ᠮᠠᠨ ᠤ ᠣᠷᠣᠨ ᠳᠤ ᠡᠮ ᠤᠨ ᠵᠦᠢᠯᠡᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠣᠯᠵᠣᠨ ᠶᠠᠷᠢᠯᠴᠠᠬᠤ ᠠᠷᠭ᠎ᠠ ᠲᠠᠢ ᠪᠣᠯᠪᠠ
ᠨᠡᠶᠢᠲᠡᠯᠡᠭᠰᠡᠨ ᠴᠠᠭ᠄
2023/8/29
     ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠡᠶᠢᠲᠡᠯᠡᠭᠰᠡᠨ ︽ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠡᠮ ᠤᠨ ᠵᠦᠢᠯᠡᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠣᠯᠵᠣᠨ ᠶᠠᠷᠢᠯᠴᠠᠬᠤ ᠠᠷᠭ᠎ᠠ︾ ︵ᠳᠣᠣᠷ᠎ᠠ ︽ᠠᠷᠭ᠎ᠠ︾ ᠭᠡᠵᠦ ᠳᠥᠭᠦᠮᠴᠢᠯᠡᠨ᠎ᠡ︶ ᠶᠢ ᠲᠦᠷᠦᠭᠦᠬᠡᠨ ᠵᠢᠩᠬᠢᠨᠢ ᠪᠠᠷ ᠬᠡᠷᠡᠭᠵᠢᠭᠦᠯᠪᠡ᠃      ᠣᠶᠢᠯᠠᠭᠠᠭᠰᠠᠨ ᠢᠶᠠᠷ᠂ ᠲᠣᠰ ︽ᠠᠷᠭ᠎ᠠ︾ ᠨᠢ ᠨᠡᠶᠢᠲᠡ 23 ᠵᠦᠢᠯ ᠲᠠᠢ᠂ ᠡᠮ ᠤᠨ ᠵᠦᠢᠯᠡᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠣᠯᠵᠣᠨ ᠶᠠᠷᠢᠯᠴᠠᠬᠤ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠬᠤᠲᠠ ᠶᠢᠨ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠬᠠᠤᠯᠢ ᠲᠣᠭᠲᠠᠭᠠᠯ ᠠᠴᠠ ᠬᠦᠨᠳᠦ ᠨᠣᠴᠢᠲᠠᠢ ᠵᠥᠷᠢᠴᠡᠭᠰᠡᠨ ᠪᠠᠶᠢᠳᠠᠯ ᠪᠤᠶᠤ ᠠᠮᠤᠷ ᠲᠦᠪᠰᠢᠨ ᠤ ᠭᠡᠮ ᠰᠣᠭᠤᠭ ᠣᠷᠣᠰᠢᠵᠤ ᠪᠠᠶᠢᠭ᠎ᠠ ᠵᠠᠰᠠᠭ ᠵᠠᠬᠢᠷᠭᠠᠨ ᠤ ᠬᠠᠷᠠᠭᠠᠯᠵᠠᠭᠰᠠᠨ ᠬᠥᠮᠥᠨ᠂ ᠬᠤᠯᠪᠣᠭᠳᠠᠯ ᠪᠦᠬᠦᠢ ᠨᠢᠭᠡᠴᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠭᠤᠣᠯ ᠬᠠᠷᠢᠭᠤᠴᠠᠯᠭᠠᠲᠠᠨ ᠲᠠᠢ ᠪᠣᠯᠵᠣᠨ ᠠᠭᠤᠯᠵᠠᠵᠤ᠂ ᠠᠰᠠᠭᠤᠳᠠᠯ ᠢ ᠵᠢᠭᠠᠨ ᠭᠠᠷᠭᠠᠵᠤ᠂ ᠰᠡᠷᠡᠮᠵᠢᠯᠡᠭᠦᠯᠦᠨ ᠰᠠᠨᠠᠭᠤᠯᠬᠤ᠂ ᠲᠣᠳᠣᠷᠬᠠᠢ ᠱᠠᠭᠠᠷᠳᠠᠬᠤ᠂ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠬᠤ ᠵᠡᠷᠭᠡ ᠲᠦᠭᠰᠢᠭᠦᠷᠢ ᠶᠢ ᠡᠵᠡᠮᠳᠡᠬᠦ ᠠᠷᠭ᠎ᠠ ᠬᠡᠮᠵᠢᠶ᠎ᠡ ᠶᠢ ᠵᠢᠭᠠᠵᠤ ᠪᠤᠢ  ᠭᠡᠵᠦ ᠲᠣᠳᠣᠷᠬᠠᠶᠢᠯᠠᠵᠠᠢ᠃      ᠲᠤᠰ ︽ᠠᠷᠭ᠎ᠠ︾ ᠳᠤ ᠲᠣᠰ ᠭᠠᠵᠠᠷ ᠣᠷᠣᠨ ᠳᠤ ᠡᠭᠦᠰᠦᠭᠰᠡᠨ ᠡᠮ ᠤᠨ ᠵᠦᠢᠯᠡᠰ ᠤᠨ ᠠᠮᠤᠷ ᠲᠦᠪᠰᠢᠨ ᠤ ᠬᠦᠨᠳᠦ ᠶᠡᠭᠡ ᠬᠡᠷᠡᠭ ᠵᠡᠷᠭᠡ ᠶᠢᠨ ᠲᠤᠬᠠᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ ᠪᠣᠯᠵᠣᠨ ᠶᠠᠷᠢᠯᠴᠠᠬᠤ 7 ᠵᠦᠢᠯ ᠤᠨ ᠪᠠᠶᠢᠳᠠᠯ᠂ ᠡᠮ ᠤᠨ ᠵᠦᠢᠯᠡᠰ ᠤᠨ ᠠᠮᠤᠷ ᠲᠦᠪᠰᠢᠨ ᠤ ᠰᠢᠰᠲ᠋ᠧᠮᠲᠦ ᠴᠢᠨᠠᠷ᠂ ᠣᠷᠣᠨ ᠪᠦᠰᠡ ᠶᠢᠨ ᠴᠢᠨᠠᠷᠲᠠᠢ ᠲᠦᠭᠰᠢᠭᠦᠷᠢ ᠶᠢ ᠴᠠᠭ ᠲᠤᠬᠠᠢ ᠳᠤᠨᠢ ᠢᠯᠡᠷᠡᠭᠦᠯᠦᠭᠰᠡᠨ ᠦᠭᠡᠢ ᠵᠡᠷᠭᠡ ᠶᠢᠨ ᠲᠤᠬᠠᠢ ᠠᠶᠢᠮᠠᠭ ᠬᠤᠲᠠ ᠶᠢᠨ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ  ᠲᠠᠢ ᠪᠣᠯᠵᠣᠨ ᠶᠠᠷᠢᠯᠴᠠᠬᠤ 9 ᠵᠦᠢᠯ ᠤᠨ ᠪᠠᠶᠢᠳᠠᠯ ᠵᠢᠴᠢ ᠡᠮ ᠤᠨ ᠵᠦᠢᠯᠡᠰ ᠤᠨ ᠠᠮᠤᠷ ᠲᠦᠪᠰᠢᠨ ᠤ ᠬᠡᠷᠡᠭ ᠭᠠᠷᠤᠭᠰᠠᠨ ᠵᠡᠷᠭᠡ ᠶᠢᠨ ᠲᠤᠬᠠᠢ ᠵᠠᠰᠠᠭ ᠵᠠᠬᠢᠷᠭᠠᠨ ᠤ ᠬᠠᠷᠠᠭᠠᠯᠵᠠᠭᠰᠠᠨ ᠬᠥᠮᠥᠨ ᠲᠠᠢ ᠪᠣᠯᠵᠣᠨ ᠶᠠᠷᠢᠯᠴᠠᠬᠤ 11 ᠵᠦᠢᠯ ᠤᠨ ᠪᠠᠶᠢᠳᠠᠯ ᠢ ᠵᠢᠭᠰᠠᠭᠠᠵᠠᠢ᠃ ᠡᠭᠦᠨ ᠤ ᠬᠠᠮᠲᠤ᠂ ᠲᠤᠰ ︽ᠠᠷᠭ᠎ᠠ︾ ᠳᠤ ᠪᠠᠰᠠ᠂ ᠪᠣᠯᠵᠣᠨ ᠶᠠᠷᠢᠯᠴᠠᠭᠰᠠᠨ ᠨᠢᠭᠡᠴᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠣᠰᠣᠭᠠᠷ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠪᠥᠭᠡᠳ ᠴᠡᠭᠴᠡᠯᠡᠨ ᠰᠠᠶᠢᠵᠢᠷᠠᠭᠤᠯᠬᠤ ᠮᠡᠳᠡᠭᠦᠯᠦᠯᠲᠡ ᠪᠠᠨ ᠲᠣᠭᠲᠠᠭᠰᠠᠨ ᠬᠤᠭᠤᠴᠠᠭᠠᠨ ᠳᠣᠲᠣᠷ᠎ᠠ ᠲᠤᠰᠢᠶᠠᠬᠤ ᠬᠡᠷᠡᠭᠲᠡᠢ ᠵᠡᠷᠭᠡ ᠠᠭᠤᠯᠭ᠎ᠠ ᠶᠢ ᠲᠣᠳᠣᠷᠬᠠᠢ ᠲᠣᠭᠲᠠᠭᠠᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号