ᠮᠠᠨ ᠤ ᠣᠷᠣᠨ ᠳᠤ ᠳᠠᠪᠤᠰᠤ ᠳᠤᠲᠠᠬᠤ ᠦᠭᠡᠢ︕ ᠵᠥᠪᠭᠡᠨ ᠡᠵᠢ ᠨᠠᠭᠤᠷ ᠤᠨ ᠳᠠᠪᠤᠰᠤᠨ ᠤ ᠭᠠᠷᠤᠯᠲᠠ ᠵᠢᠯ ᠪᠦᠷᠢ 15 ᠲᠦᠮᠡᠨ ᠲᠣᠨ ᠢ ᠳᠠᠪᠠᠨ᠎ᠠ
ᠨᠡᠶᠢᠲᠡᠯᠡᠭᠰᠡᠨ ᠴᠠᠭ᠄
2023/8/29
     ᠮᠠᠨ ᠤ ᠤᠯᠤᠰ ᠢᠳᠡᠭᠡᠨ ᠤ ᠳᠠᠪᠤᠰᠤᠨ ᠳᠤ ᠲᠣᠭᠲᠠᠭᠰᠠᠨ ᠴᠡᠭ ᠤᠨ ᠦᠢᠯᠡᠳᠪᠦᠷᠢᠯᠡᠯ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠢᠳᠡᠭᠡᠨ ᠤ ᠳᠠᠪᠤᠰᠤᠨ ᠤ ᠢᠷᠡᠯᠲᠡ ᠳᠤ ᠭᠤᠣᠯᠳᠠᠭᠤ ᠬᠤᠳᠳᠤᠭ ᠤᠨ ᠳᠠᠪᠤᠰᠤ᠂ ᠨᠠᠭᠤᠷ ᠤᠨ ᠳᠠᠪᠤᠰᠤ᠂ ᠳᠠᠯᠠᠶ ᠶᠢᠨ ᠳᠠᠪᠤᠰᠤ ᠶᠢ ᠪᠠᠭᠲᠠᠭᠠᠳᠠᠭ᠃ ᠮᠠᠨ ᠤ ᠣᠷᠣᠨ ᠤ ᠢᠳᠡᠭᠡᠨ ᠤ ᠳᠠᠪᠤᠰᠤᠨ ᠤ ᠵᠠᠬ᠎ᠠ ᠳᠡᠯᠭᠡᠭᠦᠷ  ᠲᠤ ᠵᠣᠩᠬᠢᠯᠠᠬᠤ ᠨᠢ ᠬᠤᠳᠳᠤᠭ ᠤᠨ ᠳᠠᠪᠤᠰᠤ ᠪᠠ ᠨᠠᠭᠤᠷ ᠤᠨ ᠳᠠᠪᠤᠰᠤ ᠪᠠᠶᠢᠵᠤ᠂ ᠶᠠᠫᠤᠨ ᠤ ᠴᠥᠮ᠎ᠡ ᠶᠢᠨ ᠪᠣᠬᠢᠷᠳᠤᠯ ᠲᠠᠢ ᠤᠰᠤ ᠶᠢ ᠲᠡᠯᠡᠶ ᠳᠤ ᠭᠠᠳᠠᠭᠰᠢᠯᠠᠭᠤᠯᠬᠤ ᠨᠥᠯᠥᠭᠡ ᠶᠢ ᠭᠦᠷᠳᠡᠭᠦ ᠦᠭᠡᠢ ᠪᠥᠭᠡᠳ ᠣᠷᠣᠨ ᠤ ᠳᠣᠲᠣᠷᠠᠬᠢ ᠵᠠᠬ᠎ᠠ ᠳᠡᠯᠭᠡᠭᠦᠷ ᠲᠤ ᠭᠠᠷᠭᠠᠭᠰᠠᠨ ᠪᠠ ᠬᠥᠮᠥᠷᠭᠡ ᠳᠤ ᠬᠠᠳᠠᠭᠠᠯᠠᠵᠤ ᠪᠠᠶᠢᠭ᠎ᠠ ᠲᠡᠯᠡᠶ ᠶᠢᠨ ᠳᠠᠪᠤᠰᠤᠨ ᠤ ᠦᠢᠯᠡᠳᠬᠦᠨ ᠨᠢ ᠶᠠᠰᠤ ᠴᠢᠨᠠᠷ ᠤᠨ ᠠᠮᠤᠷ ᠲᠦᠪᠰᠢᠨ ᠤ ᠪᠠᠲᠤᠯᠠᠭ᠎ᠠ ᠲᠠᠢ᠃ ᠣᠳᠣᠬᠠᠨ ᠳᠤ ᠪᠦᠭᠦ ᠣᠷᠣᠨ ᠤ ᠢᠳᠡᠭᠡᠨ ᠤ ᠳᠠᠪᠤᠰᠤᠨ ᠤ ᠪᠠᠶᠢᠩᠭᠤ ᠶᠢᠨ ᠬᠠᠳᠠᠭᠠᠯᠠᠮᠵᠢ ᠶᠢᠨ ᠬᠡᠮᠵᠢᠶ᠎ᠡ 3.75 ᠲᠦᠮᠡᠨ ᠲᠣᠨ ᠪᠠᠶᠢᠵᠤ᠂ ᠨᠥᠭᠡᠴᠡᠯᠡᠬᠦ ᠱᠠᠭᠠᠷᠳᠠᠯᠭ᠎ᠠ ᠶᠢ ᠬᠠᠩᠭᠠᠵᠤ᠂ ᠪᠦᠭᠦ ᠣᠷᠣᠨ ᠤ ᠰᠠᠭᠤᠭᠠᠯᠢ ᠠᠷᠠᠳ ᠤᠨ 5 ᠰᠠᠷ᠎ᠠ ᠭᠠᠷᠤᠢ ᠶᠢᠨ ᠳᠠᠪᠤᠰᠤᠨ ᠤ ᠬᠡᠷᠡᠭᠴᠡᠭᠡ ᠶᠢ ᠬᠠᠩᠭᠠᠵᠤ ᠳᠡᠶᠢᠯᠭᠦ ᠪᠥᠭᠡᠳ ᠬᠥᠮᠥᠷᠭᠡ ᠶᠢᠨ ᠬᠠᠳᠠᠭᠠᠯᠠᠮᠵᠢ ᠶᠢ ᠴᠠᠭ ᠲᠤᠬᠠᠢ ᠳᠤᠨᠢ ᠨᠥᠬᠦᠪᠦᠷᠢᠯᠡᠵᠦ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ᠂ ᠤᠶᠠᠨ ᠬᠠᠲᠠᠨ ᠴᠢᠨᠠᠷ ᠢᠶᠠᠷ ᠴᠢᠩᠭ᠎ᠠ ᠪᠠᠶᠢᠳᠠᠭ᠃      ᠥᠪᠥᠷ ᠮᠣᠩᠭᠤᠯ ᠤᠨ ᠳᠠᠪᠤᠰᠤᠨ ᠤ ᠪᠦᠯᠦᠭᠯᠡᠯ ᠳᠤ ᠬᠠᠷᠢᠶᠠᠯᠠᠭᠳᠠᠬᠤ ᠡᠵᠢ ᠨᠠᠭᠤᠷ ᠤᠨ ᠳᠠᠪᠤᠰᠤᠨ ᠤ ᠦᠢᠯᠡᠳᠪᠦᠷᠢ ᠶᠢᠨ ᠺᠤᠮᠫᠠᠨᠢ ᠪᠣᠯ ᠤᠯᠤᠰ ᠤᠨ AAA ᠲᠠᠰ ᠤᠨ ᠢᠳᠡᠭᠡᠨ ᠤ ᠳᠠᠪᠤᠰᠤᠨ ᠤ ᠲᠣᠭᠲᠠᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠪᠠᠶᠢᠵᠤ᠂ ᠵᠡᠭᠦᠨ ᠦᠵᠦᠮᠦᠴᠢᠨ ᠬᠤᠰᠢᠭᠤᠨ ᠳᠤ ᠪᠠᠶᠢᠷᠢᠯᠠᠵᠤ᠂ ᠳᠣᠲᠣᠭᠠᠳᠤ ᠬᠠᠭᠤᠷᠠᠢ ᠶᠢᠨ ᠲᠠᠯ᠎ᠠ ᠨᠤᠲᠤᠭ ᠲᠤ ᠪᠠᠶᠢᠷᠢᠯᠠᠵᠤ ᠪᠠᠶᠢᠭ᠎ᠠ ᠬᠤᠪᠣᠷ ᠴᠤᠬᠠᠭ ᠳᠠᠪᠤᠰᠤᠨ ᠨᠠᠭᠤᠷ ᠪᠣᠯᠣᠨ᠎ᠠ᠃      ᠳᠠᠪᠤᠰᠤᠨ ᠨᠠᠭᠤᠷ ᠤᠨ ᠶᠡᠷᠦᠩᠬᠡᠢ ᠲᠠᠯᠠᠪᠠᠶ ᠨᠢ 25 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠳᠠᠪᠤᠰᠤᠨ ᠨᠠᠭᠤᠷ ᠲᠠᠢ ᠵᠠᠯᠭᠠᠯᠳᠤᠭᠰᠠᠨ ᠭᠠᠳᠠᠨ᠎ᠠ ᠠᠴᠠ ᠢᠷᠡᠭᠰᠡᠨ ᠭᠤᠣᠯ ᠮᠥᠷᠡᠨ ᠪᠠᠶᠢᠬᠤ ᠦᠭᠡᠢ᠂ ᠪᠠᠶᠢᠭᠠᠯᠢ ᠶᠢᠨ ᠬᠤᠷ᠎ᠠ ᠲᠤᠨᠳᠠᠰᠤ ᠪᠠ ᠭᠠᠵᠠᠷ ᠳᠣᠣᠷ᠎ᠠ ᠠᠴᠠ ᠣᠷᠭᠢᠯᠵᠤ ᠪᠠᠶᠢᠭ᠎ᠠ ᠷᠠᠰᠢᠶᠠᠨ ᠪᠤᠯᠠᠭ ᠲᠤ ᠲᠦᠰᠢᠭᠯᠡᠨ᠂ ᠡᠷᠭᠢᠨ ᠲᠣᠭᠤᠷᠢᠨ ᠤ ᠵᠠᠭᠤᠨ ᠺᠢᠯᠣᠮᠧᠲᠷ ᠤᠨ ᠳᠣᠲᠣᠷ᠎ᠠ ᠪᠤᠰᠤᠳ ᠠᠵᠤ ᠦᠢᠯᠡᠳᠪᠦᠷᠢ ᠶᠢᠨ ᠲᠥᠷᠥᠯ ᠵᠦᠢᠯ ᠪᠠᠶᠢᠬᠤ ᠦᠭᠡᠢ ᠪᠣᠯᠬᠤᠷ ᠲᠡᠭᠦᠨ ᠳᠤ ᠣᠨᠴᠠ ᠪᠠᠶᠢᠳᠠᠭ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠪᠤᠶ ᠪᠤᠯᠭᠠᠵᠤ᠂ ᠪᠠᠶᠢᠭᠠᠯᠢᠯᠢᠭ᠂ ᠪᠣᠬᠢᠷᠳᠤᠯ ᠦᠭᠡᠢ᠂ ᠡᠷᠡᠭᠦᠯ ᠳᠠᠪᠤᠰᠤᠨ ᠤ ᠭᠠᠷᠤᠯᠲᠠ ᠳᠤ ᠥᠪᠡᠷᠮᠢᠴᠡ ᠨᠥᠬᠦᠴᠡᠯ ᠢ ᠪᠦᠷᠢᠯᠳᠦᠭᠦᠯᠵᠦ ᠥᠭᠭᠦᠭᠰᠡᠨ ᠪᠠᠶᠢᠨ᠎ᠠ᠃
     ᠭᠤᠣᠯ ᠪᠤᠯᠬᠤ ᠢᠳᠡᠭᠡᠨ ᠤ ᠳᠠᠪᠤᠰᠤᠨ ᠤ ᠦᠢᠯᠡᠳᠪᠦᠷᠢᠯᠡᠯ ᠤᠨ ᠴᠢᠳᠠᠪᠤᠷᠢ ᠨᠢ ᠵᠢᠯ ᠳᠤ 15 ᠲᠦᠮᠡᠨ ᠲᠣᠨ ᠳᠤ ᠬᠦᠷᠴᠦ᠂ ᠦᠢᠯᠡᠳᠪᠦᠷᠢᠯᠡᠯ ᠤᠨ ᠴᠢᠳᠠᠪᠤᠷᠢ ᠨᠢ ᠲᠣᠭᠲᠠᠭᠤᠨ᠂ ᠢᠷᠡᠯᠲᠡ ᠭᠦᠢᠴᠡᠳ ᠪᠠᠶᠢᠵᠤ᠂ ᠣᠷᠣᠨ ᠤ ᠳᠣᠲᠣᠷᠠᠬᠢ ᠢᠳᠡᠭᠡᠨ ᠤ ᠳᠠᠪᠤᠰᠤᠨ ᠤ ᠬᠡᠷᠡᠭᠴᠡᠭᠡ ᠶᠢ ᠬᠠᠩᠭᠠᠵᠤ ᠳᠡᠶᠢᠯᠭᠦ ᠪᠠᠷ ᠪᠠᠷᠠᠬᠤ ᠦᠭᠡᠢ ᠪᠠᠰᠠ ᠣᠷᠣᠨ ᠤ ᠭᠠᠳᠠᠨᠠᠬᠢ ᠵᠠᠬ᠎ᠠ ᠳᠡᠯᠭᠡᠭᠦᠷ ᠲᠤ ᠬᠠᠩᠭᠠᠬᠤ ᠴᠢᠳᠠᠪᠤᠷᠢ ᠲᠠᠢ ᠶᠤᠮ᠃      ᠡᠵᠢ ᠨᠠᠭᠤᠷ ᠤᠨ ᠨᠠᠭᠤᠷ ᠤᠨ ᠳᠠᠪᠤᠰᠤ ᠨᠢ ᠴᠡᠪᠡᠷ ᠪᠠᠶᠢᠭᠠᠯᠢ ᠶᠢᠨ ᠰᠢᠭᠦᠰᠦᠯᠡᠭᠰᠡᠨ ᠤᠰᠤᠨ ᠤ ᠲᠠᠯᠠᠰᠲᠤ ᠪᠠᠶᠢᠵᠤ᠂ ᠾᠯᠣᠷᠲᠤ ᠨᠠᠲᠷᠢ ᠶᠢᠨ ᠠᠭᠤᠯᠤᠭᠳᠠᠴᠠ ᠪᠠᠷ ᠥᠨᠳᠥᠷ᠂ ᠶᠠᠰᠤ ᠴᠢᠨᠠᠷ ᠨᠢ ᠴᠡᠪᠡᠷ᠂ ᠬᠥᠬᠡ ᠥᠩᠭᠡ ᠲᠠᠢ᠂ ᠠᠮᠲᠠ ᠰᠠᠶᠢᠲᠠᠢ ᠵᠡᠷᠭᠡ ᠣᠨᠴᠠᠯᠢᠭ ᠲᠠᠢ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠢᠳᠡᠭᠡᠨ ᠤ ᠰᠢᠨᠵᠢᠯᠡᠬᠦ ᠤᠬᠠᠭᠠᠨ ᠪᠣᠯᠣᠨ ᠰᠢᠮ᠎ᠡ ᠲᠡᠵᠢᠭᠡᠯ ᠤᠨ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ ᠡᠷᠬᠡ ᠰᠦᠷᠲᠦ ᠰᠢᠯᠭᠠᠨ ᠪᠠᠶᠢᠴᠠᠭᠠᠯᠲᠠ ᠪᠠᠷ ᠳᠠᠮᠵᠢᠨ᠂ ᠡᠵᠢ ᠨᠠᠭᠤᠷ ᠤᠨ ᠳᠠᠪᠤᠰᠤ ᠨᠢ ᠪᠠᠶᠢᠭᠠᠯᠢ ᠶᠢᠨ ᠡᠯᠪᠡᠭ ᠠᠭᠤᠯᠤᠭᠳᠠᠴᠠ ᠲᠠᠢ ᠲᠡᠮᠦᠷ᠂ ᠮᠠᠩᠭᠠᠨ᠂ ᠴᠠᠶᠢᠷ᠂ ᠢᠣᠳ᠋᠂ ᠮᠠᠭᠨᠢ᠂ ᠺᠠᠯᠼ ᠵᠡᠷᠭᠡ ᠬᠥᠮᠥᠨ ᠤ ᠪᠡᠶ᠎ᠡ ᠶᠢᠨ ᠡᠷᠡᠭᠦᠯ ᠮᠡᠨᠳᠦ ᠳᠤ ᠠᠰᠢᠭᠲᠠᠢ ᠤᠯᠠᠨ ᠲᠦᠷᠦᠯ ᠤᠨ ᠪᠢᠴᠢᠯ ᠡᠯᠧᠮᠧᠨ᠋ᠲ ᠠᠭᠤᠯᠵᠤ ᠪᠠᠶᠢᠬᠤ ᠶᠢ ᠲᠣᠳᠣᠯᠠᠵᠤ᠂ ᠡᠨᠡ ᠨᠢ ᠮᠥᠨ ᠴᠦ ᠴᠣᠷ ᠤᠨ ᠭᠠᠭᠴᠠ︽ᠳᠤᠮᠳᠠᠳᠤ ᠤᠯᠤᠰ ᠤᠨ ᠡᠮ ᠤᠨ ᠲᠣᠯᠢ︾ ᠳᠤ ᠣᠷᠣᠭᠤᠯᠤᠭᠰᠠᠨ ᠡᠮ ᠤᠨ ᠦᠨ᠎ᠡ ᠥᠷᠲᠡᠭ ᠲᠠᠢ ᠳᠠᠪᠤᠰᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号