ᠮᠠᠨ ᠤ ᠣᠷᠣᠨ ᠲᠥᠪ ᠤᠨ ᠲᠥᠰᠥᠪ ᠤᠨ ᠪᠡᠯᠡ ᠮᠥᠩᠭᠦ ᠶᠢ ᠡᠷᠡᠮᠡᠯᠵᠡᠨ ᠣᠯᠣᠭᠰᠠᠨ ᠬᠡᠮᠵᠢᠶ᠎ᠡ ᠪᠠᠷ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2023/8/29
     ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ 7 ᠰᠠᠷ᠎ᠠ ᠶᠢᠨ ᠰᠡᠭᠦᠯᠴᠢ ᠪᠤᠯᠳᠠᠯ᠎ᠠ ᠮᠠᠨ ᠤ ᠣᠷᠣᠨ ᠤᠷᠢᠳ ᠬᠤᠵᠢᠳ ᠮᠠᠯ ᠠᠵᠤ ᠠᠬᠤᠢ ᠲᠠᠷᠢᠶᠠᠯᠠᠩ ᠤᠨ ᠬᠦᠷᠢᠶᠡᠨ ᠤ ᠲᠥᠪ ᠤᠨ ᠲᠥᠰᠥᠪ ᠤᠨ ᠳᠣᠲᠣᠷᠠᠬᠢ ᠪᠡᠯᠡ ᠤᠷᠤᠭᠤᠯᠤᠯᠳᠠ ᠶᠢᠨ ᠪᠡᠯᠡ ᠮᠥᠩᠭᠦ ᠶᠢ 24.52 ᠳ᠋ᠦᠩᠰᠢᠭᠤᠷ ᠲᠥᠭᠦᠷᠢᠭ ᠡᠷᠡᠮᠡᠯᠵᠡᠨ ᠨᠠᠶᠢᠳᠠᠪᠤᠷᠢᠵᠢᠭᠤᠯᠵᠤ᠂  ᠨᠢᠳᠤᠨᠤᠨ ᠤ ᠬᠢ ᠠᠴᠠ 10.8 ᠳ᠋ᠦᠩᠰᠢᠭᠤᠷ ᠲᠥᠭᠦᠷᠢᠭ ᠨᠡᠮᠡᠭᠳᠡᠨ᠂ 44% ᠪᠠᠷ ᠨᠡᠮᠡᠭᠳᠡᠵᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠡᠢ᠃      ᠮᠠᠨ ᠤ ᠣᠷᠣᠨ ᠡᠳᠡᠭᠡᠷ ᠪᠡᠯᠡ ᠮᠥᠩᠭᠦ ᠶᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠣᠨ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠭᠠᠵᠠᠷ ᠢ ᠬᠠᠮᠠᠭᠠᠯᠠᠵᠤ ᠪᠦᠲᠦᠭᠡᠨ ᠪᠠᠶᠢᠭᠤᠯᠬᠤ᠂ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠵᠠᠰᠠᠬᠤ᠂ ᠪᠡᠯᠴᠢᠭᠡᠷ ᠤᠨ ᠮᠠᠯ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠵᠢᠴᠢ ᠤᠳᠤ ᠦᠶ᠎ᠡ ᠶᠢᠨ ᠦᠷ᠎ᠡ ᠶᠢᠨ ᠦᠢᠯᠡᠰ ᠢ ᠳᠡᠰ ᠳᠡᠪᠰᠢᠭᠦᠯᠬᠦ ᠢᠨᠵᠧᠨᠧᠷᠢᠩ ᠳᠤ ᠬᠡᠷᠡᠭᠯᠡᠬᠦ ᠪᠣᠯᠣᠨ᠎ᠠ᠃ ᠤᠯᠤᠰ ᠤᠨ ᠳᠡᠮᠵᠢᠯᠭᠡ ᠪᠠᠷ ᠮᠠᠨ ᠤ ᠣᠷᠣᠨ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠭᠠᠵᠠᠷ ᠢ 70 ᠲᠦᠮᠡᠨ ᠮᠦ ᠪᠦᠲᠦᠭᠡᠨ ᠪᠠᠶᠢᠭᠤᠯᠵᠤ᠂ ᠰᠢᠨ᠎ᠡ ᠪᠠᠷ 10 ᠲᠦᠮᠡᠨ ᠮᠦ ᠶᠢᠨ ᠰᠢᠷ᠎ᠠ ᠪᠤᠷᠴᠠᠭ ᠦᠢᠯᠡᠳᠪᠦᠷᠢᠯᠡᠬᠦ ᠰᠠᠭᠤᠷᠢᠨ ᠢ ᠪᠠᠶᠢᠭᠤᠯᠤᠨ᠂ 30 ᠲᠦᠮᠡᠨ ᠮᠦ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠥᠭᠡᠷᠡᠴᠢᠯᠡᠨ ᠳᠡᠰ ᠳᠡᠪᠰᠢᠭᠦᠯᠵᠦ᠂ ᠲᠦᠷᠦᠯ ᠵᠦᠢᠯ ᠤᠨ ᠣᠷᠣᠨ ᠤ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠪᠦᠲᠦᠮᠵᠢᠳᠠᠢ ᠰᠠᠶᠢᠵᠢᠷᠠᠭᠤᠯᠤᠨ᠂  ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠪᠤᠯᠤᠨ᠎ᠠ᠂ ᠭᠤᠣᠯᠳᠠᠯᠭ᠎ᠠ ᠲᠠᠢ ᠲᠦᠷᠦᠯ ᠵᠦᠢᠯ ᠤᠨ ᠣᠷᠣᠨ  ᠳᠤ ᠬᠠᠳᠤᠨ ᠭᠤᠣᠯ ᠤᠨ ᠰᠠᠪᠠ ᠭᠠᠵᠠᠷ ᠤᠨ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠵᠠᠰᠠᠬᠤ ᠵᠢᠱᠢᠶ᠎ᠡ ᠦᠵᠡᠭᠦᠯᠭᠦ ᠣᠷᠣᠨ ᠢ ᠪᠦᠲᠦᠭᠡᠨ ᠪᠠᠶᠢᠭᠤᠯᠵᠤ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠦᠢᠯᠡᠳᠪᠦᠷᠢᠯᠡᠬᠦ ᠴᠢᠳᠠᠪᠤᠷᠢ᠂ ᠪᠡᠯᠴᠢᠭᠡᠷ ᠤᠨ ᠮᠠᠯ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠭᠦ ᠪᠣᠯᠣᠨ᠎ᠠ᠂ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ᠂ ᠰᠢᠨ᠎ᠡ ᠶᠢ ᠡᠭᠦᠳᠦᠨ ᠦᠷ᠎ᠡ ᠪᠣᠶᠢᠵᠢᠭᠤᠯᠬᠤ ᠴᠢᠳᠠᠪᠤᠷᠢ ᠶᠢ ᠴᠤ ᠢᠯᠡᠳᠲᠡ ᠳᠡᠭᠡᠭᠰᠢᠯᠡᠭᠦᠯᠭᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号