ᠳᠡᠯᠡᠬᠡᠢ ᠶᠢᠨ ᠬᠠᠮᠤᠭ ᠤᠨ ᠶᠡᠭᠡ ᠴᠡᠪᠡᠷ ᠡᠨᠧᠷᠭᠢ ᠶᠢᠨ ᠬᠤᠩᠭᠢᠯ ᠤᠨ ᠡᠳᠦᠷ ᠲᠤ ᠴᠠᠭᠢᠯᠭᠠᠨ ᠭᠠᠷᠭᠠᠬᠤ ᠬᠡᠮᠵᠢᠶ᠎ᠡ 14 ᠳ᠋ᠦᠩᠰᠢᠭᠤᠷ ᠺᠢᠯᠣᠸᠠᠲ ᠴᠠᠭ ᠲᠤ ᠬᠦᠷᠴᠡᠢ
ᠨᠡᠶᠢᠲᠡᠯᠡᠭᠰᠡᠨ ᠴᠠᠭ᠄
2023/8/29
     ᠳᠤᠮᠳᠠᠳᠤ ᠤᠯᠤᠰ ᠤᠨ ᠭᠤᠷᠪᠠᠨ ᠬᠠᠪᠴᠢᠯ ᠤᠨ ᠪᠦᠯᠦᠭᠯᠡᠯ ᠤᠨ 27 ᠤ ᠡᠳᠦᠷ ᠨᠡᠶᠢᠲᠡᠯᠡᠭᠰᠡᠨ ᠮᠡᠳᠡᠭᠡ ᠠᠴᠠ ᠦᠵᠡᠪᠡᠯ᠂ 8 ᠰᠠᠷ᠎ᠠ ᠶᠢᠨ 25 ᠤ ᠡᠳᠦᠷ᠂ ᠦ᠋ ᠳ᠋ᠦᠩ ᠳ᠋ᠧ᠂ ᠪᠠᠢ ᠾᠧ ᠲᠠᠨ᠂ ᠰᠢ ᠯᠥᠸᠧ ᠳ᠋ᠦ᠋᠂ ᠰᠢᠶᠠᠩ ᠵᠢᠶᠠ ᠪᠠ᠂ ᠭᠤᠷᠪᠠᠨ ᠬᠠᠪᠴᠢᠯ᠂ ᠭᠧ ᠵᠧᠦ ᠪᠠ ᠵᠡᠷᠭᠡ ᠵᠢᠷᠭᠤᠭᠠᠨ ᠴᠠᠭᠢᠯᠭᠠᠨ ᠥᠷᠲᠡᠭᠡ ᠪᠠᠷ ᠪᠦᠷᠢᠯᠳᠦᠭᠰᠡᠨ ᠳᠡᠯᠡᠬᠡᠢ ᠶᠢᠨ ᠬᠠᠮᠤᠭ ᠤᠨ ᠶᠡᠭᠡ ᠴᠡᠪᠡᠷ ᠡᠨᠧᠷᠭᠢ ᠶᠢᠨ ᠬᠤᠩᠭᠢᠯ ᠤᠨ ᠡᠳᠦᠷ ᠲᠤ ᠴᠠᠭᠢᠯᠭᠠᠨ ᠭᠠᠷᠭᠠᠬᠤ ᠬᠡᠮᠵᠢᠶ᠎ᠡ 14.68 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠬᠦᠴᠦᠷᠬᠡᠭ ᠶᠡᠭᠡ ᠪᠣᠬᠢᠷᠳᠤᠯ ᠦᠭᠡᠢ ᠴᠡᠪᠡᠷ ᠴᠠᠭᠢᠯᠭᠠᠨ ᠡᠨᠧᠷᠭᠢ ᠶᠢ ᠡᠯ᠎ᠡ ᠴᠠᠭᠢᠯᠭᠠᠨ ᠬᠦᠯᠢᠶᠡᠬᠦ ᠣᠷᠣᠨ ᠳᠤ ᠬᠦᠷᠭᠡᠵᠦ᠂ ᠮᠠᠨ ᠤ ᠤᠯᠤᠰ ᠤᠨ ᠴᠠᠭᠢᠯᠭᠠᠨ ᠬᠦᠴᠦᠨ ᠤ ᠠᠮᠤᠷ ᠲᠦᠪᠰᠢᠨ ᠬᠠᠩᠭᠠᠯᠭ᠎ᠠ ᠶᠢ ᠪᠠᠲᠤᠯᠠᠬᠤ᠂ ᠡᠨᠧᠷᠭᠢ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃      ᠣᠶᠢᠷ᠎ᠠ ᠳᠤ᠂ ᠬᠥᠬᠡᠮᠥ᠋ᠷᠡᠨ ᠤ ᠳᠡᠭᠡᠳᠦ ᠤᠷᠤᠰᠬᠠᠯ ᠤᠨ ᠰᠠᠪᠠ ᠭᠠᠵᠠᠷ ᠲᠤ ᠰᠢᠷᠦᠭᠦᠨ ᠪᠣᠷᠣᠭᠠᠨ ᠣᠷᠣᠬᠤ ᠶᠢᠨ ᠬᠠᠮᠲᠤ᠂ ᠴᠠᠭᠢᠯᠭᠠᠨ ᠬᠦᠯᠢᠶᠡᠬᠦ ᠣᠷᠣᠨ ᠪᠦᠰᠡ ᠶᠢᠨ ᠴᠠᠭᠢᠯᠭᠠᠨ ᠬᠡᠷᠡᠭᠯᠡᠬᠦ ᠳᠠᠭᠠᠭᠠᠴᠠ ᠮᠥᠨ ᠬᠦ ᠥᠨᠳᠥᠷ ᠲᠦᠪᠰᠢᠨ ᠳᠤ ᠪᠠᠶᠢᠵᠤ᠂ ᠱᠠᠲᠤᠯᠢᠭ ᠴᠠᠭᠢᠯᠭᠠᠨ ᠥᠷᠲᠡᠭᠡ ᠨᠢ ᠦᠶᠡᠷ ᠢ ᠰᠡᠷᠭᠡᠶᠢᠯᠡᠵᠦ ᠬᠠᠩᠭᠠᠯᠭ᠎ᠠ ᠶᠢ ᠪᠠᠲᠤᠯᠠᠬᠤ ᠳᠠᠪᠬᠤᠷ ᠥᠷᠢᠰᠦᠯᠳᠦᠭᠡᠨ ᠢ ᠤᠭᠲᠤᠨ ᠠᠪᠴᠢᠷᠠᠪᠠ᠃ ᠭᠤᠷᠪᠠᠨ ᠬᠠᠪᠴᠢᠯ ᠤᠨ ᠪᠦᠯᠦᠭᠯᠡᠯ ᠤᠨ ᠬᠥᠬᠡᠮᠥ᠋ᠷᠡᠨ ᠤ ᠴᠠᠭᠢᠯᠭᠠᠨ ᠬᠦᠴᠦᠨ ᠤ ᠬᠢᠨ ᠵᠢᠷᠭᠤᠭᠠᠨ ᠰᠠᠭᠤᠷᠢ ᠱᠠᠲᠤᠯᠢᠭ ᠴᠠᠭᠢᠯᠭᠠᠨ ᠦᠷᠲᠡᠭᠡ ᠶᠢ ᠨᠠᠷᠢᠨ ᠬᠢᠨᠠᠮᠠᠭᠠᠢ ᠰᠠᠶᠢᠲᠤᠷ ᠬᠠᠮᠢᠶᠠᠷᠴᠤ᠂ ᠤᠰᠤᠨ ᠠᠰᠢᠭᠯᠠᠯᠲᠠ ᠶᠢᠨ ᠶᠠᠮᠤᠨ ᠤ ᠬᠥᠬᠡᠮᠥ᠋ᠷᠡᠨ ᠤ ᠵᠥᠪᠯᠡᠯ᠂ ᠤᠯᠤᠰ ᠤᠨ ᠴᠠᠭᠢᠯᠭᠠᠨ ᠲᠣᠣᠷ᠂ ᠡᠮᠦᠨᠡᠲᠦ ᠣᠷᠣᠨ ᠤ ᠴᠠᠭᠢᠯᠭᠠᠨ ᠲᠣᠣᠷ ᠵᠡᠷᠭᠡ ᠨᠢᠭᠡᠴᠢ ᠶᠢᠨ ᠬᠤᠯᠪᠣᠭᠳᠠᠯ ᠪᠦᠬᠦᠢ ᠲᠣᠬᠢᠷᠠᠭᠤᠯᠤᠯᠲᠠ ᠶᠢᠨ ᠵᠠᠷᠯᠢᠭ ᠢ ᠴᠢᠩᠭ᠎ᠠ ᠬᠡᠷᠡᠭᠵᠢᠭᠦᠯᠵᠦ᠂ ᠭᠤᠷᠪᠠᠨ ᠬᠠᠪᠴᠢᠯ ᠤᠨ ᠴᠠᠭᠢᠯᠭᠠᠨ ᠦᠷᠲᠡᠭᠡ ᠶᠢᠨ ᠬᠥᠮᠥᠷᠭᠡ ᠠᠴᠠ ᠭᠠᠷᠬᠤ ᠤᠷᠤᠰᠬᠠᠯ ᠤᠨ ᠬᠡᠮᠵᠢᠶ᠎ᠡ ᠶᠢ ᠨᠡᠮᠡᠭᠳᠡᠭᠦᠯᠵᠦ᠂ ᠭᠤᠷᠪᠠᠨ ᠬᠠᠪᠴᠢᠯ ᠤᠨ ᠴᠠᠭᠢᠯᠭᠠᠨ ᠦᠷᠲᠡᠭᠡ ᠶᠢᠨ ᠤᠷᠭᠢᠯ ᠬᠤᠭᠤᠴᠠᠭᠠᠨ ᠳᠤ ᠴᠠᠭᠢᠯᠭᠠᠨ ᠭᠠᠷᠭᠠᠬᠤ ᠴᠢᠳᠠᠪᠤᠷᠢ ᠶᠢ ᠳᠡᠭᠡᠭᠰᠢᠯᠡᠭᠦᠯᠭᠦ ᠶᠢᠨ ᠬᠠᠮᠲᠤ ᠲᠣᠬᠢᠷᠠᠭᠤᠯᠤᠯᠲᠠ ᠬᠢᠵᠦ ᠵᠥᠪᠳᠡᠯᠴᠡᠬᠦ ᠶᠢ ᠤᠯᠠᠮ ᠴᠢᠨᠠᠭᠰᠢᠳᠠ ᠨᠢᠭᠲᠠᠷᠠᠭᠤᠯᠵᠤ᠂ ᠤᠰᠤᠨ ᠵᠦᠢ ᠴᠠᠭ ᠠᠭᠤᠷ ᠤᠨ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ᠂ ᠲᠣᠬᠢᠷᠠᠭᠤᠯᠤᠯᠲᠠ ᠶᠢᠨ ᠲᠥᠰᠥᠯ ᠢ ᠬᠥᠳᠡᠯᠦᠩᠭᠦᠢ ᠪᠠᠷ ᠰᠢᠯᠢᠳᠡᠭᠵᠢᠭᠦᠯᠬᠦ ᠶᠢ ᠰᠠᠶᠢᠲᠤᠷ ᠬᠢᠪᠡ᠃      7 ᠰᠠᠷ᠎ᠠ ᠶᠢᠨ 25 ᠤ ᠡᠳᠦᠷ᠂ ᠵᠢᠷᠭᠤᠭᠠᠨ ᠰᠠᠭᠤᠷᠢ ᠱᠠᠲᠤᠯᠢᠭ ᠴᠠᠭᠢᠯᠭᠠᠨ ᠥᠷᠲᠡᠭᠡ ᠶᠢᠨ ᠡᠳᠦᠷ ᠤᠨ ᠲᠣᠬᠢᠷᠠᠭᠤᠯᠵᠤ ᠴᠠᠭᠢᠯᠭᠠᠨ ᠭᠠᠷᠭᠠᠬᠤ ᠣᠷᠭᠢᠯ ᠬᠡᠮᠵᠢᠶ᠎ᠡ 3300 ᠲᠦᠮᠡᠨ ᠺᠢᠯᠣᠸᠠᠲ ᠢ ᠳᠠᠪᠠᠵᠤ᠂ ᠭᠤᠷᠪᠠᠳᠤᠭᠠᠷ ᠤᠳᠠᠭ᠎ᠠ ᠲᠡᠦᠬᠡ ᠶᠢᠨ ᠲᠡᠮᠳᠡᠭᠯᠡᠯ ᠢ ᠡᠭᠦᠳᠪᠡ; 8 ᠰᠠᠷ᠎ᠠ ᠶᠢᠨ 8 ᠠᠴᠠ 25 ᠤ ᠡᠳᠦᠷ ᠪᠤᠯᠲᠠᠯ᠎ᠠ᠂ ᠱᠠᠲᠤᠯᠢᠭ  ᠴᠠᠭᠢᠯᠭᠠᠨ ᠥᠷᠲᠡᠭᠡ ᠶᠢᠨ ᠵᠠᠯᠭᠠᠭ᠎ᠠ ᠪᠠᠷ 18 ᠡᠳᠦᠷ ᠤᠨ ᠡᠳᠦᠷ ᠲᠤ ᠴᠠᠭᠢᠯᠭᠠᠨ ᠭᠠᠷᠭᠠᠭᠰᠠᠨ ᠬᠡᠮᠵᠢᠶ᠎ᠡ 10 ᠳ᠋ᠦᠩᠰᠢᠭᠤᠷ ᠺᠢᠯᠣᠸᠠᠲ ᠴᠠᠭ ᠢ ᠳᠠᠪᠠᠵᠤ᠂ ᠴᠠᠭᠢᠯᠭᠠᠨ ᠬᠦᠯᠢᠶᠡᠬᠦ ᠣᠷᠣᠨ ᠳᠤ ᠲᠣᠭᠲᠠᠭᠤᠨ ᠪᠥᠭᠡᠳ ᠨᠠᠶᠢᠳᠠᠪᠤᠷᠢᠲᠠᠢ ᠴᠡᠪᠡᠷ ᠴᠠᠭᠢᠯᠭᠠᠨ ᠡᠨᠧᠷᠭᠢ ᠬᠠᠩᠭᠠᠪᠠ᠃      ᠬᠥᠬᠡᠮᠥ᠋ᠷᠡᠨ ᠤ ᠴᠠᠭᠢᠯᠭᠠᠨ ᠬᠦᠴᠦᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠬᠥᠬᠡᠮᠥ᠋ᠷᠡᠨ ᠤ ᠴᠠᠭᠢᠯᠭᠠᠨ ᠬᠦᠴᠦᠨ ᠤ ᠬᠢᠨ ᠣᠶᠢᠷ᠎ᠠ ᠶᠢᠨ ᠬᠤᠭᠤᠴᠠᠭᠠᠨ ᠤ ᠬᠥᠬᠡᠮᠥ᠋ᠷᠡᠨ ᠤ ᠰᠠᠪᠠ ᠭᠠᠵᠠᠷ ᠲᠤ ᠰᠢᠷᠦᠭᠦᠨ ᠪᠣᠷᠣᠭᠠᠨ ᠣᠷᠣᠬᠤ ᠶᠠᠪᠤᠴᠠ ᠪᠣᠯᠣᠨ ᠴᠠᠭᠢᠯᠭᠠᠨ ᠬᠦᠯᠢᠶᠡᠬᠦ ᠣᠷᠣᠨ ᠪᠦᠰᠡ ᠶᠢᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠬᠥᠬᠡᠮᠥ᠋ᠷᠡᠨ ᠤ ᠰᠠᠪᠠ ᠭᠠᠵᠠᠷ ᠤᠨ ᠤᠰᠤ ᠪᠣᠷᠣᠭᠠᠨ ᠤ ᠪᠠᠶᠢᠳᠠᠯ ᠢ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠥᠬᠡᠮᠥ᠋ᠷᠡᠨ ᠤ ᠦᠶᠡᠷ ᠢ ᠰᠡᠷᠭᠡᠶᠢᠯᠡᠬᠦ ᠪᠠᠲᠤᠯᠠᠭ᠎ᠠ ᠬᠠᠩᠭᠠᠵᠤ᠂ ᠨᠡᠶᠢᠭᠡᠮ ᠳᠤ ᠠᠷᠢᠭᠤᠨ ᠴᠡᠪᠡᠷ ᠡᠨᠧᠷᠭᠢ ᠬᠠᠩᠭᠠᠨ᠎ᠠ ᠭᠡᠵᠦ ᠢᠯᠡᠳᠬᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号