠢᠬᠤ ᠲᠠᠷᠢᠶᠠᠯᠠᠬᠤ ᠡᠷᠦᠭᠡ᠂ ᠠᠵᠤ ᠠᠬᠤᠶᠢᠯᠠᠯ᠂ ᠲᠤᠰᠬᠠᠢ ᠬᠤᠷᠰᠢᠶ᠎ᠠ ᠭᠤᠷᠪᠠᠨ ᠲᠥᠷᠥᠯ ᠤᠨ ᠭᠤᠣᠯ ᠴᠣᠭᠴᠠ ᠶᠢ ᠳᠡᠮᠵᠢᠵᠦ᠂ ᠰᠢᠨ᠎ᠡ ᠪᠠᠷ ᠪᠦᠲᠦᠭᠡᠨ ᠪᠠᠶᠢᠭᠤᠯᠬᠤ᠂ ᠰᠡᠯᠪᠢᠨ ᠵᠠᠰᠠᠵᠤ ᠥᠭᠡᠷᠡᠴᠢᠯᠡᠬᠦ᠂ ᠳᠡᠰ ᠳᠡᠪᠰᠢᠭᠦᠯᠵᠦ ᠪᠠᠶᠢᠭᠤᠯᠬᠤ 3 ᠵᠦᠢᠯ ᠤᠨ ᠵᠠᠭᠪᠤᠷ ᠢᠶᠠᠷ ᠳᠠᠮᠵᠢᠨ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠥᠬᠦᠭᠡᠷᠦᠮᠵᠢᠲᠦ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢ ᠲᠦᠷᠭᠡᠳᠬᠡᠭᠰᠡᠨ ᠪᠠᠶᠢᠨ᠎ᠠ᠃      - ᠲᠥᠬᠦᠭᠡᠷᠦᠮᠵᠢᠲᠦ ᠲᠠᠷᠢᠮᠠᠯ ᠤᠨ ᠦᠢᠯᠡᠰ ᠲᠤ ᠥᠨᠳᠥᠷ ᠪᠠᠷᠢᠮᠵᠢᠶᠠᠲᠤ ᠨᠠᠷᠠᠨ ᠤ ᠡᠨᠧᠷᠭᠢ ᠶᠢᠨ ᠳᠤᠯᠠᠭᠠᠨ ᠬᠦᠯᠡᠮᠵᠢ ᠪᠠ ᠰᠦᠯᠢᠶᠥᠦ ᠬᠦᠯᠡᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠬᠠᠭᠤᠴᠢᠷᠠᠭᠰᠠᠨ ᠬᠦᠯᠡᠮᠵᠢ ᠶᠢ ᠥᠭᠡᠷᠡᠴᠢᠯᠡᠨ ᠳᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠣᠳᠣᠬᠢᠴᠢᠯᠠᠭᠰᠠᠨ ᠲᠥᠬᠦᠭᠡᠷᠦᠮᠵᠢᠲᠦ ᠴᠢᠬᠢ ᠪᠣᠶᠢᠵᠢᠭᠤᠯᠬᠤ ᠲᠥᠪ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ︽ᠬᠤᠯᠢᠰᠢᠨ ᠢᠳᠡᠭᠡᠨ︾ ᠤ ᠤᠨᠠᠯᠳᠠ ᠶᠢ ᠨᠡᠮᠡᠭᠳᠡᠭᠦᠯᠦᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠴᠢᠩᠭᠠᠳᠬᠠᠬᠤ ᠳᠤ ᠰᠠᠭᠤᠷᠢᠯᠠᠨ᠂ ᠲᠣᠮᠣ ᠳᠤᠮᠳᠠ ᠬᠤᠲᠠ ᠶᠢᠨ ᠲᠥᠬᠦᠭᠡᠷᠦᠮᠵᠢᠲᠦ ᠲᠠᠷᠢᠮᠠᠯ ᠤᠨ ᠪᠠᠷᠢᠮᠵᠢᠶᠠᠵᠢᠭᠤᠯᠤᠭᠰᠠᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃      - ᠲᠥᠬᠦᠭᠡᠷᠦᠮᠵᠢᠲᠦ ᠮᠠᠯ ᠠᠵᠤ ᠠᠬᠤᠢ ᠳᠤ ᠮᠠᠯ ᠲᠡᠵᠢᠭᠡᠪᠦᠷᠢ ᠶᠢᠨ ᠰᠠᠭᠤᠷᠢ ᠲᠥᠬᠦᠭᠡᠷᠦᠮᠵᠢ᠂ ᠲᠡᠵᠢᠭᠡᠯ ᠡᠪᠡᠰᠦ ᠪᠣᠷᠳᠣᠭᠠᠨ ᠤ ᠪᠠᠲᠤᠯᠠᠭ᠎ᠠ ᠶᠢᠨ ᠰᠢᠰᠲ᠋ᠧᠮ᠂ ᠮᠠᠯ ᠵᠢᠭᠦᠷᠲᠡᠨ ᠢ ᠡᠷᠴᠢᠮᠵᠢᠭᠦᠯᠦᠨ ᠥᠨᠳᠥᠷ ᠦᠷ᠎ᠡ ᠠᠰᠢᠭ ᠲᠠᠢ  ᠪᠠᠷ ᠲᠡᠵᠢᠭᠡᠨ ᠦᠷᠡᠵᠢᠭᠦᠯᠬᠦ ᠬᠡᠪ ᠳᠠᠭᠤᠷᠢᠶᠠᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠵᠢᠴᠢ ︽ᠪᠠᠭ᠎ᠠ ᠬᠡᠪᠴᠢᠶᠡᠨ ᠤ ᠬᠠᠮ ᠰᠦᠷᠦᠭ︾ ᠤᠨ ᠥᠨᠳᠥᠷ ᠦᠷ᠎ᠡ ᠠᠰᠢᠭᠲᠤ ᠬᠠᠰᠢᠶᠠᠯᠠᠨ ᠲᠡᠵᠢᠭᠡᠬᠦ ᠠᠷᠭ᠎ᠠ ᠭᠡᠯᠪᠡᠷᠢ ᠶᠢ ᠭᠤᠣᠯᠳᠠᠯᠭ᠎ᠠ ᠲᠠᠢ ᠠᠬᠢᠭᠤᠯᠵᠤ᠂ ᠣᠨᠴᠠᠯᠢᠭᠲᠤ ᠲᠡᠵᠢᠭᠡᠨ ᠦᠷᠡᠵᠢᠭᠦᠯᠬᠦ ᠪᠠ ᠡᠳ᠋ᠰᠢᠭᠦᠯᠬᠦ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠪᠡ᠃      - ᠲᠥᠬᠦᠭᠡᠷᠦᠮᠵᠢᠲᠦ ᠵᠢᠭᠠᠰᠤᠨ ᠤ ᠦᠢᠯᠡᠰ ᠲᠤ ᠨᠠᠭᠤᠷ ᠴᠥᠭᠦᠷᠥᠮ ᠪᠠ ᠦᠢᠯᠡᠳᠪᠦᠷᠢᠵᠢᠭᠰᠡᠨ ᠡᠷᠴᠢᠮᠵᠢᠭᠰᠡᠨ ᠲᠥᠬᠦᠭᠡᠷᠦᠮᠵᠢᠲᠦ ᠵᠢᠭᠠᠰᠤᠨ ᠤ ᠦᠢᠯᠡᠰ ᠤᠨ ᠲᠡᠵᠢᠭᠡᠪᠦᠷᠢ ᠶᠢᠨ ᠲᠠᠯᠠᠪᠠᠢ᠂ ᠬᠤᠵᠢᠷᠯᠢᠭ ᠭᠠᠵᠠᠷ ᠤᠨ ᠲᠥᠬᠦᠭᠡᠷᠦᠮᠵᠢᠲᠦ ᠵᠢᠭᠠᠰᠤᠨ ᠤ ᠦᠢᠯᠡᠰ ᠤᠨ ᠲᠡᠵᠢᠭᠡᠪᠦᠷᠢ ᠶᠢᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠭᠠᠷᠤᠯᠲᠠ ᠶᠢᠨ ᠣᠷᠣᠨ ᠤ ᠰᠢᠨ᠎ᠡ ᠰᠣᠷᠭᠤᠭ ᠪᠠᠶᠢᠯᠭᠠᠬᠤ ᠬᠦᠢᠲᠡᠨ ᠬᠡᠯᠬᠢᠶᠡᠲᠦ ᠡᠳ᠋ ᠪᠠᠷᠠᠭᠠᠨ ᠤ ᠭᠦᠢᠯᠭᠡᠭᠡ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃      ᠡᠭᠦᠨ ᠠᠴᠠ ᠭᠠᠳᠠᠨ᠎ᠠ᠂ ᠲᠥᠬᠦᠭᠡᠷᠦᠮᠵᠢᠲᠦ ᠮᠠᠯ ᠠᠵᠤ ᠠᠬᠤᠢ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ  ᠶᠢ ᠠᠮᠢ ᠠᠬᠤᠢ ᠶᠢᠨ ᠵᠠᠰᠠᠯᠲᠠ᠂ ᠠᠷᠪᠢᠲᠠᠢ ᠤᠰᠤᠯᠠᠯᠲᠠ᠂ ᠨᠤᠲᠤᠭ ᠪᠡᠯᠴᠢᠭᠡᠷ ᠤᠨ ᠬᠠᠮᠠᠭᠠᠯᠠᠯᠲᠠ᠂ ᠬᠠᠲᠤᠨ ᠭᠤᠣᠯ  ᠤᠨ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ᠂ ᠬᠤᠵᠢᠷᠯᠢᠭ ᠭᠠᠵᠠᠷ ᠤᠨ ᠠᠰᠢᠭᠯᠠᠯᠲᠠ᠂ ᠬᠦᠷᠢᠶᠡᠯᠡᠩ ᠲᠣᠭᠤᠷᠢᠭ ᠤᠨ ᠲᠥᠯᠦᠪᠵᠢᠭᠦᠯᠭᠡ᠂ ᠪᠦᠭᠦ ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠤᠯᠲᠠ ᠵᠡᠷᠭᠡ ᠠᠵᠢᠯ ᠲᠠᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠦᠢᠯᠡᠰ ᠤᠨ ᠤᠶᠠᠨ ᠬᠠᠳᠠᠨ ᠴᠢᠨᠠᠷ ᠪᠠ ᠥᠷᠢᠰᠦᠯᠳᠦᠬᠦ ᠬᠦᠴᠦᠨ ᠢ ᠴᠢᠩᠭᠠᠷᠠᠭᠤᠯᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号